ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ | ᠲᠠᠭᠯᠠᠬᠤ ᠬᠠᠮᠢᠶ᠎ᠠ ᠪᠦᠬᠦᠢ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠣᠯᠪᠠᠰᠤᠷᠠᠭᠤᠯᠤᠯ ᠤᠨ | ᠠᠵᠢᠯᠯᠠᠭ᠎ᠠ ᠶᠢ ᠳᠦᠷᠢᠮᠵᠢᠭᠦᠯᠵᠦ᠂ ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠮᠡᠳᠡᠭᠳᠡᠯ | ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ | ᠡᠷᠡᠮᠡᠯᠵᠡᠯ ᠲᠠᠭᠯᠠᠬᠤ ᠳᠤ ᠵᠥᠪᠯᠡᠯᠭᠡ ᠥᠭᠬᠦ ᠪᠣᠯᠪᠠᠰᠤᠷᠠᠭᠤᠯᠤᠯ ᠤᠨ ᠠᠵᠢᠯᠯᠠᠭ᠎ᠠ ᠵᠢᠴᠢ ᠲᠠᠶᠢᠯᠤᠮᠵᠢ ᠬᠢᠬᠦ ᠳᠤ ᠬᠢᠨᠠᠨ | ᠵᠥᠪᠰᠢᠶᠡᠷᠡᠭᠦᠯᠵᠦ ᠳᠠᠩᠰᠠᠯᠠᠭᠤᠯᠬᠤ ᠲᠥᠷᠢᠮ ᠢ ᠬᠡᠷᠡᠭᠵᠢᠭᠦᠯᠬᠦ ᠶᠢ ᠲᠣᠳᠣᠷᠬᠠᠶᠢᠯᠠᠵᠠᠢ᠃ | ᠱᠠᠭᠠᠷᠳᠠᠯᠭ᠎ᠠ ᠪᠠᠷ ᠪᠣᠯ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠪᠠ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠣᠯ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ᠂ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯ | ᠪᠣᠯᠪᠠᠰᠤᠷᠠᠭᠤᠯᠬᠤ ᠪᠠ ᠵᠢᠯᠤᠭᠤᠳᠬᠤ ᠭᠤᠣᠯ ᠴᠣᠭᠴᠠ ᠪᠣᠯᠬᠤ ᠲᠤᠯᠠ ᠡᠨᠡ ᠭᠤᠷᠪᠠᠨ ᠨᠢᠭᠡᠴᠡ ᠠᠴᠠ ᠰᠦᠯᠵᠢᠶᠡᠨ | ᠳᠡᠭᠡᠷ᠎ᠡ ᠡᠷᠡᠮᠡᠯᠵᠡᠯ ᠲᠠᠭᠯᠠᠬᠤ ᠬᠠᠮᠢᠶ᠎ᠠ ᠪᠦᠬᠦᠢ ᠵᠥᠪᠯᠡᠯᠭᠡ ᠬᠢᠬᠦ᠂ ᠪᠣᠯᠪᠠᠰᠤᠷᠠᠭᠤᠯᠤᠯ ᠬᠢᠬᠦ ᠵᠢᠴᠢ ᠲᠠᠶᠢᠯᠤᠮᠵᠢ | ᠡᠷᠬᠢᠯᠡᠬᠦ ᠳᠤ ᠬᠢᠨᠠᠨ ᠵᠥᠪᠰᠢᠶᠡᠷᠡᠭᠦᠯᠬᠦ ᠴᠢᠬᠤᠯᠠ ᠦᠭᠡᠢ᠂ ᠭᠡᠪᠡᠴᠦ ᠬᠠᠷᠢᠶ᠎ᠠ ᠪᠦᠬᠦᠢ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠡᠭᠡᠳᠦ ᠱᠠᠲᠤᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠶ᠃ ᠪᠤᠰᠤᠳ ᠨᠢᠭᠡᠴᠡ᠂ | ᠨᠡᠶᠢᠭᠡᠮ ᠤᠨ ᠪᠦᠯᠬᠦᠮ᠂ ᠰᠤᠷᠭᠠᠭᠤᠯᠢ ᠡᠷᠭᠢᠯᠡᠬᠦ ᠪᠠᠶᠢᠭᠤᠯᠤᠮᠵᠢ ᠪᠤᠶᠤ ᠬᠤᠪᠢ ᠬᠥᠮᠦᠨ ᠬᠡᠷᠪᠡ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠬᠠᠮᠢᠶ᠎ᠠ ᠪᠦᠬᠦᠢ | ᠵᠥᠪᠯᠡᠯᠭᠡ ᠥᠭᠬᠦ᠂ ᠪᠣᠯᠪᠠᠰᠤᠷᠠᠭᠤᠯᠤᠯ ᠬᠢᠬᠦ ᠵᠢᠴᠢ ᠲᠠᠶᠢᠯᠤᠮᠵᠢ ᠡᠷᠬᠢᠯᠡᠬᠦ ᠳᠤ ᠨᠢᠭᠡ ᠤᠳᠠᠭᠠᠨ ᠤ ᠠᠵᠢᠯᠯᠠᠭ᠎ᠠ ᠨᠢ | 50 ᠬᠥᠮᠥᠨ ᠠᠴᠠ ᠬᠡᠲᠦᠷᠡᠪᠡᠯ ᠡᠷᠬᠡᠪᠰᠢ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠭᠤᠶᠤᠴᠢᠯᠠᠬᠤ ᠬᠡᠷᠡᠭᠲᠡᠶ᠂ ᠭᠤᠶᠤᠴᠢᠯᠠᠬᠤ ᠳᠠᠭᠠᠨ ᠪᠣᠯᠪᠠᠰᠤᠷᠠᠭᠤᠯᠬᠤ ᠵᠣᠷᠢᠯᠭ᠎ᠠ᠂ ᠴᠠᠭ ᠂ | ᠭᠠᠵᠠᠷ ᠣᠷᠣᠨ᠂ ᠪᠣᠯᠪᠠᠰᠤᠷᠠᠭᠤᠯᠤᠯ ᠬᠦᠷᠲᠡᠭᠰᠡᠳ᠂ ᠠᠭᠤᠯᠭ᠎ᠠ᠂ ᠪᠣᠯᠪᠠᠰᠤᠷᠠᠭᠤᠯᠬᠤ ᠬᠥᠮᠥᠨ ᠤ ᠲᠤᠭ᠎ᠠ ᠪᠠ | ᠵᠢᠱᠢᠭᠰᠡᠨ ᠦᠷ᠎ᠡ ᠪᠦᠲᠦᠮᠵᠢ ᠪᠠᠨ ᠡᠷᠬᠡᠪᠰᠢ ᠦᠨᠡᠨ ᠮᠥᠨ ᠢᠶᠠᠷ ᠨᠢ ᠮᠡᠳᠡᠭᠦᠯᠵᠦ᠂ ᠵᠥᠪᠰᠢᠶᠡᠷᠡᠭᠦᠯᠵᠦ | ᠳᠠᠩᠰᠠᠯᠠᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠡᠷᠬᠢᠯᠡᠵᠦ ᠪᠣᠯᠣᠨ᠎ᠠ᠃ ᠲᠤᠬᠠᠶ ᠶᠢᠨ ᠭᠠᠵᠠᠷ ᠤᠨ ᠠᠵᠤ | ᠦᠢᠯᠡᠳᠪᠦᠷᠢ ᠬᠤᠳᠠᠯᠳᠤᠭ᠎ᠠ ᠪᠣᠶᠣ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠢ ᠬᠠᠪᠰᠤᠷᠴᠤ ᠬᠢᠨᠠᠵᠤ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠡᠭᠦᠨ ᠤ ᠬᠠᠮᠲᠤ᠂ ᠡᠯ᠎ᠡ ᠭᠠᠵᠠᠷ ᠤᠳ ᠬᠡᠷᠪᠡ ᠢᠨᠲ᠋ᠧᠷ ᠰᠦᠯᠵᠢᠶ᠎ᠡ᠂ ᠸᠢᠴᠠᠲ᠂ ᠪᠢᠴᠢᠯ ᠪᠯᠤᠬ ᠵᠡᠷᠭᠡ ᠰᠢᠨ᠎ᠡ | ᠵᠠᠭᠤᠴᠢᠯᠠᠭᠤᠷ ᠳᠡᠭᠡᠷ᠎ᠡ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ | ᠡᠷᠡᠮᠡᠯᠵᠡᠯ ᠲᠠᠭᠯᠠᠬᠤ ᠬᠠᠮᠢᠶ᠎ᠠ ᠪᠦᠬᠦᠢ ᠠᠭᠤᠯᠭ᠎ᠠ ᠨᠡᠶᠢᠲᠡᠯᠡᠬᠦ ᠳᠡᠭᠡᠨ ᠪᠣᠯᠪᠠᠰᠤᠷᠠᠭᠤᠯᠤᠯ ᠬᠢᠬᠦ ᠵᠢᠴᠢ ᠲᠠᠶᠢᠯᠤᠮᠵᠢ | ᠡᠷᠬᠢᠯᠡᠬᠦ ᠳᠡᠰ ᠳᠠᠷᠠᠭᠠᠯᠠᠯ ᠶᠣᠰᠣᠭᠠᠷ ᠵᠥᠪᠰᠢᠶᠡᠷᠡᠭᠦᠯᠦᠨ ᠳᠠᠩᠰᠠᠯᠠᠭᠤᠯᠬᠤ ᠭᠠᠷᠲᠠᠮ ᠭᠦᠢᠴᠡᠳᠬᠡᠵᠦ᠂ | ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠵᠢᠯ ᠢ ᠵᠥᠪ ᠢᠶᠠᠷ ᠬᠥᠲᠥᠯᠥᠨ ᠵᠢᠯᠣᠭᠤᠳᠬᠤ | ᠶᠢ ᠦᠨᠡᠨ ᠬᠦ ᠪᠠᠲᠤᠯᠠᠵᠤ᠂ ᠦᠨᠡᠨ ᠮᠥᠨ ᠢ ᠬᠤᠳᠬᠤᠯᠳᠤᠭᠤᠯᠬᠤ ᠰᠢᠯᠭᠠᠭᠤᠯᠤᠭᠰᠠᠳ ᠵᠢᠴᠢ ᠭᠡᠷ ᠤᠨ ᠠᠬᠠᠮᠠᠳ ᠢ | ᠪᠤᠷᠤᠭᠤ ᠵᠦᠭ ᠬᠥᠲᠥᠯᠬᠦ ᠠᠴᠠ ᠰᠡᠷᠭᠡᠶᠢᠯᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠪᠣᠯᠪᠠᠰᠤᠷᠠᠭᠤᠯᠤᠯ ᠬᠢᠬᠦ ᠪᠣᠶᠣ | ᠰᠦᠯᠵᠢᠶᠡᠨ ᠳᠡᠭᠡᠷ᠎ᠡ ᠮᠡᠳᠡᠭᠡ ᠵᠠᠩᠭᠢ ᠨᠡᠶᠢᠲᠡᠯᠡᠬᠦ ᠵᠡᠷᠭᠡ ᠵᠥᠪᠰᠢᠶᠡᠷᠡᠯ ᠣᠯᠣᠭᠰᠠᠳ ᠴᠥᠮ ᠨᠡᠶᠢᠲᠡ ᠶᠢᠨ | ᠠᠰᠠᠷᠠᠮᠵᠢ ᠶᠢᠨ ᠴᠢᠨᠠᠷ ᠢ ᠳᠣᠪᠣᠶᠢᠯᠭᠠᠬᠤ ᠬᠡᠷᠡᠭᠲᠡᠢ᠂ ᠰᠢᠯᠭᠠᠭᠤᠯᠤᠭᠰᠠᠳ ᠪᠣᠯᠤᠨ ᠬᠡᠷ ᠤᠨ ᠠᠬᠠᠮᠠᠳ ᠠᠴᠠ ᠶᠠᠮᠠᠷ | ᠴᠤ ᠰᠦᠢᠳᠬᠡᠯ ᠬᠤᠷᠢᠶᠠᠵᠤ ᠪᠣᠯᠬᠤ ᠥᠭᠡᠢ ᠪᠦᠭᠡᠳ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠬᠠᠮᠢᠶ᠎ᠠ ᠪᠦᠬᠦᠢ | ᠨᠣᠮ ᠪᠢᠴᠢᠭ᠂ ᠮᠠᠲ᠋ᠧᠷᠢᠶᠠᠯ ᠵᠡᠷᠭᠡ ᠶᠢ ᠬᠤᠳᠠᠯᠳᠤᠵᠤ ᠪᠣᠯᠬᠤ ᠦᠭᠡᠢ᠃ ᠲᠦᠷᠦ ᠶᠢᠨ ᠪᠠᠶᠢᠭᠤᠯᠤᠮᠵᠢ ᠶᠢᠨ ᠤᠯᠠᠨ | ᠨᠡᠶᠢᠲᠡ ᠶᠢᠨ ᠲᠠᠯᠠᠪᠤᠷ ᠢ ᠬᠤᠪᠢ ᠬᠥᠮᠥᠨ ᠤ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠡᠷᠡᠭᠯᠡᠭᠦᠯᠵᠦ ᠪᠣᠯᠬᠤ | ᠦᠭᠡᠢ᠃ |