6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠲᠤᠮᠤ ᠳ᠋ᠠᠶᠢᠲ᠋ᠠ ᠶᠢᠨ | ᠲᠣᠪᠴᠢᠶ᠎ᠠ ᠠᠶᠢᠮᠠᠭ ᠤᠨ ᠰᠢᠭᠤᠳ ᠬᠠᠷᠢᠶ᠎ᠠ 25 ᠰᠠᠯᠠᠭ᠎ᠠ ᠮᠥᠴᠢᠷ ᠬᠢᠭᠡᠳ 13 ᠬᠤᠰᠢᠭᠤ ᠰᠢᠶᠠᠨ ︵ᠬᠤᠲᠠ᠂ | ᠲᠣᠭᠤᠷᠢᠭ︶ ᠳᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ | 606 ᠬᠡᠷᠡᠭᠯᠡᠭᠡᠨ ᠤ ᠳᠠᠩᠰᠠᠨ ᠨᠣᠮᠧᠷ ᠢ ᠲᠠᠷᠬᠠᠭᠠᠵᠤ ᠠᠶᠢᠮᠠᠭ ᠬᠤᠰᠢᠭᠤ ᠬᠤᠶᠠᠷ ᠱᠠᠲᠤᠨ ᠤ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠲᠤ ᠲᠠᠪᠴᠠᠩ ᠪᠠᠶᠢᠷᠢᠯᠠᠭᠤᠯᠬᠤ ᠶᠢ ᠦᠨᠳᠦᠰᠦᠨ ᠳᠡᠭᠡᠨ | ᠪᠡᠶᠡᠯᠡᠭᠦᠯᠵᠡᠢ᠃ ᠠᠶᠢᠮᠠᠭ ᠤᠨ ᠰᠢᠭᠤᠳ ᠬᠠᠷᠢᠶ᠎ᠠ 25 ᠰᠠᠯᠠᠭ᠎ᠠ ᠮᠥᠴᠢᠷ ᠨᠢᠭᠡᠴᠡ᠂ 159 ᠵᠣᠷᠪᠤᠰ ᠭᠠᠷᠴᠠᠭ ᠤᠨ | ᠨᠠᠷᠢᠨ ᠬᠠᠭᠤᠳᠠᠰᠤ᠂ 310 ᠵᠤᠷᠪᠤᠰ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ ᠰᠢᠩᠭᠡᠭᠡᠨ ᠣᠷᠣᠭᠤᠯᠬᠤ | ᠠᠵᠢᠯ ᠢ ᠡᠮᠬᠢᠯᠡᠵᠦ ᠳᠠᠭᠤᠰᠪᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠭᠠᠷᠴᠠᠭ ᠤᠨ ᠨᠠᠷᠢᠨ | ᠬᠠᠭᠤᠳᠠᠰᠤ ᠪᠣᠯᠣᠨ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ ᠰᠢᠩᠭᠡᠭᠡᠨ ᠣᠷᠣᠭᠤᠯᠬᠤ ᠠᠵᠢᠯ ᠢ ᠶᠠᠭ ᠬᠢᠵᠦ | ᠪᠠᠶᠢᠨ᠎ᠠ᠃ ᠲᠡᠷᠠᠭ᠎ᠠ ᠠᠯᠬᠤᠮ ᠳᠤ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠶᠢᠮᠠᠭ ᠤᠨ | ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤᠴᠢᠷ | ᠶᠠᠪᠤᠳᠠᠯ ᠢ ᠣᠷᠣᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠲᠦᠷᠭᠡᠪᠴᠢᠯᠡᠨ ᠠᠬᠢᠭᠤᠯᠬᠤ ᠪᠣᠯᠣᠨ᠎ᠠ᠃ 6 | ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠰᠢᠯᠢ ᠶᠢᠨ ᠭᠤᠣᠯ ᠠᠶᠢᠮᠠᠭ ᠢ ᠪᠦᠷᠬᠦᠭᠰᠡᠨ ᠪᠦᠭᠦᠯᠢ ᠴᠣᠭᠴᠠ ᠪᠠᠷ | ᠬᠤᠯᠪᠣᠭᠠᠯᠠᠨ ᠬᠥᠳᠡᠯᠦᠯᠴᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠠᠶᠢᠮᠠᠭ ᠤᠨ ᠱᠠᠲᠤ ᠪᠠᠷ ᠨᠢᠭᠡᠳᠦᠯᠲᠡᠶ | ᠲᠦᠯᠦᠪᠯᠡᠭᠰᠡᠨ᠂ ︽ᠨᠢᠭᠡ ᠯᠡ ᠰᠦᠯᠵᠢᠶ᠎ᠡ︾ ᠪᠠᠷ ᠨᠡᠶᠢᠳᠡᠮ ᠭᠦᠢᠴᠡᠳᠬᠡᠬᠦ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠭᠠᠷᠭᠠᠵᠤ ᠲᠤᠷᠰᠢᠨ ᠠᠵᠢᠯᠯᠠᠭᠤᠯᠵᠤ᠂ ︽ᠨᠢᠭᠡ | ᠯᠡ ᠡᠭᠦᠳᠡ ᠪᠠᠷ ᠭᠦᠢᠴᠡᠳᠬᠡᠵᠦ᠂ ᠤᠯᠠᠨ ᠳᠠᠬᠢᠨ ᠭᠦᠶᠦᠯᠭᠡᠬᠦ ᠦᠭᠡᠢ ᠪᠠᠶᠢᠬᠤ︾ ᠬᠠᠷᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠪᠣᠯᠣᠨ᠎ᠠ᠃ | | |