ᠯᠢ ᠵᠢᠢ ᠾᠧᠩ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠤᠨ ᠦᠪᠦᠷ ᠮᠤᠩᠭᠤᠯ ᠤᠨ ᠵᠤᠬᠢᠴᠠᠭᠤᠯᠵᠦ ᠬᠠᠷᠢᠯᠴᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/6/21
     6 ᠳ᠋ᠤᠭᠠᠷ ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠤᠨ ᠦᠪᠦᠷ ᠮᠤᠩᠭᠤᠯ ᠤᠨ ᠵᠤᠬᠢᠴᠠᠭᠤᠯᠵᠦ ᠬᠠᠷᠢᠯᠴᠠᠬᠤ ᠠᠵᠢᠯ ᠤᠨ ᠤᠳᠤᠷᠢᠳᠬᠤ ᠲᠤᠭᠤᠢᠢᠯᠠᠩ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠵᠤᠬᠢᠴᠠᠭᠤᠯᠵᠦ ᠬᠠᠷᠢᠯᠴᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢ ᠵᠢᠢ ᠾᠧᠩ ᠬᠤᠷᠠᠯ ᠲᠡᠭᠡᠷ᠎ᠠ ᠴᠢᠬᠤᠯᠠᠴᠢᠯᠠᠭᠰᠠᠨ ᠨᠢ᠂ ᠨᠢᠭᠡ ᠯᠡ ᠠᠮᠢᠰᠬᠤᠭ᠎ᠠ ᠪᠠᠷ ᠬᠢᠵᠤ᠂ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠠᠵᠢᠯ ᠢ ᠨᠡᠩ ᠢᠳᠡᠪᠬᠢᠳᠡᠢ ᠰᠠᠨᠠᠭᠠᠴᠢᠯᠠᠭ᠎ᠠ ᠠᠴᠠ ᠪᠠᠨ ᠲᠡᠮᠵᠢᠵᠦ ᠵᠤᠬᠢᠴᠠᠭᠤᠯᠬᠤ ᠪᠠ ᠲᠡᠭᠦᠨ ᠳᠤ ᠦᠢᠯᠡᠴᠢᠯᠡᠬᠦ ᠶᠢ ᠪᠠᠳᠤᠯᠠᠨ᠂ ᠨᠡᠩ ᠡᠷᠴᠢᠮᠲᠠᠢ ᠦᠷ᠎ᠠ ᠪᠦᠳᠦᠮᠵᠢᠳᠡᠢ ᠪᠠᠷ ᠤᠷᠴᠢᠨ ᠲᠤᠭᠤᠷᠢᠨ ᠤ ᠬᠠᠮᠠᠭᠠᠯᠠᠯᠳᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ᠂ ᠬᠦᠨᠵᠡᠭᠡᠢ᠂ ᠪᠤᠳᠠᠳᠠᠢ ᠬᠢᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠰᠢᠨ᠎ᠠ ᠢᠯᠠᠯᠳᠠ ᠶᠢ ᠲᠠᠰᠤᠷᠠᠯᠲᠠ ᠦᠭᠡᠢ ᠲᠡᠮᠡᠴᠡᠨ ᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠵᠤᠬᠢᠴᠠᠭᠤᠯᠵᠤ ᠬᠠᠷᠢᠯᠴᠠᠬᠤ ᠠᠵᠢᠯ ᠤᠨ ᠤᠳᠤᠷᠢᠳᠬᠤ ᠲᠤᠭᠤᠢᠢᠯᠠᠩ  ᠤᠨ ᠲᠡᠳ᠋ ᠲᠠᠷᠤᠭ᠎ᠠ ᠯᠦᠸᠧ ᠶᠦᠩ ᠭᠠᠩ᠂ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠵᠠᠢ᠃      ᠯᠢ ᠵᠢᠢ ᠾᠧᠩ ᠵᠢᠭᠠᠭᠰᠠᠨ ᠨᠢ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠮᠠᠨ ᠤ ᠤᠷᠤᠨ ᠳᠤ ᠢᠷᠡᠵᠤ ︽ᠡᠷᠬᠢᠨ ᠬᠠᠷᠠᠬᠤ︾ ᠠᠵᠢᠯ ᠦᠷᠨᠢᠭᠦᠯᠵᠦ ᠪᠠᠶᠢᠭ᠎ᠠ ᠨᠢ ᠮᠠᠨ ᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ︽ᠪᠦᠬᠦ ᠲᠠᠯ᠎ᠠ ᠶᠢᠨ ᠲᠠᠬᠢᠨ ᠪᠠᠶᠢᠴᠠᠭᠠᠯᠳᠠ︾ ᠪᠠ ︽ᠪᠠᠰᠠ ᠨᠢᠭᠡ ᠤᠳᠠᠭ᠎ᠠ ᠶᠢᠨ ᠤᠨᠤᠰᠢᠯᠠᠯᠳᠠ︾ ᠪᠤᠯᠬᠤ ᠪᠦᠭᠡᠳ ᠨᠡᠩ ᠴᠤ ᠪᠢᠳᠡᠨ ᠤ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠳᠤ ᠬᠦᠴᠦᠳᠠᠢ ᠬᠠᠪᠰᠤᠷᠤᠯᠭ᠎ᠠ ᠪᠤᠯᠤᠨ ᠲᠦᠢᠯ ᠤᠨ ᠶᠡᠭᠡ ᠠᠬᠢᠭᠤᠯᠤᠯ ᠪᠣᠯᠬᠤ ᠶᠤᠮ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠲᠤᠬᠠᠢ ᠦᠵᠡᠯ ᠰᠠᠨᠠᠭ᠎ᠠ ᠪᠤᠯᠤᠨ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠴᠢᠬᠤᠯᠠ ᠶᠡᠭᠡ ᠬᠦᠭᠵᠢᠯᠳᠡ ᠶᠢᠨ ᠠᠰᠠᠭᠤᠳᠠᠯ ᠪᠤᠯᠭᠠᠵᠤ᠂ ᠨᠡᠩ ᠡᠷᠡᠰ ᠪᠠᠳᠤ ᠤᠪᠤᠷ᠂ ᠨᠡᠩ ᠲᠦᠷᠭᠡᠨ ᠠᠵᠢᠯᠯᠠᠭ᠎ᠠ᠂ ᠨᠡᠩ ᠡᠷᠴᠢᠮ ᠲᠠᠢ ᠠᠷᠭ᠎ᠠ ᠬᠢᠳᠡᠯ ᠢᠶᠠᠷ ᠴᠡᠭᠴᠡᠯᠡᠨ ᠰᠠᠶᠢᠵᠢᠷᠠᠭᠤᠯᠵᠦ ᠨᠡᠶᠢᠳᠡᠪᠦᠷᠢᠵᠢᠭᠤᠯᠬᠤ ᠠᠵᠢᠯ ᠢ ᠰᠠᠶᠢᠳᠤᠷ ᠠᠳᠬᠤᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠳᠠᠨ ᠴᠢᠷᠮᠠᠶᠢᠨ ᠴᠡᠭᠴᠡᠯᠡᠨ ᠰᠠᠶᠢᠵᠢᠷᠠᠭᠤᠯᠬᠤ ᠶᠢ ᠪᠡᠶᠡᠴᠢᠯᠡᠨ ᠠᠬᠢᠭᠤᠯᠵᠤ᠂ ᠡᠮᠦᠨ᠎ᠠ ᠹᠷᠤᠨᠲ ᠲᠤ ᠬᠦᠨᠵᠡᠭᠡᠶᠢᠷᠡᠨ ᠠᠰᠠᠭᠤᠳᠠᠯ ᠢ ᠰᠢᠢᠳᠪᠦᠷᠢᠯᠡᠵᠤ᠂ ᠪᠤᠳᠠᠳᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠡᠷᠭᠡ ᠰᠦᠷ ᠪᠤᠯᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠎ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠠᠵᠢᠯ ᠦᠷᠨᠢᠭᠦᠯᠭᠦ ᠳᠤ ᠢᠳᠡᠪᠬᠢᠳᠡᠢ ᠬᠠᠮᠵᠢᠯᠴᠠᠨ ᠪᠦᠬᠦ ᠬᠦᠴᠦᠨ ᠢᠶᠠᠷ ᠢᠶᠠᠨ ᠲᠡᠮᠵᠢᠵᠤ᠂ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠨ ᠬᠥᠢᠴᠡᠳᠬᠡᠬᠦᠯᠬᠦ ᠠᠰᠠᠭᠤᠳᠠᠯ ᠢ ᠵᠠᠪᠠᠯ ᠲᠠᠷᠤᠢ ᠲᠦᠷᠭᠡᠨ ᠪᠠᠶᠢᠴᠠᠭᠠᠵᠤ᠂ ᠲᠠᠷᠤᠢ ᠲᠦᠷᠭᠡᠨ ᠰᠢᠢᠳᠪᠦᠷᠢᠯᠡᠨ᠂ ᠲᠠᠷᠤᠢ ᠲᠦᠷᠭᠡᠨ ᠬᠠᠷᠢᠭᠤ ᠲᠤᠰᠬᠠᠵᠤ᠂ ᠠᠰᠠᠭᠤᠳᠠᠯ ᠢ ᠲᠤᠳᠤᠷᠬᠠᠢ ᠪᠠᠶᠢᠴᠠᠭᠠᠬᠤ ᠦᠭᠡᠢ ᠪᠠᠷ ᠦᠡᠭᠭᠡᠷᠡᠭᠦᠯᠬᠦ ᠦᠭᠡᠢ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤ ᠬᠦᠷᠭᠦ ᠦᠭᠡᠢ ᠪᠤᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠦᠭᠡᠢ ᠪᠤᠯ ᠲᠠᠯᠪᠢᠬᠤ ᠦᠭᠡᠢ᠂ ᠤᠯᠠᠨ ᠲᠦᠮᠡᠨ ᠲᠠᠭᠠᠰᠢᠶᠠᠬᠤ ᠦᠭᠡᠢ ᠪᠤᠯ ᠲᠠᠯᠪᠢᠬᠤ ᠦᠭᠡᠢ ᠴᠢᠩᠭ᠎ᠠ ᠠᠳᠬᠤᠬᠤ ᠬᠡᠷᠡᠭᠳᠡᠢ᠃ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠠᠷᠢᠭᠤᠴᠠᠯᠭ᠎ᠠ ᠶᠢ ᠴᠢᠩᠭ᠎ᠠ ᠲᠤᠯᠭᠠᠵᠤ᠂ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ ᠨᠢ ᠦᠨᠡᠨ ᠮᠠᠭᠠᠳ ᠪᠠᠶᠢᠬᠤ ᠬᠠᠷᠢᠭᠤᠴᠠᠯᠭᠠᠳᠠᠨ ᠢ ᠬᠠᠤᠯᠢ ᠲᠤᠬᠳᠠᠭᠠᠯ ᠶᠤᠰᠤᠭᠠᠷ ᠪᠠᠶᠢᠴᠠᠭᠠᠨ ᠰᠢᠢᠳᠪᠦᠷᠢᠯᠡᠵᠤ᠂ ᠰᠢᠮᠳᠠᠭᠤᠯᠤᠨ ᠪᠠᠶᠢᠴᠠᠭᠠᠬᠤ ᠶᠢᠨ ᠲᠠᠭᠠᠤ ᠴᠡᠭᠴᠡᠯᠡᠨ ᠰᠠᠶᠢᠵᠢᠷᠠᠭᠤᠯᠬᠤ ᠲᠤᠮᠳᠠ ᠬᠠᠷᠢᠭᠤᠴᠠᠯᠭ᠎ᠠ ᠡᠭᠦᠷᠬᠡᠯᠡᠬᠦ ᠦᠭᠡᠢ᠂ ᠡᠭᠦᠷᠭᠡᠯᠡᠯ ᠠᠪᠬᠤ ᠦᠭᠡᠢ᠂ ᠠᠵᠢᠯ ᠬᠢᠬᠦ ᠦᠭᠡᠢ᠂ ᠤᠳᠠᠭᠠᠨ ᠬᠢᠬᠦ᠂ ᠲᠤᠷ᠎ᠠ ᠵᠤᠷᠢᠬ ᠢᠶᠠᠷ ᠢᠶᠠᠨ ᠬᠢᠭᠦ᠂ ᠬᠡᠯᠪᠡᠷᠢ ᠶᠢᠨ ᠲᠡᠳᠦᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠶᠠᠪᠤᠳᠠᠯ ᠤᠨ ᠬᠠᠷᠢᠭᠤᠴᠠᠯᠭ᠎ᠠ ᠨᠡᠭᠡᠮᠵᠢᠯᠡᠵᠦ ᠬᠠᠷᠢᠭᠤᠴᠠᠯᠭ᠎ᠠ ᠲᠤᠯᠭᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠵᠠᠷᠯᠠᠨ ᠨᠡᠶᠢᠳᠡᠯᠡᠵᠤ ᠢᠯᠡᠴᠢᠯᠡᠭᠦ ᠬᠡᠷᠡᠭᠳᠡᠢ ᠭᠡᠵᠡᠢ᠃      ᠯᠢ ᠵᠢᠢ ᠾᠧᠩ ᠱᠠᠭᠠᠷᠳᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠵᠤᠬᠢᠴᠠᠭᠤᠯᠵᠤ ᠬᠠᠷᠢᠯᠴᠠᠬᠤ ᠠᠵᠢᠯ ᠎ ᠤᠨ ᠤᠳᠤᠷᠢᠳᠬᠤ ᠲᠤᠭᠤᠢᠢᠯᠠᠩ ᠤᠨ ᠡᠯ᠎ᠠ ᠲᠤᠰᠬᠠᠢ ᠠᠵᠢᠯ ᠤᠨ ᠲᠤᠭᠤᠢᠢᠯᠠᠩ ᠵᠤᠬᠢᠶᠠᠨ ᠪᠠᠶᠢᠭᠤᠯᠤᠯᠲᠠ ᠶᠢᠨ ᠤᠳᠤᠷᠢᠲᠤᠯᠭ᠎ᠠ ᠪᠠᠨ ᠤᠯᠠᠮ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠨᠡᠶᠢᠳᠡᠪᠦᠷᠢᠵᠢᠭᠤᠯᠤᠨ᠂ ᠨᠢᠬᠳᠠ ᠨᠡᠪᠲᠡᠷᠡᠯᠴᠡᠨ ᠬᠠᠮᠵᠢᠯᠴᠠᠵᠤ᠂ ᠡᠯ᠎ᠠ ᠲᠦᠷᠦᠯ ᠤᠨ ᠠᠵᠢᠯ ᠢ ᠨᠡᠩ ᠪᠤᠳᠠᠳᠠᠢ᠂ ᠨᠡᠩ ᠰᠠᠶᠢᠳᠤᠷ ᠬᠢᠭᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠤᠳ ᠴᠦ ᠡᠭᠦᠷᠭᠡ ᠴᠢᠳᠠᠪᠬᠢᠳᠦ ᠦᠢᠯᠡᠳᠦᠯ ᠢᠶᠠᠨ ᠦᠨᠡᠨᠭᠦ ᠪᠠᠳᠠᠷᠠᠭᠤᠯᠵᠦ᠂ ᠬᠦᠭᠵᠢᠯᠳᠡ ᠶᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ᠂ ᠠᠵᠢᠯ ᠲᠦᠷᠦᠯ ᠢ ᠬᠠᠮᠢᠶᠠᠷᠬᠤ ᠰᠠᠯᠠᠭ᠎ᠠ ᠮᠦᠴᠢᠷ ᠪᠠᠰᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂ ᠬᠠᠮᠵᠢᠯᠴᠠᠵᠦ ᠬᠤᠯᠪᠤᠭᠠᠯᠠᠨ ᠬᠦᠳᠡᠯᠦᠯᠴᠡᠵᠤ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠶᠢ ᠠᠬᠢᠭᠤᠯᠬᠤ ᠬᠡᠷᠡᠭᠳᠡᠢ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠵᠤ᠂ ᠤᠷᠳᠤ ᠬᠤᠭᠤᠴᠠᠭ᠎ᠠ ᠪᠦᠳᠦᠮᠵᠢᠳᠡᠢ ᠪᠠᠶᠢᠯᠭᠠᠬᠤ ᠶᠢ ᠠᠬᠢᠭᠤᠯᠵᠤ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ ᠵᠠᠰᠠᠬᠤ᠂ ᠤᠷᠳᠤ ᠬᠤᠭᠤᠴᠠᠭ᠎ᠠ ᠪᠠᠷ ᠬᠠᠮᠢᠶᠠᠷᠬᠤ ᠲᠦᠷᠢᠮ ᠤᠨ ᠰᠢᠰᠲ᠋ᠧᠮᠵᠢ ᠪᠤᠯᠤᠠ ᠠᠵᠢᠯ ᠎ ᠤᠨ ᠲᠤᠬᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠠ ᠪᠦᠳᠦᠭᠡᠯ ᠢ ᠲᠠᠰᠤᠷᠠᠯᠳᠠ ᠦᠭᠡᠢ ᠪᠠᠬᠢᠵᠢᠭᠦᠯᠭᠦ ᠬᠡᠷᠡᠭᠳᠡᠢ ᠬᠡᠵᠠᠢ᠃      ᠦᠪᠡᠷᠳᠡᠭᠡᠨ ᠵᠠᠰᠠᠬᠤ ᠤᠷᠤᠨ ᠤ ᠵᠤᠬᠢᠴᠠᠭᠤᠯᠵᠤ ᠬᠠᠷᠢᠯᠴᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ᠂ ᠡᠯ᠎ᠠ ᠲᠤᠰᠬᠠᠢ ᠠᠵᠢᠯ ᠤᠨ ᠲᠤᠭᠤᠢᠢᠯᠠᠩ ᠤᠨ ᠲᠡᠳ᠋ ᠲᠠᠷᠤᠭ᠎ᠠ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号