ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠭᠤᠣᠯᠳᠠᠯᠭ᠎ᠠ ᠲᠠᠢ ᠳᠤᠷᠠᠳᠤᠯᠭ᠎ᠠ ᠶᠢ ᠰᠢᠮᠳᠠᠭᠤᠯᠤᠨ ᠭᠦᠢᠴᠡᠳᠬᠡᠬᠦ ᠶᠠᠷᠢᠯᠴᠠᠬᠤ ᠬᠤᠷᠠᠯ ᠬᠢᠪᠡ  ᠯᠢ ᠵᠢᠶ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/6/21
     6 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠭᠤᠣᠯᠳᠠᠯᠭ᠎ᠠ ᠲᠠᠢ ᠳᠤᠷᠠᠳᠤᠯᠭ᠎ᠠ ᠶᠢ ᠰᠢᠮᠳᠠᠭᠤᠯᠤᠨ ᠭᠦᠢᠴᠡᠳᠬᠡᠬᠦ ᠶᠠᠷᠢᠯᠴᠠᠬᠤ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤᠯᠠᠭᠠᠨᠭᠠᠯᠠᠭᠤ ᠶᠢᠨ ᠳᠡᠪᠰᠢᠭᠦᠯᠦᠭᠰᠡᠨ ︽ᠲᠥᠪ ᠤᠨ ᠠᠵᠤ ᠠᠬᠤᠶᠢᠯᠠᠯ ᠤᠨ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠎ ᠳᠠᠬᠢ ᠳᠠᠭᠠᠭᠤᠯᠤᠭᠴᠢ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠲᠤᠬᠠᠢ ᠳᠤᠷᠠᠳᠤᠯᠭ᠎ᠠ︾᠎ ᠶᠢ ᠵᠥᠪᠳᠡᠯᠴᠡᠨ ᠭᠦᠢᠴᠡᠳᠬᠡᠪᠡ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠤ᠂ ᠮᠠᠨ ᠤ ᠣᠷᠣᠨ ᠳᠤ ᠰᠠᠭᠤᠭ᠎ᠠ ᠱᠧᠨ ᠬᠤᠸᠠ ᠪᠦᠯᠦᠭᠯᠡᠯ᠂ ᠳ᠋ᠠ ᠲᠠᠩ ᠪᠦᠯᠦᠭᠯᠡᠯ᠂ ᠪᠣᠥ ᠯᠢ ᠪᠦᠯᠦᠭᠯᠡᠯ ᠵᠡᠷᠭᠡ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠦᠨ ᠠᠴᠠ ᠲᠥᠪ ᠤᠨ ᠠᠵᠤ ᠠᠬᠤᠶᠢᠯᠠᠯ ᠤᠨ ᠳᠠᠭᠠᠭᠤᠯᠤᠭᠴᠢ ᠦᠢᠯᠡᠳᠦᠯ ᠢ ᠪᠠᠳᠠᠷᠠᠭᠤᠯᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠴᠢᠬᠤᠯᠠᠲᠠᠢ ᠪᠠᠶᠢᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠮᠡᠳᠡᠭᠡ ᠵᠠᠩᠬᠢᠵᠢᠯ ᠤᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠮᠠᠨ ᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠤᠨ ᠬᠥᠭᠵᠢᠯᠲᠡ ᠳᠤ ᠬᠡᠷᠬᠢᠨ ᠲᠥᠷᠥ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠷᠠᠯᠵᠢᠶ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠲᠤᠬᠠᠢ ᠰᠡᠳᠬᠢᠮᠵᠢ ᠪᠠ ᠠᠷᠭ᠎ᠠ ᠶᠢ ᠶᠠᠷᠢᠯᠴᠠᠪᠠ᠃      ᠯᠢ ᠵᠢᠶ᠋ᠨ ᠵᠢᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠥᠪᠥᠷ ᠮᠤᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠲᠥᠪ ᠤᠨ ᠠᠵᠤ ᠠᠬᠤᠶᠢᠯᠠᠯ ᠤᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠤᠯᠠᠨ ᠵᠢᠯ ᠤᠨ ᠲᠤᠷᠰᠢᠲᠠ᠂ ᠥᠪᠡᠷᠲᠡᠭᠡᠨ ᠵᠠᠰᠠᠬᠤ ᠣᠷᠣᠨ ᠪᠣᠯᠣᠨ ᠲᠥᠪ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠳᠠᠷᠠᠭᠠᠴᠢ ᠶᠢᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠨ ᠥᠭᠴᠦ᠂ ᠮᠠᠰᠢ ᠶᠡᠭᠡ ᠬᠥᠳᠡᠯᠭᠡᠬᠦ ᠬᠦᠴᠦᠨ ᠣᠯᠭᠤᠪᠠ᠃ ᠮᠠᠨ ᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠥᠪᠡᠷᠰᠡᠳ ᠤᠨ ᠠᠵᠤ ᠦᠢᠯᠡᠰ ᠤᠨ ᠲᠣᠬᠢᠷᠠᠭᠤᠯᠤᠯᠲᠠ ᠶᠢᠨ ᠴᠢᠭᠯᠡᠯ ᠪᠠ ᠭᠤᠣᠯᠳᠠᠯᠭ᠎ᠠ ᠲᠠᠢ ᠪᠠᠨ ᠤᠶᠠᠯᠳᠤᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ᠂ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠥᠪᠥᠷ ᠮᠣᠩᠭᠤᠯ ᠎ ᠳᠤ ᠦᠵᠡᠭᠦᠯᠬᠦ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠨᠤᠲᠤᠭ ᠪᠣᠯᠣᠨ ᠠᠵᠤ ᠠᠬᠤᠶᠢᠯᠠᠯ ᠬᠠᠮᠲᠤ ᠪᠠᠷ ᠭᠠᠷ ᠬᠤᠯᠪᠣᠯᠴᠠᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠯᠢ ᠵᠢᠶ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠠ ᠰᠠᠯᠠᠭ᠎ᠠ ᠮᠥᠴᠢᠷ ᠤᠳ ᠬᠠᠮᠲᠤᠷᠠᠯᠴᠠᠭ᠎ᠠ ᠰᠣᠯᠢᠯᠴᠠᠭ᠎ᠠ ᠶᠢᠨ ᠲᠣᠭᠲᠠᠴᠠ ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠲᠥᠪ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠳᠠᠷᠤᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠯᠵᠢᠶ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠲᠥᠪ ᠤᠨ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠬᠢᠨᠠᠮᠠᠭᠠᠢ ᠢᠯᠭᠠᠷᠠᠭᠤᠯᠵᠤ᠂ ᠲᠤᠶᠢᠯ ᠤᠨ ᠣᠨᠣᠪᠴᠢᠲᠠᠢ ᠪᠠᠷ ᠬᠦᠴᠦᠯᠡᠵᠦ᠂ ᠦᠨᠡᠨ ᠬᠦ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠢ ᠪᠠᠷ ᠵᠣᠬᠢᠴᠠᠭᠤᠯᠵᠤ᠂ ᠨᠢᠭᠲᠠ ᠬᠠᠮᠵᠢᠯᠴᠠᠨ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ ᠪᠠ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠦᠨᠡᠨ ᠬᠦ ᠪᠤᠳᠠᠲᠠᠢ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤᠷᠠᠳᠤᠯᠭ᠎ᠠ ᠭᠠᠷᠭᠠᠬᠤ᠂ ᠵᠥᠪᠳᠡᠯᠴᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠬᠡᠯᠪᠡᠷᠢ ᠪᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠬᠠᠪᠰᠤᠷᠤᠨ ᠳᠡᠮᠵᠢᠬᠦ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ ᠶᠢ ᠠᠪᠴᠤ᠂ ᠳᠤᠷᠠᠳᠤᠯᠭ᠎ᠠ ᠶᠢ ᠮᠥᠷᠳᠡᠨ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠪᠦᠷᠢᠯᠳᠦᠭᠦᠯᠵᠦ ᠥᠭᠬᠦ ᠶᠢ ᠨᠢ ᠠᠬᠢᠭᠤᠯᠬᠤ ᠬᠡᠷᠡᠭᠲᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号