ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13·5︾᠎ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠠᠯ᠎ᠠ ᠪᠠᠷ ᠳᠤᠮᠳᠠᠬᠢ ᠱᠠᠲᠤᠨ ᠤ ᠦᠨᠡᠯᠡᠨ ᠵᠢᠱᠢᠯᠲᠡ ᠬᠢᠬᠦ ᠲᠤᠬᠠᠢ ᠣᠯᠠᠨ ᠨᠡᠶᠢᠲᠡ ᠳᠤ ᠳᠡᠪᠰᠢᠭᠦᠯᠬᠦ ᠪᠠᠶᠢᠴᠠᠭᠠᠯᠲᠠ ᠶᠢᠨ ᠬᠠᠭᠤᠳᠠᠰᠤ
ᠨᠡᠶᠢᠲᠡᠯᠡᠭᠰᠡᠨ ᠴᠠᠭ᠄
2018/6/21
     2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠥᠭᠡᠷᠡᠴᠢᠯᠡᠯᠲᠡ ᠨᠡᠬᠡᠬᠡᠯᠲᠡ ᠬᠢᠭᠰᠡᠨ 40 ᠵᠢᠯ ᠤᠨ ᠣᠶ ᠮᠥᠨ᠂ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ᠂ ᠥᠪᠡᠷᠲᠡᠭᠡᠨ ᠵᠠᠰᠠᠬᠤ ᠣᠷᠣᠨ ᠤ ︽13·5︾᠎ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠣᠳᠣ ᠶᠠᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ︾᠎ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠳᠤᠮᠳᠠᠬᠢ ᠱᠠᠲᠤᠨ ᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠣᠢ᠃ ᠪᠢᠳᠡ ᠡᠨᠡ ᠤᠳᠠᠭᠠᠨ ᠤ ᠠᠰᠠᠭᠤᠯᠲᠠ ᠶᠢᠨ ᠰᠡᠳᠦᠪ ᠢᠶᠠᠷ ᠪᠠᠶᠢᠴᠠᠭᠠᠯᠲᠠ ᠬᠢᠬᠦ ᠶᠢᠨ ᠵᠣᠷᠢᠯᠭ᠎ᠠ ᠨᠢ ᠤᠯᠠᠨ ᠨᠡᠶᠢᠲᠡ ᠶᠢᠨ ᠥᠪᠡᠷᠲᠡᠭᠡᠨ ᠵᠠᠰᠠᠬᠤ ᠣᠷᠣᠨ ᠤ ︽13·5︾᠎ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠬᠤᠶᠠᠷ ᠵᠢᠯ ᠭᠠᠷᠤᠶ ᠶᠢᠨ ᠲᠤᠷᠰᠢᠬᠢ ᠲᠦᠷᠦᠭᠳᠡᠯ᠂ ᠬᠦᠰᠡᠯ ᠬᠢᠭᠡᠳ ᠨᠠᠶᠢᠳᠠᠯᠭ᠎ᠠ ᠶᠢ ᠣᠶᠢᠯᠠᠭᠠᠬᠤ ᠶᠢᠨ ᠬᠠᠮᠲᠤ ᠡᠭᠦᠨ ᠢ ᠦᠨᠳᠦᠰᠦᠯᠡᠨ ︽13 · 5︾᠎ ᠶᠢᠨ ᠲᠥᠯᠥᠪᠵᠢᠭᠦᠯᠭᠡ ᠶᠢ ᠲᠥᠯᠬᠢᠨ ᠠᠬᠢᠭᠤᠯᠬᠤ ᠬᠡᠷᠡᠭᠵᠢᠭᠦᠯᠦᠯᠲᠡ ᠶᠢᠨ ᠠᠷᠭ᠎ᠠ ᠬᠡᠮᠵᠢᠶ᠎ᠡ ᠪᠠᠨ ᠰᠠᠶᠢᠵᠢᠷᠠᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠨᠢ ᠤᠯᠠᠨ ᠨᠡᠶᠢᠲᠡ ᠶᠢᠨ ᠭᠤᠶᠤᠴᠢᠯᠠᠯ ᠱᠠᠭᠠᠷᠳᠠᠯᠭ᠎ᠠ ᠶᠢ ᠨᠡᠩ ᠵᠥᠪ ᠣᠨᠣᠪᠴᠢᠲᠠᠶ ᠬᠠᠷᠠᠭᠤᠯᠬᠤ ᠪᠣᠯᠭᠠᠨ᠎ᠠ᠃ ᠰᠦᠯᠵᠢᠶ᠎ᠡ᠂ ᠸᠢᠴᠠᠲ ᠤᠨ ᠪᠠᠶᠢᠴᠠᠭᠠᠯᠲᠠ ᠶᠢᠨ ᠬᠠᠭᠤᠳᠠᠰᠤ ᠨᠢ 2018 ᠣᠨ ᠤ 7 ᠳ᠋ᠤᠭᠠᠷ ᠰᠠᠷ᠎ᠠ ᠶᠢᠨ 30 ᠡᠳᠦᠷ ᠬᠦᠷᠲᠡᠯ᠎ᠡ ᠶᠠᠪᠤᠭᠳᠠᠨ᠎ᠠ᠃      ᠲᠠᠨ ᠤ ᠰᠠᠨᠠᠯ ᠮᠠᠨ ᠳᠤ ᠲᠦᠢᠯ ᠤᠨ ᠴᠢᠬᠤᠯᠠ ᠶᠤᠮ᠃ ᠲᠤᠰ ᠤᠳᠠᠭᠠᠨ ᠤ ᠰᠡᠳᠦᠪ ᠢ ᠬᠠᠷᠢᠭᠤᠯᠬᠤ ᠳᠤ ᠪᠠᠷᠤᠭ 5 ᠮᠢᠨᠦ᠋ᠲ ᠬᠡᠷᠡᠭᠰᠡᠨ᠎ᠡ᠂ ᠲᠠᠨ ᠤ ᠢᠳᠡᠪᠬᠢᠲᠡᠶ ᠣᠷᠤᠯᠴᠠᠬᠤ ᠳᠤ ᠴᠢᠩ ᠦᠨᠡᠨᠴᠢ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ                          ᠪᠠᠶᠢᠴᠠᠭᠠᠯᠲᠠ ᠶᠢᠨ ᠬᠠᠭᠤᠳᠠᠰᠤ ᠶᠢᠨ ᠬᠠᠶ᠋ᠢᠭ ᠠᠳᠡ ᠪᠠᠶᠢᠨ᠎ᠠ
                       
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号