ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢᠯᠡᠷᠬᠡᠢ ᠦᠷ᠎ᠡ ᠪᠦᠲᠦᠮᠵᠢ ᠣᠯᠵᠠᠢ
ᠨᠡᠶᠢᠲᠡᠯᠡᠭᠰᠡᠨ ᠴᠠᠭ᠄
2018/6/22
      ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠬᠢᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠠᠭᠤᠯᠭ᠎ᠠ ᠪᠣᠯᠭᠠᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠪᠠ᠃ ᠪᠦᠬᠦ ᠣᠷᠣᠨ ᠤ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠯᠠᠪᠳᠠᠭᠤᠨ ᠢᠶᠠᠷ ᠠᠬᠢᠵᠤ᠂ ᠢᠯᠡᠳᠲᠡ ᠦᠷ᠎ᠡ ᠪᠦᠲᠦᠮᠵᠢ ᠣᠯᠵᠣ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠦᠬᠡ ᠶᠢᠨ ᠲᠤᠭ᠎ᠠ᠂ ᠠᠵᠢᠯᠯᠠᠭᠴᠢᠳ᠂ ᠳᠠᠩᠰᠠᠯᠠᠭᠤᠯᠤᠭᠰᠠᠨ ᠬᠦᠷᠦᠩᠭᠡ ᠨᠢ ᠲᠤᠰ ᠲᠤᠰ 56.4 ᠲᠦᠮᠡᠨ ᠡᠷᠦᠬᠡ᠂ 112.4 ᠲᠦᠮᠡᠨ ᠬᠥᠮᠦᠨ᠂ 2.9 ᠲᠦᠮᠡᠨ ᠳ᠋ᠦᠩᠰᠢᠭᠤᠷ ᠲᠥᠭᠦᠷᠢᠭ ᠴᠡᠪᠡᠷ ᠨᠡᠮᠡᠭᠳᠡᠵᠦ᠂  ᠠᠵᠤ ᠠᠬᠤᠶ ᠶᠢᠨ ᠬᠥᠭᠵᠢᠯᠲᠡ ᠶᠢᠨ ᠬᠤᠮᠠᠬᠢ ᠰᠠᠭᠤᠷᠢ ᠶᠢ ᠪᠠᠲᠤᠵᠢᠭᠤᠯᠪᠠ᠃      ᠨᠢᠭᠡ ᠳᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠯᠠᠮ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠣᠯᠵᠠᠢ᠃ ᠣᠶᠢᠷ᠎ᠠ ᠶᠢᠨ ᠲᠠᠪᠤᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠵᠢᠯ ᠪᠦᠷᠢ ᠴᠥᠮ ᠣᠯᠠᠨ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠭᠠᠷᠭᠠᠵᠤ᠂ ᠳᠠᠩᠰᠠᠯᠠᠭᠤᠯᠤᠭᠰᠠᠨ ᠬᠦᠷᠦᠩᠭᠡ᠂ ᠡᠵᠡᠩᠨᠡᠯᠲᠡ ᠶᠢᠨ ᠲᠠᠯᠠᠪᠤᠷ ᠭᠠᠵᠠᠷ᠂ ᠠᠵᠤ ᠠᠬᠤᠶᠢᠯᠠᠯ ᠤᠨ ᠨᠡᠷᠡᠶᠢᠳᠦᠯ᠂ ᠡᠵᠡᠩᠨᠡᠯᠲᠡ ᠶᠢᠨ ᠬᠡᠪᠴᠢᠶ᠎ᠡ᠂ ︽ᠤᠷᠢᠳᠠᠪᠠᠷ ᠡᠵᠡᠩᠨᠡᠯᠲᠡ ᠶᠢᠨ ᠦᠨᠡᠮᠯᠡᠯ ᠣᠯᠵᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾᠂ ︽ᠭᠡᠷᠡᠴᠢ ᠦᠨᠡᠮᠯᠡᠯ ᠢ ᠨᠡᠶᠢᠳᠬᠡᠬᠦ︾ ︵ᠭᠤᠷᠪᠠᠨ ᠦᠨᠡᠮᠯᠡᠯ᠂ ᠲᠠᠪᠤᠨ ᠦᠨᠡᠮᠯᠡᠯ᠂ ᠬᠤᠶᠠᠷ ᠦᠨᠡᠮᠯᠡᠯ᠂ ᠣᠯᠠᠨ ᠦᠨᠡᠮᠯᠡᠯ︶᠂ ᠪᠦᠷᠢᠳᠬᠡᠯ ᠠᠴᠠ ᠳᠦᠭᠦᠮ ᠢᠶᠠᠷ ᠬᠠᠰᠤᠬᠤ ᠵᠡᠷᠭᠡ ᠥᠭᠡᠷᠡᠴᠢᠯᠡᠯᠲᠡ ᠶᠢ ᠵᠠᠯᠭᠠᠭᠠᠪᠠᠷ ᠬᠡᠷᠡᠭᠵᠢᠭᠦᠯᠦᠭᠡᠳ᠂ ᠪᠦᠬᠦ ᠶᠠᠪᠤᠴᠠ ᠶᠢ ᠴᠠᠭᠠᠰᠤ ᠦᠭᠡᠶᠢᠵᠢᠭᠦᠯᠦᠨ ᠡᠯᠧᠺᠲᠷᠤᠨᠴᠢᠯᠡᠬᠦ ᠪᠠ ᠡᠵᠡᠩᠨᠡᠯᠲᠡ ᠶᠢᠨ ᠦᠨᠡᠮᠯᠡᠯ ᠢ ᠥᠭᠡᠷᠡᠴᠢᠯᠡᠯᠲᠡ ᠨᠢ ᠪᠦᠬᠦ ᠤᠯᠤᠰ ᠲᠤ ᠲᠡᠷᠢᠭᠦᠯᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠬᠤᠶᠠᠷ ᠱᠠᠲᠤᠨ ᠤ ᠠᠵᠤ ᠦᠢᠯᠡᠳᠪᠦᠷᠢ ᠬᠤᠳᠠᠯᠳᠤᠭᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠡᠷᠬᠡ ᠶᠢ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠠᠵᠢᠯ ᠢ ᠵᠣᠬᠢᠴᠠᠭᠤᠯᠤᠨ ᠠᠬᠢᠭᠤᠯᠵᠤ᠂ ᠠᠵᠢᠯᠯᠠᠭᠠᠨ ᠤ ᠭᠤᠣᠯᠳᠠᠯᠭ᠎ᠠ ᠪᠠᠨ ᠪᠦᠬᠦᠯᠢ ᠴᠣᠭᠴᠠ ᠪᠠᠷ ᠨᠢ ᠳᠣᠷᠣᠭᠰᠢ ᠲᠠᠯᠪᠢᠵᠤ᠂ ᠡᠯ᠎ᠡ ᠭᠠᠵᠠᠷ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠬᠠᠮᠤᠭ ᠤᠨ ᠶᠡᠭᠡ ᠣᠷᠣᠵᠤ ᠰᠠᠭᠤᠬᠤ ᠰᠠᠯᠠᠭ᠎ᠠ ᠮᠥᠴᠢᠷ ᠪᠣᠯᠵᠠᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠲᠤ ᠣᠷᠤᠵᠤ ᠡᠵᠡᠩᠨᠡᠯᠲᠡ ᠶᠢᠨ ᠠᠵᠢᠯᠯᠠᠭ᠎ᠠ ᠡᠷᠬᠢᠯᠡᠬᠦ ᠡᠭᠡᠯᠵᠢᠲᠦ ᠬᠤᠭᠤᠴᠠᠭ᠎ᠠ ᠶᠢ ᠪᠦᠲᠦᠮᠵᠢᠲᠡᠶ ᠪᠣᠭᠤᠨᠢᠰᠬᠠᠵᠤ᠂ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠨᠢ ᠬᠡᠷᠡᠭ ᠭᠦᠢᠴᠡᠳᠬᠡᠬᠦ ᠭᠠᠷᠳᠠᠮ ᠨᠢ ᠭᠦᠢᠴᠡᠳ ᠪᠣᠯ ᠲᠡᠷᠡ ᠳᠣᠣᠷ᠎ᠠ ᠨᠢ ᠭᠦᠢᠴᠡᠳᠭᠡᠵᠦ ᠥᠭᠬᠦ ᠪᠣᠯᠭᠠᠵᠤ᠂ ᠡᠭᠦᠨ ᠳᠤ ᠴᠥᠭᠡᠨ ᠪᠤᠰᠤ ᠥᠭᠡᠷᠡᠴᠢᠯᠡᠯᠲᠡ ᠶᠢᠨ ᠦᠷ᠎ᠡ ᠪᠦᠲᠦᠭᠡᠯ ᠨᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠣᠲᠠᠯᠠᠯᠲᠠ ᠶᠢ ᠣᠯᠪᠠ᠃      ᠬᠤᠶᠠᠷ ᠲᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠣᠯᠣᠨ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠪᠠ᠃ ᠥᠭᠡᠷᠡᠴᠢᠯᠡᠯᠲᠡ ᠶᠢᠨ ᠬᠢᠨᠠᠨ ᠬᠠᠮᠢᠶᠠᠷᠬᠤ ᠲᠣᠭᠲᠠᠴᠠ ᠳᠤ ︽ᠬᠤᠶᠠᠷ ᠢ ᠲᠠᠰᠢᠷᠠᠮ ᠢᠶᠠᠷ ᠬᠢᠵᠦ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠬᠢᠨᠠᠨ ᠬᠠᠮᠢᠶᠠᠷᠬᠤ ᠠᠵᠢᠯ ᠢ ᠴᠢᠩᠭᠠᠳᠬᠠᠨ ᠵᠢᠷᠤᠮᠵᠢᠭᠤᠯᠪᠠ᠃ ᠰᠠᠯᠠᠭ᠎ᠠ ᠮᠥᠴᠢᠷ ᠤᠳ ᠬᠠᠮᠲᠤᠷᠠᠵᠤ ᠬᠤᠯᠪᠣᠭᠠᠯᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠨ ᠵᠠᠷᠯᠠᠬᠤ ᠰᠢᠰᠲ᠋ᠧᠮ ︵ᠥᠪᠥᠷ ᠮᠣᠩᠭᠤᠯ︶ ᠪᠠ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠲᠤᠬᠠᠶ ᠶᠢᠨ ᠴᠠᠭ ᠤᠨ ᠮᠡᠳᠡᠭᠡ ᠵᠠᠩᠭᠢ᠂ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠪᠣᠯᠣᠨ ᠰᠢᠳᠬᠡᠯ ᠲᠤᠷᠭᠠᠭᠤᠯᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠪᠡ᠃ ᠠᠵᠤ ᠠᠬᠤᠶᠢᠯᠠᠯ ᠤᠨ ᠵᠦᠢ ᠪᠤᠰᠤ ᠡᠵᠡᠩᠨᠡᠯᠲᠡ ᠶᠢᠨ ᠨᠡᠷᠡᠰ ᠤᠨ ᠳᠦᠷᠢᠮ ᠪᠠ ᠬᠠᠤᠯᠢ ᠠᠴᠠ ᠬᠦᠨᠳᠦ ᠨᠣᠴᠢᠲᠠᠶ ᠵᠥᠷᠢᠴᠡᠨ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠲᠦᠷᠢᠮ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠲᠦᠷᠦᠯ ᠬᠤᠪᠢᠶᠠᠨ ᠬᠢᠨᠠᠨ ᠬᠠᠮᠢᠶᠠᠷᠬᠤ ᠳᠤ ᠰᠠᠭᠤᠷᠢ ᠲᠠᠯᠪᠢᠵᠤ ᠥᠭᠴᠡᠢ᠃  ᠢᠲᠡᠭᠡᠮᠵᠢ ᠪᠠᠷ ᠰᠠᠭᠤᠷᠢ ᠪᠣᠯᠭᠠᠨ᠂ ᠮᠡᠳᠡᠭᠡ ᠵᠠᠩᠭᠢ ᠶᠢ ᠨᠡᠶᠢᠲᠡᠯᠡᠨ ᠵᠠᠷᠯᠠᠬᠤ ᠪᠠᠷ ᠠᠷᠭ᠎ᠠ ᠪᠠᠷᠢᠯ ᠪᠣᠯᠭᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠪᠡ᠃      ᠭᠤᠷᠪᠠ ᠳᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠦᠷᠲᠡᠭᠡᠮᠵᠢ ᠶᠢᠨ ᠲᠦᠷᠦᠭᠳᠡᠯ ᠨᠡᠶᠢᠳᠡᠮ ᠳᠡᠭᠡᠨ ᠨᠡᠮᠡᠭᠳᠡᠵᠡᠢ᠃ ᠥᠭᠡᠷᠡᠴᠢᠯᠡᠯᠲᠡ ᠨᠢᠭᠡᠪᠦᠷᠢ ᠨᠢ ᠪᠦᠷ ᠠᠵᠤ ᠠᠬᠤᠶᠢᠯᠠᠯ ᠡᠷᠬᠢᠯᠡᠬᠦ ᠶᠢ ᠨᠡᠩ  ᠲᠦᠷᠭᠡᠳᠭᠡᠵᠦ᠂ ᠶᠠᠪᠤᠳᠠᠯ ᠤᠴᠢᠷ ᠭᠦᠢᠴᠡᠳᠬᠡᠬᠦ ᠬᠦᠮᠦᠰ ᠢ ᠲᠤᠲᠠᠭᠤ ᠭᠦᠶᠦᠯᠭᠡᠬᠦ ᠪᠣᠯᠣᠭᠰᠠᠨ ᠢᠶᠠᠷ᠂  ᠠᠷᠠᠯᠵᠢᠶ᠎ᠠ ᠬᠢᠵᠦ ᠠᠵᠤ ᠠᠬᠤᠶᠢᠯᠠᠯ ᠡᠷᠬᠢᠯᠡᠬᠦ ᠬᠤᠷᠳᠤᠴᠠ ᠲᠦᠷᠭᠡᠨ ᠪᠣᠯᠵᠠᠢ ᠭᠡᠵᠦ ᠣᠯᠠᠨ ᠲᠦᠮᠡᠨ ᠨᠡᠶᠢᠳᠡᠮ ᠲᠤᠰᠬᠠᠵᠤ ᠪᠠᠶᠢᠨ᠎ᠠ᠃ ᠡᠭᠦᠨ ᠤ ᠵᠡᠷᠭᠡᠴᠡᠭᠡᠪᠡᠷ᠂ ᠵᠠᠰᠠᠭ ᠵᠠᠬᠢᠷᠭᠠᠨ ᠤ ᠭᠠᠷ ᠲᠦᠷᠦᠭᠦ ᠨᠢ ᠴᠦᠬᠡᠷᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠠᠬᠢ ᠬᠠᠷᠰᠢᠯᠠᠯ ᠤᠨ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢ ᠨᠡᠩ ᠴᠢᠯᠥᠭᠡᠲᠡᠶ ᠳᠥᠭᠦᠮ ᠳᠥᠲᠡ ᠪᠣᠯᠭᠠᠨ᠂ ᠤᠯᠠᠨ ᠲᠦᠮᠡᠨ ᠵᠣᠷᠢᠭᠲᠠᠢ ᠪᠠᠷ ᠠᠳᠠᠯ ᠦᠢᠯᠡᠰ ᠴᠣᠭᠴᠠᠯᠠᠨ ᠡᠵᠡᠩᠨᠡᠯᠲᠡ ᠬᠢᠬᠦ ᠪᠣᠯᠭᠠᠵᠠᠢ᠃ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠳᠤ᠂ ᠠᠵᠤ ᠠᠬᠤᠶᠢᠯᠠᠯ ᠪᠣᠯᠤᠨ ᠰᠠᠭᠤᠭᠠᠯᠢ ᠠᠷᠠᠳ ᠤᠨ ᠨᠡᠶᠢᠳᠡᠮ ᠲᠤᠰᠬᠠᠭᠰᠠᠨ ᠢᠶᠠᠷ ᠪᠣᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠠᠬᠢ ᠬᠡᠷᠡᠭ  ᠶᠠᠪᠤᠳᠠᠯ ᠭᠦᠢᠴᠡᠳᠬᠡᠬᠦ ᠦᠷ᠎ᠡ ᠪᠦᠲᠦᠮᠵᠢ᠂ ᠢᠯᠡ ᠲᠣᠳᠣ ᠶᠢᠨ ᠬᠡᠮᠵᠢᠶ᠎ᠡ ᠪᠣᠯᠣᠨ ᠦᠢᠯᠡᠴᠢᠯᠡᠭᠡᠨ ᠤ ᠶᠠᠰᠤ ᠴᠢᠨᠠᠷ ᠳᠡᠭᠡᠭᠰᠢᠯᠡᠵᠦ᠂ ᠠᠷᠠᠳ ᠣᠯᠠᠨ ᠤ ᠲᠠᠭᠠᠰᠢᠶᠠᠯ ᠤᠨ ᠨᠣᠷᠮ᠎ᠠ 85%᠎ ᠳᠤ ᠬᠦᠷᠴᠦ᠂ ᠡᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠤᠨ ᠲᠡᠷᠢᠭᠦᠨ ᠡᠩᠨᠡᠭᠡᠨ ᠳᠤ ᠣᠷᠣᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号