︽ᠥᠪᠡᠷᠲᠡᠭᠡᠨ ᠵᠠᠰᠠᠬᠤ ᠣᠷᠣᠨ ᠤ ᠡᠭᠡ ᠨᠢᠯᠬᠠᠰ ᠤᠨ ᠠᠮᠤᠷ ᠲᠦᠪᠰᠢᠨ ᠤ ᠠᠵᠢᠯᠯᠠᠭ᠎ᠠ ᠶᠢᠨ | ᠲᠥᠯᠥᠪᠯᠡᠭᠡ ᠶᠢᠨ ᠬᠡᠷᠡᠭᠵᠢᠭᠦᠯᠬᠦ ᠲᠥᠰᠦᠯ ︵2018 — 2020︶︾ ᠢ ᠦᠨᠳᠦᠰᠦᠯᠡᠪᠡᠯ᠂ 2018 — | 2020 ᠤᠨ ᠪᠤᠯᠲᠠᠯ᠎ᠠ᠂ ᠡᠬᠡ ᠨᠢᠯᠬᠠᠰ ᠤᠨ ᠠᠮᠤᠷ ᠲᠦᠪᠰᠢᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ | ᠵᠢᠷᠮᠦᠰᠦᠨ ᠪᠦᠰᠡᠭᠦᠶ ᠶᠢᠨ ᠦᠬᠦᠬᠦ ᠨᠤᠷᠮ᠎ᠠ ᠪᠠ ᠨᠢᠯᠬ᠎ᠠ ᠬᠡᠦᠬᠡᠳ ᠤᠨ ᠦᠬᠦᠬᠦ ᠨᠤᠷᠮ᠎ᠠ ᠶᠢ ᠪᠠᠭᠤᠷᠠᠭᠤᠯᠵᠤ᠂ | 2020 ᠣᠨ ᠪᠣᠯᠬᠤ ᠳᠤ ᠪᠥᠬᠦ ᠣᠷᠣᠨ ᠤ ᠵᠢᠷᠮᠦᠰᠦᠨ ᠬᠥᠩᠭᠡᠵᠢᠬᠦ ᠪᠦᠰᠡᠭᠦᠶ ᠶᠢᠨ ᠦᠬᠦᠬᠦ ᠨᠤᠷᠮ᠎ᠠ ᠶᠢ10 | ᠲᠦᠮᠡ ᠳᠤ 18 ᠪᠠᠷ ᠬᠢᠵᠠᠭᠠᠷᠯᠠᠵᠤ᠂ ᠪᠦᠬᠦ ᠣᠷᠣᠨ ᠤ ᠨᠢᠯᠬ᠎ᠠ ᠬᠡᠦᠬᠡᠳ ᠤᠨ ᠦᠬᠦᠬᠦ ᠨᠤᠷᠮ᠎ᠠ ᠶᠢ 7.5‰ ᠪᠠᠷ | ᠬᠢᠵᠠᠭᠠᠷᠯᠠᠬᠤ ᠪᠤᠯᠤᠨ᠎ᠠ᠃ | ᠲᠠᠨᠢᠯᠴᠠᠭᠤᠯᠤᠭᠰᠠᠨ ᠢᠶᠠᠷ᠂ ᠡᠬᠡ ᠨᠢᠯᠬᠠᠰ ᠤᠨ ᠠᠮᠤᠷ ᠲᠦᠪᠰᠢᠨ ᠤ ᠠᠵᠢᠯᠯᠠᠭᠠᠨ ᠤ ᠬᠡᠪᠴᠢᠶ᠎ᠡ ᠪᠣᠯ | ᠬᠦᠩᠭᠡᠵᠢᠭᠦᠯᠬᠦ ᠮᠡᠷᠭᠡᠵᠢᠯ ᠤᠨ ᠦᠢᠯᠡᠴᠢᠯᠡᠭᠡ ᠦᠷᠨᠢᠭᠦᠯᠬᠦ ᠡᠮᠴᠢᠯᠡᠭᠡᠨ ᠤ ᠪᠠᠶᠢᠭᠤᠯᠤᠮᠵᠢ ᠮᠦᠨ᠂ ᠭᠤᠣᠯᠳᠠᠯᠭ᠎ᠠ ᠨᠢ | ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ | ᠮᠡᠨᠳᠦ ᠶᠢ ᠬᠠᠮᠠᠭᠠᠯᠠᠬᠤ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠬᠤᠷᠢᠶ᠎ᠠ ᠪᠤᠯᠤᠨ᠎ᠠ᠃ | ᠪᠥᠬᠦ ᠣᠷᠣᠨ ᠤ ᠡᠷᠡᠭᠦᠯ ᠬᠠᠮᠠᠭᠠᠯᠠᠯ ᠤᠨ ᠰᠢᠰᠲ᠋ᠧᠮ ᠬᠠᠮ ᠵᠠᠭᠤᠴᠢᠯᠠᠭᠤᠷ ᠢ ᠭᠦᠢᠴᠡᠳ ᠠᠰᠢᠭᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠤ ᠤᠷᠤᠯᠴᠠᠬᠤ ᠫᠷᠤᠭ᠍ᠷᠠᠮ ᠦᠢᠯᠡᠳᠬᠦ᠂ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ ᠶᠢᠨ ᠵᠣᠬᠢᠶᠠᠯ ᠪᠢᠴᠢᠬᠦ᠂ ᠡᠷᠡᠭᠦᠯ ᠮᠡᠨᠳᠦ ᠶᠢᠨ ᠮᠡᠳᠡᠯᠭᠡ ᠶᠢᠨ ᠡᠭᠡᠯᠵᠢᠲᠦ | ᠪᠤᠯᠪᠠᠰᠤᠷᠠᠭᠤᠯᠤᠯ ᠦᠷᠨᠢᠭᠦᠯᠬᠦ᠂ ᠡᠬᠡ ᠨᠢᠯᠬᠠᠰ ᠤᠨ ᠠᠮᠤᠷ ᠲᠦᠪᠰᠢᠨ ᠤ ᠮᠡᠳᠡᠯᠭᠡ ᠶᠢ ᠲᠣᠭᠤᠷᠢᠨ ᠤᠯᠠᠮᠵᠢᠯᠠᠬᠤ᠂ | ᠨᠡᠶᠢᠲᠡ ᠶᠢᠨ ᠠᠰᠠᠷᠠᠮᠵᠢ ᠶᠢᠨ ᠭᠤᠤᠯ ᠬᠦᠭ ᠠᠶᠠᠰ ᠢ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠡᠷᠡᠭᠦᠯ ᠮᠡᠨᠳᠦ ᠶᠢᠨ ᠬᠥᠮᠦᠵᠢᠯ ᠬᠢᠭᠡᠳ ᠡᠷᠡᠭᠦᠯ ᠮᠡᠨᠳᠤ ᠶᠢᠨ ᠠᠬᠢᠭᠤᠯᠤᠯ ᠢ ᠦᠷᠭᠡᠨ ᠢᠶᠠᠷ ᠦᠷᠨᠢᠭᠦᠯᠵᠦ᠂ ᠲᠦᠷᠦᠵᠦ | ᠦᠰᠭᠡᠬᠦ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠵᠢᠷᠮᠦᠰᠦᠨ ᠡᠮᠡᠭᠲᠡᠶ ᠨᠢᠭᠡᠪᠦᠷᠢ ᠶᠢ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ | ᠨᠢᠭᠡᠳᠦᠭᠡᠷ ᠬᠠᠷᠢᠭᠤᠴᠠᠯᠭᠠᠲᠠᠨ ᠪᠤᠯᠭᠠᠵᠤ᠂ ᠡᠮ ᠡᠮᠨᠡᠯᠭᠡ ᠡᠷᠡᠭᠦᠯ ᠮᠡᠡᠳᠦ ᠶᠢ ᠬᠠᠮᠠᠭᠠᠯᠠᠬᠤ ᠠᠵᠢᠯᠯᠠᠭ᠎ᠠ ᠳᠤ | ᠢᠳᠡᠪᠬᠢᠲᠡᠶ ᠤᠷᠤᠯᠴᠠᠬᠤ ᠪᠠ ᠬᠠᠮᠵᠢᠯᠴᠠᠭᠤᠯᠵᠤ᠂ ᠥᠪᠡᠷ ᠢ ᠪᠠᠨ ᠡᠷᠡᠭᠦᠯᠵᠢᠭᠦᠯᠬᠦ ᠪᠠ ᠠᠶᠤᠯ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃ | ︽ᠬᠡᠷᠡᠭᠵᠢᠭᠦᠯᠬᠦ ᠲᠥᠰᠦᠯ︾ ᠳᠤ ᠱᠠᠭᠠᠷᠳᠠᠭᠰᠠᠨ ᠨᠢ᠂ ᠬᠦᠩᠭᠡᠵᠢᠭᠦᠯᠬᠦ ᠪᠠᠶᠢᠭᠤᠯᠤᠮᠵᠢ ᠨᠤᠭᠤᠳ | ᠬᠦᠩᠭᠡᠵᠢᠯ ᠤᠨ ᠠᠶᠤᠯ ᠲᠦᠭᠰᠢᠭᠦᠷᠢ ᠶᠢᠨ ᠬᠦᠮᠦᠵᠢᠯ ᠢ ᠵᠢᠷᠮᠦᠰᠦᠨ ᠪᠦᠰᠡᠭᠦᠢ ᠶᠢ ᠬᠦᠮᠦᠵᠢᠭᠦᠯᠬᠦ ᠠᠩᠬᠠᠨ ᠤ | ᠬᠢᠴᠢᠶᠡᠯ ᠪᠤᠯᠭᠠᠬᠤ ᠬᠡᠷᠡᠭᠲᠡᠢ᠃ ᠪᠤᠢ ᠪᠦᠬᠦᠢ ᠬᠦᠩᠭᠡᠵᠢᠭᠦᠯᠬᠦ ᠪᠠᠶᠢᠭᠤᠯᠤᠮᠵᠢ ᠨᠤᠭᠤᠳ ᠲᠦᠷᠦᠯᠲᠡ ᠶᠢᠨ | ᠦᠢᠯᠡᠴᠢᠯᠡᠭᠡᠨ ᠤ ᠲᠠᠰᠤᠭ ᠪᠠᠶᠢᠭᠤᠯᠬᠤ ᠶᠢ ᠲᠦᠯᠬᠢᠨ ᠠᠬᠢᠭᠤᠯᠵᠤ᠂ ᠡᠮᠡᠭᠲᠡᠶ ᠶᠢᠨ ᠡᠪᠡᠳᠴᠢᠨ᠂ ᠬᠥᠩᠭᠡᠵᠢᠭᠦᠯᠬᠦ | ᠡᠮᠨᠡᠯᠭᠡ᠂ ᠦᠷᠡᠵᠢᠯ᠂ ᠤᠳᠤᠮᠯᠠᠯ᠂ ᠰᠡᠳᠬᠢᠴᠡ᠂ ᠬᠢᠲᠠᠳ ᠡᠮᠨᠡᠯᠭᠡ ᠵᠡᠷᠭᠡ ᠲᠤᠰᠬᠠᠶ ᠮᠡᠷᠭᠡᠵᠢᠯ ᠤᠨ ᠬᠦᠴᠦᠨ ᠢᠶᠠᠷ | ᠪᠦᠷᠢᠯᠳᠦᠭᠰᠡᠨ ᠬᠠᠮᠵᠢᠯᠴᠠᠨ ᠣᠨᠣᠰᠢᠯᠠᠨ ᠡᠮᠨᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠬᠦ | ᠴᠢᠳᠠᠪᠤᠷᠢ ᠶᠢ ᠦᠨᠡᠯᠡᠨ ᠵᠢᠱᠢᠬᠦ᠂ ᠵᠢᠷᠮᠦᠰᠦᠨ ᠤ ᠪᠡᠯᠡᠳᠬᠡᠯ ᠤᠨ ᠵᠢᠯᠤᠭᠤᠳᠤᠯᠭ᠎ᠠ ᠬᠠᠩᠭᠠᠬᠤ ᠶᠢ ᠵᠢᠷᠤᠮᠵᠢᠭᠤᠯᠬᠤ | ᠬᠡᠷᠡᠭᠲᠡᠶ᠃ ᠡᠮᠡᠭᠲᠡᠶᠢᠴᠦᠳ ᠤᠨ ᠰᠠᠭᠤᠷᠢ ᠡᠷᠡᠭᠦᠯ ᠮᠡᠨᠳᠦ ᠶᠢᠨ ᠪᠠᠶᠢᠳᠠᠯ᠂ ᠦᠷᠡᠵᠢᠯ ᠤᠨ ᠴᠢᠳᠠᠪᠤᠷᠢ ᠪᠠ ᠨᠠᠰᠤ ᠵᠢᠯ | ᠵᠡᠷᠭᠡ ᠡᠯᠧᠮᠧᠨ᠋ᠲ ᠢ ᠶᠡᠷᠦᠩᠬᠡᠶᠢᠯᠡᠨ ᠦᠨᠡᠯᠡᠨ ᠵᠢᠱᠢᠵᠦ᠂ ᠬᠦᠩᠭᠡᠵᠢᠬᠦ ᠲᠣᠬᠢᠶᠠᠯᠳᠤᠮᠵᠢ ᠪᠠ ᠠᠶᠤᠯ ᠲᠦᠭᠰᠢᠭᠦᠷᠢ ᠶᠢ | ᠪᠤᠰᠤᠳᠴᠢ ᠪᠠᠷ ᠮᠡᠳᠡᠭᠳᠡᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠰᠤ ᠦᠨᠳᠦᠷ ᠠᠶᠤᠯ | ᠶᠡᠬᠡᠲᠡᠢ ᠵᠢᠷᠮᠦᠰᠦᠯᠡᠬᠦ ᠠᠶᠤᠯ ᠲᠦᠭᠰᠢᠭᠦᠷᠢ ᠶᠢ ᠵᠦᠪ ᠢᠶᠠᠷ ᠲᠠᠨᠢᠭᠤᠯᠬᠤ ᠬᠡᠷᠡᠭᠲᠡᠢ᠃ ᠬᠦᠩᠭᠡᠵᠢᠯ ᠤᠨ ᠠᠶᠤᠯ | ᠲᠦᠭᠰᠢᠭᠦᠷᠢ ᠶᠢᠨ ᠳᠡᠰ ᠢ ︽ᠰᠢᠷ᠎ᠠ ︵ᠡ᠊ᠩ ᠤᠨ ᠠᠶᠤᠯ ᠲᠦᠭᠰᠢᠭᠦᠷᠢ︶︾᠂ ︽ᠤᠯᠠᠪᠤᠷ ︵ᠨᠡᠯᠢᠶᠡᠳ ᠥᠨᠳᠥᠷ | ᠠᠶᠤᠯ ᠲᠦᠭᠰᠢᠭᠦᠷᠢ︶︾᠂ ︽ᠤᠯᠠᠭᠠᠨ ︵ᠠᠶᠤᠯ ᠶᠡᠬᠡᠲᠡᠢ︶︾ ᠪᠠ ︽ᠬᠦᠷᠡᠩ ︵ᠬᠠᠯᠳᠠᠪᠤᠷᠢᠲᠤ ᠡᠪᠡᠳᠴᠢᠨ︶︾ | ᠵᠢᠷᠮᠦᠰᠦᠨ ᠪᠦᠰᠡᠭᠦᠢ ᠬᠤᠪᠢᠶᠠᠳᠠᠭ ᠪᠤᠯᠬᠤᠷ ᠲᠡᠳᠡᠨ ᠳᠤ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ | ᠪᠠᠶᠢᠭᠤᠯᠤᠮᠵᠢ ᠶᠢᠨ ᠵᠢᠷᠮᠦᠰᠦᠨ ᠬᠦᠩᠭᠡᠵᠢᠬᠦ ᠬᠤᠭᠤᠴᠠᠭᠠᠨ ᠤ ᠡᠷᠡᠭᠦᠯ ᠮᠡᠡᠳᠦ ᠶᠢ ᠬᠠᠮᠠᠭᠠᠯᠠᠬᠤ ᠦᠢᠯᠡᠴᠢᠯᠡᠭᠡ ᠶᠢ | ᠬᠦᠷᠲᠡᠬᠦ ᠪᠠ ᠡᠮᠨᠡᠯᠭᠡ ᠳᠤ ᠰᠠᠭᠤᠵᠤ ᠬᠥᠩᠭᠡᠵᠢᠬᠦ ᠰᠠᠨᠠᠭᠤᠯᠭ᠎ᠠ ᠦᠭᠬᠦ ᠬᠡᠷᠡᠭᠲᠡᠢ᠃ ᠡᠪᠡᠳᠴᠢᠨ ᠲᠠᠢ ᠠᠴᠠ | ᠪᠤᠯᠤᠭᠠᠳ ᠠᠮᠢ ᠨᠠᠰᠤᠨ ᠳᠤ ᠠᠶᠤᠯ ᠤᠴᠠᠷᠠᠭᠤᠯᠵᠤ ᠮᠡᠳᠡᠬᠦ ᠪᠦᠭᠡᠳ ᠦᠷᠭᠦᠯᠵᠢᠯᠡᠨ ᠬᠦᠩᠭᠡᠵᠢᠬᠦ ᠳᠤ ᠲᠣᠬᠢᠷᠠᠮᠵᠢ | ᠦᠭᠡᠢ ᠵᠢᠷᠮᠦᠰᠦᠨ ᠪᠦᠰᠡᠭᠦᠶ ᠶᠢ ᠳᠡᠳ᠋ ᠡᠷᠬᠢᠯᠡᠭᠴᠢ ᠠᠴᠠ ᠳᠡᠭᠡᠭᠰᠢ ᠲᠤᠰᠢᠶᠠᠯ ᠡᠭᠦᠷᠭᠡᠯᠡᠬᠦ ᠬᠢᠷᠢ ᠬᠡᠮ ᠲᠠᠢ ᠡᠮᠴᠢ | ᠦᠨᠡᠯᠡᠨ ᠵᠢᠱᠢᠬᠦ ᠪᠠ ᠤᠨᠤᠰᠢᠯᠠᠯᠲᠠ ᠬᠢᠵᠦ᠂ ᠦᠷᠭᠦᠯᠵᠢᠯᠡᠨ ᠵᠢᠷᠮᠦᠰᠦᠯᠡᠬᠦ ᠶᠢᠨ ᠠᠶᠤᠯ ᠲᠦᠭᠰᠢᠭᠦᠷᠢ ᠶᠢ ᠮᠡᠳᠡᠭᠳᠡᠵᠦ᠂ | ᠰᠢᠨᠵᠢᠯᠡᠬᠦ ᠤᠬᠠᠭᠠᠨᠴᠢ ᠪᠦᠭᠡᠳ ᠴᠢᠩᠭ᠎ᠠ ᠨᠢᠮᠪᠠᠶ ᠠᠨᠠᠭᠠᠬᠤ ᠤᠬᠠᠭᠠᠨ ᠤ ᠰᠠᠨᠠᠭᠤᠯᠭ᠎ᠠ ᠳᠤᠷᠠᠳᠬᠤ ᠬᠡᠷᠡᠭᠲᠡᠶ ᠭᠡᠵᠡᠢ᠃ | |