ᠪᠣᠭᠤᠲᠣ ᠬᠤᠲᠠ 7231 ᠲᠦᠮᠡᠨ ᠲᠥᠭᠦᠷᠢᠭ ᠪᠡᠯᠡ ᠮᠥᠩᠭᠦ ᠴᠤᠭᠯᠠᠭᠤᠯᠤᠨ ᠨᠡᠭᠦᠷᠡᠰᠦᠨ ᠤ ᠪᠣᠬᠢᠷᠲᠤᠯ ᠢ ᠵᠠᠰᠠᠵᠤ ᠪᠣᠢ
ᠨᠡᠶᠢᠲᠡᠯᠡᠭᠰᠡᠨ ᠴᠠᠭ᠄
2018/6/22
     ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠶᠢ ᠲᠥᠯᠬᠢᠨ ᠠᠬᠢᠭᠤᠯᠵᠤ᠂ ᠬᠥᠬᠡ ᠣᠭᠲᠠᠷᠭᠤᠢ ᠶᠢ ᠬᠠᠮᠠᠭᠠᠯᠠᠬᠤ ᠪᠠᠶᠢᠯᠳᠤᠭᠠᠨ ᠤ ᠢᠯᠠᠯᠲᠠ ᠶᠢ ᠤᠯᠬᠤ ᠶᠢᠨ ᠲᠤᠰᠠᠳᠠ᠂ ᠪᠤᠭᠤᠲᠤ ᠬᠤᠲᠠ ᠶᠢᠨ ᠵᠠᠰᠠᠭ ᠤᠨ ᠣᠷᠳᠣᠨ ᠠᠴᠠ ᠪᠤᠭᠤᠲᠤ ᠬᠤᠲᠠ ᠶᠢᠨ ᠴᠡᠪᠡᠷ ᠳᠤᠯᠠᠭᠠᠯᠠᠯᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ᠂ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠡᠪᠡᠷ ᠳᠤᠯᠠᠭᠠᠯᠠᠯᠭ᠎ᠠ ︵ᠨᠡᠭᠦᠷᠡᠰᠦ ᠰᠤᠯᠠ ᠰᠢᠲᠠᠭᠠᠬᠤ ᠶᠢ ᠵᠠᠰᠠᠬᠤ︶᠎ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠨᠢᠭᠡ᠂ ᠬᠤᠳᠠ ᠶᠢᠨ ᠱᠠᠲᠤᠨ ᠤ ᠨᠥᠬᠦᠪᠥᠷᠢ ᠪᠡᠯᠡ ᠮᠥᠩᠭᠦ ᠶᠢ ᠣᠯᠠᠨ ᠠᠷᠭ᠎ᠠ ᠬᠡᠮᠵᠢᠶ᠎ᠡ ᠪᠠᠷ ᠴᠤᠭᠯᠠᠭᠤᠯᠵᠠᠢ᠃ ᠨᠢᠳᠤᠨᠤᠨ ᠠᠴᠠ ᠨᠠᠰᠢ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠴᠡᠪᠡᠷ ᠳᠤᠯᠠᠭᠠᠯᠠᠯᠭ᠎ᠠ ︵ᠨᠡᠭᠦᠷᠡᠰᠦ ᠰᠤᠯᠠ ᠰᠢᠲᠠᠭᠠᠬᠤ ᠶᠢ ᠵᠠᠰᠠᠬᠤ︶᠎ ᠶᠢᠨ ᠠᠬᠢᠴᠠ ᠪᠣᠯᠣᠨ ᠪᠣᠳᠠᠲᠠᠶ ᠪᠠᠶᠢᠳᠠᠯ ᠢ ᠦᠨᠳᠦᠰᠦᠯᠡᠵᠦ᠂ ᠲᠥᠰᠦᠪ ᠢ ᠲᠣᠬᠢᠷᠠᠭᠤᠯᠬᠤ᠂ ᠤᠯᠤᠰ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠱᠢᠶ᠎ᠡ ᠦᠵᠡᠭᠦᠯᠬᠦ ᠪᠡᠯᠡ ᠮᠥᠩᠭᠦ ᠶᠢ ᠣᠯᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ 7231 ᠲᠦᠮᠡᠨ ᠲᠥᠭᠦᠷᠢᠭ ᠪᠡᠯᠡ ᠮᠥᠩᠭᠦ ᠶᠢ ᠴᠤᠭᠯᠠᠭᠤᠯᠤᠨ ᠴᠡᠪᠡᠷ ᠳᠤᠯᠠᠭᠠᠯᠠᠯᠭ᠎ᠠ ᠳᠤ ᠬᠡᠷᠡᠭᠯᠡᠵᠡᠢ᠂ ᠡᠭᠦᠨ ᠳᠤ᠄ 2017 ᠣᠨ ᠳᠤ 6000 ᠲᠦᠮᠡᠨ ᠲᠥᠭᠦᠷᠢᠭ᠂ 2018 ᠣᠨ ᠳᠤ 1231 ᠲᠦᠮᠡᠨ ᠲᠥᠭᠦᠷᠢᠭ ᠴᠤᠭᠯᠠᠭᠤᠯᠵᠠᠢ᠃      ᠬᠤᠶᠠᠷ᠂ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠲᠡ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠠᠢ᠃ ᠡᠨᠡ ᠵᠢᠯ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠷᠴᠠ ᠭᠠᠪᠰᠢᠭᠠᠶ ᠬᠦᠴᠦᠨ ᠢ ᠰᠤᠩᠭᠤᠨ᠂ ᠵᠠᠭᠤᠴᠢ ᠪᠠᠶᠢᠭᠤᠯᠤᠮᠵᠢ ᠳᠤ ᠲᠦᠰᠢᠭᠯᠡᠨ᠂ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠴᠡᠪᠡᠷ ᠳᠤᠯᠠᠭᠠᠯᠠᠯᠭ᠎ᠠ ︵ᠨᠡᠭᠦᠷᠡᠰᠦ ᠶᠢ ᠰᠤᠯᠠ ᠰᠢᠲᠠᠭᠠᠬᠤ︶᠎ ᠶᠢᠨ ᠵᠦᠢᠯᠡᠰ ᠲᠤ ᠬᠤᠯᠪᠣᠭᠳᠠᠬᠤ 5 ᠬᠤᠰᠢᠭᠤ ᠰᠢᠶᠠᠨ ᠲᠣᠭᠤᠷᠢᠭ᠂ 2 ᠬᠡᠪᠲᠦ ᠨᠡᠭᠦᠷᠡᠰᠦᠨ ᠤ ᠠᠵᠤ ᠠᠬᠤᠶᠢᠯᠠᠯ᠂ 2 ᠢᠯᠴᠢ ᠬᠠᠩᠭᠠᠬᠤ ᠠᠵᠤ ᠠᠬᠤᠶᠢᠯᠠᠯ ᠳᠤ ᠭᠦᠨᠵᠡᠭᠡᠶᠢᠷᠡᠨ ᠳᠦᠷᠤᠯ ᠵᠦᠢᠯ ᠤᠨ ᠬᠡᠷᠡᠭᠵᠢᠭᠦᠯᠦᠯᠲᠡ᠂ ᠪᠡᠯᠡ ᠮᠦᠩᠭᠦᠨ ᠤ ᠣᠯᠭᠤᠯᠲᠠ ᠬᠡᠷᠡᠭᠯᠡᠯᠲᠡ ᠵᠡᠷᠭᠡ ᠪᠠᠶᠢᠳᠠᠯ ᠳᠤ ᠲᠤᠰᠬᠠᠶ ᠬᠢᠨᠠᠨ ᠪᠠᠶᠢᠴᠠᠭᠠᠯᠲᠠ ᠬᠢᠵᠡᠢ᠃ ᠡᠭᠦᠨ ᠤ ᠬᠠᠮᠲᠤ᠂ ᠴᠡᠪᠡᠷ ᠳᠤᠯᠠᠭᠠᠯᠠᠯᠭ᠎ᠠ ︵ᠨᠡᠭᠦᠷᠡᠰᠦ ᠶᠢ ᠰᠤᠯᠠ ᠰᠢᠲᠠᠭᠠᠬᠤ︶᠎ ᠶᠢᠨ ᠲᠦᠷᠦᠯ ᠵᠦᠢᠯ ᠢ ᠡᠨᠡ ᠵᠢᠯ ᠤᠨ ᠬᠤᠲᠠ ᠶᠢᠨ ᠳᠤᠰ ᠱᠠᠲᠤᠨ ᠤ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠭᠤᠣᠯᠳᠠᠯᠭ᠎ᠠ ᠳᠤ ᠵᠢᠭᠰᠠᠭᠠᠨ᠂ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠪᠣᠯᠵᠠᠢ᠃      ᠭᠤᠷᠪᠠ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠪᠠᠲᠤᠯᠠᠵᠠᠢ᠃ ᠥᠨᠥ ᠪᠣᠯᠲᠠᠯ᠎ᠠ᠂ ᠪᠥᠬᠦ ᠬᠤᠲᠠ ᠶᠢᠨ 28 ᠲᠤᠰᠬᠤᠨ ︵ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ︶᠎ ᠳᠤ ᠨᠢᠭᠡᠨᠲᠡ ᠰᠠᠭᠤᠭᠠᠯᠢ ᠠᠷᠠᠳ ᠤᠨ ᠴᠡᠪᠡᠷ ᠳᠤᠯᠠᠭᠠᠯᠠᠯᠭ᠎ᠠ ᠶᠢᠨ ᠠᠵᠢᠯ ᠢ ᠥᠷᠨᠢᠭᠦᠯᠵᠦ᠂ ᠡᠭᠦᠨ ᠳᠤ 12 ᠲᠣᠰᠬᠤᠨ ︵ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ︶᠎ ᠤ ᠡᠷᠦᠬᠡ ᠳᠤ ᠬᠤᠭᠤᠯᠠᠶ ᠶᠢᠨ ᠲᠣᠣᠷ ᠣᠷᠣᠭᠤᠯᠬᠤ ᠪᠠᠷᠢᠯᠭ᠎ᠠ ᠶᠢ ᠪᠡᠶᠡᠯᠡᠭᠦᠯᠵᠦ᠂ ᠦᠯᠡᠳᠡᠭᠰᠡᠨ 16 ᠲᠣᠰᠬᠤᠨ ︵ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ︶᠎ ᠳᠤ ᠶᠠᠭ ᠡᠷᠦᠬᠡ ᠳᠤ ᠬᠤᠭᠤᠯᠠᠶ ᠶᠢᠨ ᠲᠣᠣᠷ ᠣᠷᠤᠭᠤᠯᠬᠤ ᠪᠠᠷᠢᠯᠭ᠎ᠠ ᠶᠢ ᠪᠠᠷᠢᠵᠦ ᠪᠣᠢ᠂ ᠨᠡᠶᠢᠲᠡ8110 ᠡᠷᠦᠬᠡ ᠳᠤ ᠬᠤᠭᠤᠯᠠᠶ ᠶᠢᠨ ᠲᠣᠣᠷ ᠢ ᠨᠡᠪᠲᠡᠷᠡᠭᠦᠯᠪᠡ᠃ ᠴᠡᠪᠡᠷ ᠬᠡᠪᠲᠤ ᠨᠡᠭᠦᠷᠡᠰᠦᠨ ᠤ ᠰᠠᠯᠪᠤᠷᠢ ᠪᠣᠷᠤᠯᠠᠭᠤᠯᠤᠭ᠎ᠠ ᠶᠢᠨ ᠴᠢᠭ᠋ ᠢ 64 ᠪᠠᠶᠢᠭᠤᠯᠤᠨ᠂ ᠴᠡᠪᠡᠷ ᠬᠡᠪᠲᠦ ᠨᠡᠭᠦᠷᠡᠰᠦ ᠶᠢ 31668 ᠲᠣᠨ ᠪᠣᠷᠣᠯᠠᠭᠤᠯᠵᠦ᠂ 6.3 ᠲᠦᠮᠡᠨ ᠡᠷᠦᠬᠡ ᠰᠠᠭᠤᠭᠠᠯᠢ ᠠᠷᠠᠳ ᠢ ᠬᠠᠮᠤᠷᠴᠠᠢ᠃ 1.1 ᠲᠦᠮᠡᠨ ᠡᠷᠤᠭᠡ ᠶᠢᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠨᠢᠭᠡᠨᠲᠡ ᠪᠦᠬᠦᠨ ᠢ ᠵᠠᠰᠠᠵᠤ ᠪᠠᠷᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号