ᠦᠪᠡᠷᠳᠡᠭᠡᠨ ᠵᠠᠰᠠᠬᠤ ᠤᠷᠤᠨ ᠤ ᠲᠤᠶᠢᠯ ᠤᠨ ᠣᠨᠣᠪᠴᠢᠲᠠᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠢᠯᠠᠯᠳᠠ ᠶᠢ ᠤᠯᠬᠤ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠬᠠᠷᠠᠭᠠᠨ ᠳᠠᠪᠲᠠᠮᠵᠢᠲᠤ ᠬᠤᠷᠠᠯ ᠢ ᠬᠥᠬᠡᠬᠤᠲᠠ ᠳᠤ ᠬᠢᠪᠡ
ᠨᠡᠶᠢᠲᠡᠯᠡᠭᠰᠡᠨ ᠴᠠᠭ᠄
2018/6/25
     ᠦᠪᠡᠷᠳᠡᠭᠡᠨ ᠵᠠᠰᠬᠠᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠬᠤᠷᠠᠯ ᠠᠴᠠ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠤ ᠠᠳᠠᠯᠢᠳᠬᠠᠬᠤ ᠰᠤᠷᠤᠯᠴᠠᠬᠤ ᠭᠦᠢᠴᠡᠬᠦ ᠬᠠᠪᠰᠤᠷᠬᠤ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠲᠦᠷᠢᠮ ᠢ ᠪᠠᠶᠢᠭᠤᠯᠵᠦ᠂ ᠡᠨᠡ ᠵᠢᠯ ᠤᠨ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠬᠢᠯᠡᠨ ᠬᠤᠶᠠᠷ ᠰᠠᠷ᠎ᠠ ᠪᠦᠷᠢ ᠨᠢᠭᠡ ᠤᠳᠠᠭ᠎ᠠ ᠬᠤᠰᠢᠭᠤ ᠰᠢᠶᠠᠨ ᠬᠦᠷᠳᠡᠯ᠎ᠡ ᠨᠡᠪᠳᠡᠷᠡᠬᠦ ᠬᠠᠷᠠᠭᠠᠨ ᠳᠠᠪᠲᠠᠮᠵᠢᠲᠤ ᠬᠤᠷᠠᠯ ᠢ ᠬᠢᠵᠦ᠂ ᠬᠡᠰᠡᠭ ᠬᠤᠰᠢᠭᠤ ᠰᠢᠶᠠᠨ ᠢ ᠰᠤᠩᠭᠤᠨ ᠲᠤᠰᠢᠶᠠᠯ ᠎ ᠤᠨ ᠮᠡᠳᠡᠭᠦᠯᠦᠯᠳᠡ ᠬᠢᠯᠭᠡᠨ ᠰᠠᠨᠠᠯ ᠰᠤᠯᠢᠯᠴᠠᠵᠤ᠂ ᠰᠠᠶᠢᠨ ᠨᠢ ᠲᠤᠷᠰᠢᠯᠭ᠎ᠠ ᠪᠠᠨ ᠰᠤᠯᠢᠯᠴᠠᠨ᠂ ᠮᠠᠭᠤ ᠨᠢ ᠪᠠᠶᠢᠴᠠᠭᠠᠨ ᠬᠠᠷᠭᠤᠭᠤᠯᠵᠤ᠂ ᠦᠪᠡᠷᠳᠡᠭᠡᠨ ᠵᠠᠰᠠᠬᠤ ᠤᠷᠤᠨ ᠤ ᠤᠳᠤᠷᠢᠳᠬᠤ ᠨᠦᠬᠦᠳ ᠠᠴᠠ ᠦᠨᠡᠯᠡᠯᠳᠡ ᠬᠢᠭᠦ ᠪᠠ ᠶᠠᠷᠢᠶ᠎ᠠ ᠲᠠᠯᠪᠢᠬᠤ ᠪᠠᠷ ᠲᠤᠷᠠᠳᠴᠠᠢ᠃      6 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠠᠩᠬᠠᠳᠤᠭᠠᠷ ᠤᠳᠠᠭ᠎ᠠ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠬᠠᠷᠠᠭᠠᠨ ᠳᠠᠪᠲᠠᠮᠵᠢᠲᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠲᠡᠭᠡᠷ᠎ᠠ᠂ ᠤᠯᠠᠭᠠᠨᠬᠤᠳᠠ᠂ ᠬᠤᠷᠴᠢᠨ ᠵᠡᠭᠦᠨ ᠭᠠᠷᠤᠨ ᠬᠤᠶᠢᠳᠦ ᠬᠤᠰᠢᠭᠤ᠂ ᠬᠠᠷᠠᠴᠢᠨ ᠬᠤᠰᠢᠭᠤ᠂ ᠱᠠᠩᠳᠤ ᠰᠢᠶᠠᠨ ᠨᠡᠶᠢᠳᠡᠯᠢᠭ ᠵᠢᠱᠢᠶ᠎ᠠ ᠶᠢᠨ ᠦᠭᠡ ᠬᠡᠯᠡᠵᠦ᠂ ᠤᠷᠠᠳ ᠤᠨ ᠡᠮᠦᠨᠡᠳᠦ ᠬᠤᠰᠢᠭᠤ ᠪᠤᠯᠵᠤᠨ ᠶᠠᠷᠢᠯᠴᠠᠬᠰᠠᠨ ᠤ ᠳᠠᠷᠠᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢᠶᠠᠨ ᠬᠠᠷᠢᠭᠤ ᠮᠡᠳᠡᠭᠦᠯᠵᠤ᠂ ᠬᠦᠷᠢᠶ᠎ᠠ ᠬᠤᠰᠢᠭᠤ᠂ ᠰᠢᠩᠾᠧ ᠰᠢᠶᠠᠨ ᠵᠤᠬᠢᠶᠠᠨ ᠪᠠᠶᠢᠭᠤᠯᠤᠯᠳᠠ ᠶᠢᠨ ᠲᠤᠬᠢᠷᠠᠭᠤᠯᠤᠯᠳᠠ ᠬᠢᠭᠰᠡᠨ ᠤ ᠲᠠᠷᠠᠭᠠᠬᠢ ᠠᠵᠢᠯ ᠤᠨ ᠲᠤᠬᠠᠢ ᠵᠤᠷᠢᠭ ᠢᠶᠠᠨ ᠢᠯᠡᠳᠬᠡᠪᠡ᠃      ᠯᠢ ᠵᠢᠢ ᠾᠧᠩ ᠬᠤᠷᠠᠯ ᠢ ᠡᠷᠬᠢᠯᠡᠭᠦ ᠳᠡᠭᠡᠨ ᠵᠢᠭᠠᠭᠰᠠᠨ ᠨᠢ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠤ ᠠᠳᠠᠯᠢᠳᠬᠠᠬᠤ ᠰᠤᠷᠤᠯᠴᠠᠬᠤ ᠭᠦᠢᠴᠡᠬᠦ ᠬᠠᠪᠰᠤᠷᠬᠤ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠲᠦᠷᠢᠮ ᠢ ᠬᠡᠷᠡᠭᠵᠢᠭᠦᠯᠭᠦ ᠨᠢ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠴᠢᠬᠤᠯᠠ ᠲᠦᠷᠢᠮ ᠤᠨ ᠲᠤᠬᠢᠷᠠᠭᠤᠯᠤᠯᠳᠠ ᠪᠤᠯᠤᠨ᠎ᠠ᠂ ᠲᠠᠷᠤᠢ ᠲᠤᠮᠤ ᠮᠦᠷᠦ᠋ᠢᠴᠡᠭᠡᠨ ᠤ ᠲᠠᠯᠠᠪᠠᠢ᠂ ᠲᠤᠮᠤ ᠰᠤᠯᠢᠯᠴᠠᠭᠠᠨ ᠤ ᠲᠠᠪᠴᠠᠩ ᠢ ᠪᠠᠶᠢᠭᠤᠯᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠠᠵᠢᠯ ᠢᠶᠠᠨ ᠬᠡᠷᠬᠢᠨ ᠨᠡᠶᠢᠳᠡᠪᠦᠷᠢᠵᠢᠭᠤᠯᠵᠤ ᠪᠠᠶᠢᠭ᠎ᠠ᠂ ᠦᠨᠡᠨᠭᠦ ᠬᠦᠴᠦ ᠤᠷᠤᠭᠤᠯᠤᠬᠰᠠᠨ ᠡᠰᠡᠭᠦ ᠶᠢ ᠪᠠᠶᠢᠴᠠᠭᠠᠨ ᠦᠵᠡᠵᠤ᠂ ᠲᠦᠪᠯᠡᠷᠡᠭᠦᠯᠦᠨ ᠰᠢᠯᠭᠠᠨ ᠦᠵᠡᠭᠦ᠂ ᠬᠠᠷᠢᠯᠴᠠᠨ ᠠᠳᠠᠯᠢᠳᠬᠠᠬᠤ ᠪᠠᠷ ᠲᠠᠮᠵᠢᠨ ᠡᠯ᠎ᠠ ᠱᠠᠳᠤᠨ ᠳᠤ ᠦᠨᠡᠨᠭᠦ ᠲᠠᠷᠤᠯᠳᠠ ᠦᠭᠭᠦᠨ ᠰᠡᠩᠬᠡᠷᠡᠭᠦᠯᠦᠯ ᠬᠦᠷᠳᠡᠭᠡᠵᠦ᠂ ᠲᠤᠶᠢᠯ ᠤᠨ ᠣᠨᠣᠪᠴᠢᠲᠠᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠠᠶᠢᠳᠤᠷ ᠬᠢᠵᠤ ᠢᠯᠠᠯᠳᠠ ᠤᠯᠬᠤ ᠭᠦᠨ ᠵᠤᠵᠠᠭᠠᠨ ᠠᠭᠤᠷ ᠠᠮᠢᠰᠬᠤᠯ ᠢ ᠴᠢᠨᠠᠬᠰᠢᠳᠠ ᠪᠤᠢ ᠪᠤᠯᠭᠠᠬᠤ ᠪᠠᠷ ᠵᠤᠷᠢᠯᠭ᠎ᠠ ᠪᠤᠯᠭᠠᠵᠠᠢ ᠭᠡᠵᠡᠢ᠃      ᠯᠢ ᠵᠢᠢ ᠾᠧᠩ ᠦᠨᠡᠯᠡᠯᠲᠡ ᠬᠢᠬᠦ ᠳᠡᠭᠡᠨ ᠵᠢᠭᠠᠭᠰᠠᠨ ᠨᠢ᠂ 7 ᠬᠤᠰᠢᠭᠤ ᠰᠢᠶᠠᠨ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨᠴᠠᠯᠢᠭ ᠲᠠᠢ ᠪᠦᠭᠡᠳ ᠬᠢᠯᠡᠰ ᠴᠢᠭ᠋ ᠲᠠᠢ ᠪᠠᠶᠢᠨ᠎ᠠ᠂ ᠬᠡᠪᠡᠴᠤ ᠪᠠᠰᠠ ᠲᠤᠳᠠᠭᠤᠳᠠᠯ ᠪᠤᠯᠤᠨ ᠵᠦᠷᠢᠶ᠎ᠠ ᠲᠠᠢ ᠪᠠᠶᠢᠨ᠎ᠠ᠂ ᠰᠠᠶᠢᠳᠤᠷ ᠬᠢᠵᠤ ᠪᠠᠶᠢᠭ᠎ᠠ ᠨᠢ ᠦᠷᠭᠦᠯᠵᠢᠯᠡᠨ ᠪᠠᠬᠢᠵᠢᠭᠦᠯᠦᠨ ᠲᠡᠭᠡᠭᠰᠢᠯᠡᠭᠦᠯᠵᠤ᠂ ᠰᠢᠪᠲᠤᠯᠤᠯᠲᠠ ᠶᠢᠨ ᠦᠷ᠎ᠠ ᠪᠦᠳᠦᠭᠡᠯ ᠢᠶᠠᠨ ᠦᠷᠭᠡᠳᠭᠡᠭᠦ ᠬᠡᠷᠡᠭᠳᠡᠢ᠂ ᠠᠵᠢᠯ ᠤᠨ ᠲᠠᠯ᠎ᠠ ᠪᠠᠷ ᠵᠦᠷᠢᠶ᠎ᠠ ᠲᠠᠢ ᠪᠠᠶᠢᠬᠤ ᠨᠢ ᠨᠡᠩ ᠴᠢᠷᠮᠠᠶᠢᠨ ᠲᠡᠮᠡᠴᠡᠵᠤ ᠲᠠᠪᠠᠵᠤ ᠭᠠᠷᠬᠤ ᠪᠠᠷ ᠴᠢᠷᠮᠠᠶᠢᠬᠤ ᠬᠡᠷᠡᠭᠳᠡᠢ᠃ ᠡᠯ᠎ᠠ ᠭᠠᠵᠠᠷ ᠤᠷᠤᠨ ᠨᠠᠷᠢᠨ ᠬᠢᠨᠠᠮᠠᠭᠠᠢ ᠪᠠᠷ ᠬᠠᠷᠢᠴᠠᠭᠤᠯᠤᠨ ᠪᠠᠶᠢᠴᠠᠭᠠᠵᠤ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ᠂ ᠪᠤᠳᠠᠳᠠᠢ ᠠᠷᠭ᠎ᠠ  ᠪᠥᠭᠡᠳ ᠬᠠᠳᠠᠭᠤ ᠠᠷᠭ᠎ᠠ ᠬᠡᠮᠵᠢᠶ᠎ᠠ ᠠᠪᠴᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠯ᠎ᠠ ᠵᠦᠢᠯ ᠤᠨ ᠠᠵᠢᠯ ᠢ ᠨᠡᠩ ᠰᠠᠶᠢᠨ ᠬᠢᠭᠦ ᠪᠠᠷ ᠴᠢᠷᠮᠠᠶᠢᠬᠤ ᠬᠡᠷᠡᠭᠳᠡᠢ ᠭᠡᠵᠡᠢ᠃      ᠯᠢ ᠵᠢᠢ ᠾᠧᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠤᠷᠤᠨ ᠲᠠᠶᠠᠭᠠᠷ ᠢᠶᠠᠨ ᠡᠷᠬᠡᠪᠰᠢ ᠮᠠᠨ ᠤᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠲᠤᠯᠭᠠᠷᠠᠵᠤ ᠪᠦᠬᠦᠢ ᠪᠠᠶᠢᠳᠠᠯ ᠢ ᠲᠤᠳᠤᠷᠬᠠᠢ ᠲᠠᠨᠢᠵᠤ᠂ ᠠᠮᠵᠢᠯᠳᠡ ᠪᠠᠨ ᠤᠯᠵᠤ ᠬᠠᠷᠠᠨ ᠢᠳᠡᠭᠡᠯ ᠢᠶᠠᠨ ᠪᠠᠳᠤᠳᠬᠠᠬᠤ ᠮᠦᠷᠳᠡᠭᠡᠨ ᠨᠡᠩ ᠴᠤ ᠵᠦᠷᠢᠶ᠎ᠠ ᠪᠠᠨ ᠤᠯᠵᠤ ᠬᠠᠷᠠᠨ ᠬᠦᠨᠵᠡᠭᠡᠢ ᠲᠤᠩᠭᠠᠵᠤ᠂ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠡᠢ᠃ ᠲᠠᠨᠢᠯᠳᠠ ᠪᠠᠨ ᠴᠢᠨᠠᠬᠰᠢᠳᠠ ᠲᠡᠭᠡᠭᠰᠢᠯᠡᠭᠦᠯᠵᠤ᠂ ︽ᠲᠦᠷᠪᠡᠨ ᠤᠬᠠᠮᠰᠠᠷ︾᠎ ᠢᠶᠠᠨ ᠴᠢᠨᠠᠬᠰᠢᠳᠠ ᠳᠡᠭᠡᠭᠰᠢᠯᠡᠭᠦᠯᠦᠨ᠂ ᠰᠢ ᠶᠢᠨ ᠫᠢᠩ ᠤᠨ ᠶᠠᠳᠠᠭᠤ ᠶᠢ ᠲᠡᠳᠭᠦᠭᠦ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠵᠤᠷᠢᠭ ᠰᠢᠭᠤᠳᠤᠨ ᠬᠦᠴᠦᠯᠡᠨ ᠴᠢᠷᠮᠠᠶᠢᠵᠤ᠂ ᠪᠤᠳᠠᠳᠤ ᠠᠵᠢᠯᠯᠠᠭ᠎ᠠ ᠪᠤᠯᠤᠨ ᠯᠠᠪᠳᠠᠭᠤᠨ ᠪᠠᠳᠤᠳᠠᠢ ᠦᠷ᠎ᠠ ᠪᠦᠳᠦᠮᠵᠢ ᠪᠠᠷ ᠢᠶᠠᠨ ᠦᠨᠡᠨᠴᠢ ᠰᠢᠳᠤᠷᠭᠤ ᠪᠠᠶᠢᠬᠤ ᠪᠠ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠬᠦ ᠬᠡᠷᠡᠭᠳᠡᠢ᠃ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠲᠠᠯ᠎ᠠ ᠪᠠᠷ ᠲᠠᠬᠢᠨ ᠪᠤᠳᠠᠳᠠᠶᠢᠵᠢᠭᠤᠯᠵᠤ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠪᠤᠯᠤᠨ ᠦᠷᠭᠡᠨ ᠤᠯᠠᠨ ᠶᠠᠳᠠᠭᠤ ᠶᠢ ᠲᠡᠳᠭᠦᠭᠦ ᠺᠠᠳ᠋ᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠠᠳᠠᠭᠤ ᠶᠢ ᠲᠡᠳᠭᠦᠭᠦ ᠶᠢ ᠠᠳᠬᠤᠨ ᠰᠢᠪᠲᠤᠯᠤᠯᠲᠠ ᠶᠢ ᠠᠬᠢᠭᠤᠯᠵᠦ᠂ ᠤᠨᠴᠠᠭᠠᠢᠢᠯᠠᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠳ ᠤᠶᠤᠨ ᠤᠬᠠᠭᠠᠨ ᠬᠦᠴᠦᠨ ᠴᠢᠳᠠᠯ ᠢᠶᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠲᠡᠭᠡᠷ᠎ᠠ ᠲᠠᠯᠪᠢᠵᠤ᠂ ᠪᠡᠶ᠎ᠠ ᠪᠠᠷ ᠢᠶᠠᠨ ᠤᠷᠤᠯᠴᠠᠨ ᠬᠢᠵᠤ᠂ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠠᠬᠢᠨ ᠬᠦᠴᠦᠯᠡᠵᠤ᠂ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠰᠢᠨ᠎ᠠ ᠠᠰᠠᠭᠤᠳᠠᠯ ᠢ ᠲᠠᠯᠪᠢᠬᠤ ᠦᠭᠡᠢ᠂ ᠬᠠᠭᠤᠴᠢᠨ ᠠᠰᠠᠭᠤᠳᠠᠯ ᠢ ᠲᠠᠬᠢᠨ ᠭᠠᠷᠭᠠᠬᠤ ᠦᠭᠡᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃ ᠠᠷᠭ᠎ᠠ ᠬᠢᠳᠡᠯ ᠤᠨ ᠲᠠᠯ᠎ᠠ ᠪᠠᠷ ᠲᠠᠬᠢᠨ ᠤᠨᠤᠪᠴᠢᠳᠠᠢ ᠪᠤᠯᠭᠠᠵᠤ᠂ ᠲᠤᠶᠢᠯ ᠤᠨ ᠣᠨᠣᠪᠴᠢᠲᠠᠢ ᠶᠠᠳᠠᠭᠤ ᠶᠢ ᠲᠡᠳᠭᠦᠭᠦ ᠪᠠ ᠲᠤᠶᠢᠯ ᠤᠨ ᠣᠨᠣᠪᠴᠢᠲᠠᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠰᠠᠶᠢᠳᠤᠷ ᠨᠡᠶᠢᠳᠡᠪᠦᠷᠢᠵᠢᠭᠤᠯᠵᠤ᠂ ᠦᠨᠡᠨᠭᠦ ᠲᠤᠬᠢᠳᠠᠢ ᠭᠠᠵᠠᠷ ᠲᠤᠨᠢ ᠲᠡᠳᠭᠦᠵᠤ᠂ ᠦᠨᠳᠦᠰᠦᠨ ᠠᠴᠠ ᠎ ᠨᠢ ᠲᠡᠳᠭᠦᠭᠦ ᠬᠡᠷᠡᠭᠳᠡᠢ᠃ ᠬᠢᠨᠠᠨ ᠰᠢᠯᠭᠠᠬᠤ ᠲᠠᠯ᠎ᠠ ᠪᠠᠷ ᠲᠠᠬᠢᠨ ᠴᠢᠩᠳᠠᠯᠠᠵᠤ᠂ ᠬᠦᠬᠢᠭᠦᠯᠦᠨ ᠰᠠᠶᠢᠰᠢᠶᠠᠬᠤ ᠪᠠ ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠭᠡᠮᠵᠢᠯᠡᠭᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠴᠢᠩᠭ᠎ᠠ ᠪᠦᠭᠡᠳ ᠪᠤᠳᠠᠳᠠᠢ ᠠᠬᠢᠭᠤᠯᠬᠤ ᠢᠯᠡ ᠲᠤᠳᠤ ᠤᠳᠤᠷᠢᠳᠤᠮᠵᠢ ᠶᠢ ᠦᠨᠡᠨᠭᠦ ᠪᠤᠢ ᠪᠤᠯᠭᠠᠬᠤ ᠬᠡᠷᠡᠭᠳᠡᠢ ᠬᠡᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢᠭᠡᠴᠡ ᠶᠢᠨ ᠬᠠᠷᠢᠭᠤᠴᠠᠯᠭᠠᠳᠠᠨ ᠨᠦᠬᠦᠳ ᠬᠦᠬᠡᠬᠤᠳᠠ ᠳᠠᠬᠢ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠤ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠢ ᠠᠩᠬᠢ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠲᠤᠰᠬᠤᠨ ᠳᠤ ᠰᠠᠭᠤᠭ᠎ᠠ ᠠᠵᠢᠯ ᠤᠨ ᠤᠳᠤᠷᠢᠳᠬᠤ ᠲᠤᠭᠤᠢᠢᠯᠠᠩ᠂ ᠰᠤᠮᠤ ᠰᠢᠶᠠᠩ ᠪᠠᠯᠭᠠᠰᠦ ᠶᠢᠨ ᠨᠦᠬᠦᠳ ᠡᠯ᠎ᠠ ᠭᠠᠵᠠᠷ ᠤᠷᠤᠨ ᠳᠠᠬᠢ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号