ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠤᠯᠤᠰ ᠤᠨ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠤᠨ ᠠᠮᠤᠷ ᠲᠥᠪᠰᠢᠨ ᠤ ᠵᠥᠪᠯᠡᠯ ᠤᠨ ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2018/6/25
     6 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠤᠯᠤᠰ ᠤᠨ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠩᠬᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠷᠤᠨ ᠤ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠳᠤᠷ ᠬᠢᠭᠦ ᠪᠠ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠰᠠᠶᠢᠳᠤᠷ ᠨᠡᠶᠢᠳᠡᠪᠦᠷᠢᠵᠢᠭᠤᠯᠬᠤ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠸᠠᠩ ᠯᠢ ᠰᠢᠶᠠ᠂ ᠪᠠᠢ ᠢᠤᠢ ᠭᠠᠩ᠂ ᠯᠦᠸᠧ ᠶᠦᠩ ᠭᠠᠩ᠂ ᠯᠢ ᠱᠤᠤ ᠵᠢᠶᠦ᠋ᠨ᠂ ᠯᠢᠦ ᠬᠤᠢ ᠴᠧᠩ ᠬᠤᠷᠠᠯ ᠳᠤ ᠤᠷᠤᠯᠴᠠᠵᠠᠢ᠃      ᠯᠢ ᠵᠢᠢ ᠾᠧᠩ ᠶᠠᠷᠢᠶᠠᠨ ᠳᠠᠭᠠᠨ ᠵᠢᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠤᠯᠤᠰ ᠤᠨ ᠠᠮᠤᠷ ᠲᠦᠪᠰᠢᠨ ᠤ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠲᠦᠪ ᠤᠨ ᠤᠯᠤᠰ ᠤᠨ ᠠᠮᠤᠷ ᠲᠦᠪᠰᠢᠨ ᠤ ᠵᠦᠪᠯᠡᠯ ᠢ ᠪᠠᠶᠢᠭᠤᠯᠤᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠲᠤᠷᠠᠳᠴᠤ᠂ ᠤᠯᠤᠰ ᠤᠨ ᠠᠮᠤᠷ ᠲᠦᠪᠰᠢᠨ ᠤ ᠰᠢᠰᠲ᠋ᠧᠮᠵᠢ ᠶᠢᠨ ᠭᠤᠤᠯ ᠴᠤᠬᠴᠠ ᠶᠢᠨ ᠪᠤᠷᠤ ᠲᠦᠯᠦᠪ ᠢ ᠠᠩᠬ᠎ᠠ ᠠᠯᠬᠤᠮ ᠴᠤᠬᠴᠠᠯᠠᠵᠤ᠂ ᠤᠷᠳᠤ ᠬᠤᠭᠤᠴᠠᠭ᠎ᠠ ᠰᠢᠢᠳᠪᠦᠷᠢᠯᠡᠭᠦ ᠪᠠᠷ ᠴᠢᠷᠮᠠᠶᠢᠬᠰᠠᠨ ᠴᠤ ᠰᠢᠢᠳᠪᠦᠷᠢᠯᠡᠵᠤ ᠲᠡᠶᠢᠯᠦᠭᠡᠳᠦᠢ ᠪᠠᠶᠢᠬᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠤ᠂ ᠦᠩᠭᠡᠷᠡᠭᠰᠡᠨ ᠳᠤ ᠬᠢᠭᠦ ᠪᠠᠷ ᠪᠤᠳᠤᠬᠰᠠᠨ ᠴᠤ ᠬᠢᠵᠤ ᠲᠡᠶᠢᠯᠦᠭᠡᠳᠦᠢ ᠪᠠᠶᠢᠬᠰᠠᠨ ᠮᠠᠰᠢ ᠤᠯᠠᠨ ᠶᠡᠭᠡ ᠶᠠᠪᠤᠳᠠᠯ ᠢ ᠪᠦᠳᠦᠭᠡᠨ᠂ ᠤᠯᠤᠰ ᠤᠨ ᠠᠮᠤᠷ ᠲᠦᠪᠰᠢᠨ ᠤ ᠠᠵᠢᠯ ᠪᠦᠬᠦ ᠲᠠᠯ᠎ᠠ ᠪᠠᠷ ᠴᠢᠩᠭᠠᠷᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠦᠬᠦ ᠲᠠᠯ᠎ᠠ ᠶᠢᠨ ᠴᠢᠨᠠᠷᠳᠠᠢ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠪᠠ᠃ ᠶᠡᠷᠦᠩᠬᠡᠢ ᠱᠦᠵᠢ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠩᠬᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠦᠨ ᠴᠢᠬᠤᠯᠠ ᠶᠠᠷᠢᠶ᠎ᠠ ᠲᠠᠯᠪᠢᠵᠤ᠂ ᠰᠢᠨ᠎ᠠ ᠴᠠᠭ ᠦᠶ᠎ᠠ ᠶᠢᠨ ᠤᠯᠤᠰ ᠤᠨ ᠠᠮᠤᠷ ᠲᠦᠪᠰᠢᠨ ᠤ ᠠᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠠᠢ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠎ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠡᠷᠡᠰ ᠪᠠᠷᠢᠮᠳᠠᠯᠠᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠮᠠᠨ ᠤ ᠤᠷᠤᠨ ᠤ ᠤᠯᠤᠰ ᠤᠨ ᠠᠮᠤᠷ ᠲᠦᠪᠰᠢᠨ ᠤ ᠠᠵᠢᠯ ᠤᠨ ᠰᠢᠨ᠎ᠠ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠦᠪᠦᠷ ᠮᠤᠩᠭᠤᠯ ᠤᠯᠤᠰ ᠤᠨ ᠠᠮᠤᠷ ᠲᠤᠬᠳᠠᠭᠤᠨ ᠤ ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠤ ᠪᠠᠶᠢᠨ᠎ᠠ᠂ ᠬᠦᠭᠵᠢᠯᠳᠡ ᠪᠤᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠳᠡᠢ ᠲᠦᠯᠦᠪᠵᠢᠭᠦᠯᠭᠦ ᠶᠢ ᠪᠠᠷᠢᠮᠳᠠᠯᠠᠨ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠢᠮᠠᠬᠳᠠ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢᠯᠠᠩᠭᠤᠶ᠎ᠠ ᠵᠠᠰᠠᠭ ᠤᠨ ᠡᠷᠭᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠤᠷᠢᠯᠡᠬᠦ ᠪᠠ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠭᠦ ᠪᠠᠷ ᠭᠤᠤᠯᠳᠠᠯᠭ᠎ᠠ ᠪᠤᠯᠭᠠᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠡᠭᠡ ᠤᠯᠤᠰ ᠤᠨ ᠤᠮᠠᠷᠠᠳᠦ ᠬᠢᠯᠢ ᠶᠢᠨ ᠠᠮᠤᠷ ᠲᠤᠬᠳᠠᠭᠤᠨ ᠤ ᠬᠠᠯᠬᠠᠪᠴᠢ ᠪᠤᠯᠤᠨ ᠮᠠᠨ ᠤ ᠤᠯᠤᠰ ᠎ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠪᠠᠷ ᠭᠤᠤᠯᠳᠠᠯᠭ᠎ᠠ ᠪᠤᠯᠭᠠᠨ᠂ ᠨᠡᠶᠢᠭᠡᠮ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠡᠯ᠎ᠠ ᠬᠦᠷᠢᠶᠡᠨ ᠤ ᠤᠯᠤᠰ ᠤᠨ ᠠᠮᠤᠷ ᠲᠦᠪᠰᠢᠨ ᠤ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠠᠳᠬᠤᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ ᠳᠤ ᠪᠠᠳᠤ ᠪᠠᠬᠢ ᠠᠮᠤᠷ ᠲᠦᠪᠰᠢᠨ ᠤ ᠪᠠᠳᠤᠯᠠᠭ᠎ᠠ ᠬᠠᠩᠭᠠᠬᠤ ᠬᠡᠷᠡᠭᠳᠡᠢ  ᠭᠡᠵᠡᠢ᠃      ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠢᠭᠡᠴᠡ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号