ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2018-06-25
     ︵2008 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 163 ᠳ᠋ᠤᠭᠠᠷ ᠲᠣᠭᠠᠲᠤ ᠪᠠᠷ ᠨᠡᠶᠢᠲᠡᠯᠡᠪᠡ   2018 ᠣᠨ ᠤ 1 ᠳ᠋ᠤᠭᠡᠷ ᠰᠠᠷ᠎ᠠ ᠎ ᠶᠢᠨ 16᠎ ᠤ ᠡᠳᠦᠷ ︽ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠎ ᠢ ᠦᠨᠳᠦᠰᠦᠯᠡᠨ ᠵᠠᠰᠠᠪᠤᠷᠢ ᠣᠷᠣᠭᠤᠯᠪᠠ︶      ᠨᠢᠭᠡᠳᠦᠭᠡᠷ ᠵᠦᠢᠯ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠠᠵᠢᠯᠯᠠᠭ᠎ᠠ ᠶᠢ ᠵᠢᠷᠤᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠎ ᠶᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠎ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠠᠵᠢᠯᠯᠠᠭ᠎ᠠ ᠬᠢᠬᠦ ᠳᠤ ᠲᠤᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠢ᠃      ᠭᠤᠷᠪᠠᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ ᠵᠦᠢ ᠵᠣᠬᠢᠰᠲᠠᠢ ᠲᠡᠭᠦᠵᠦ ᠴᠤᠭᠯᠠᠭᠤᠯᠬᠤ᠂ ᠦᠷᠬᠦᠯᠵᠢᠯᠡᠭᠦᠯᠦᠨ ᠠᠰᠢᠭᠯᠠᠬᠤ ᠵᠠᠷᠴᠢᠮ ᠢ ᠵᠢᠷᠤᠮᠯᠠᠬᠤ ᠬᠡᠷᠡᠭᠲᠡᠢ᠃      ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠤᠲᠤᠭ ᠪᠡᠯᠴᠢᠭᠡᠷ ᠲᠤ ᠬᠢᠨᠠᠯᠲᠠ ᠲᠠᠯᠪᠢᠵᠤ ᠬᠠᠮᠢᠶᠠᠷᠬᠤ ᠪᠠᠶᠢᠭᠤᠯᠤᠮᠵᠢ ᠨᠤᠭᠤᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠳᠤ ᠪᠤᠳᠠᠲᠠᠢ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃      ᠲᠠᠪᠤᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠢᠳᠡᠭᠡᠨ ᠪᠠ ᠡᠮ ᠤᠨ ᠵᠦᠢᠯ ᠳᠤ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠲᠠᠯ᠎ᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠬᠦ ᠬᠡᠷᠡᠭᠲᠡᠢ᠃      ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠵᠢᠴᠢ ᠤᠷᠭᠤᠯᠲᠠ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ ᠪᠤᠶᠤ ᠤᠷᠭᠤᠯᠲᠠ ᠶᠢᠨ ᠣᠷᠴᠢᠨ ᠲᠣᠭᠤᠷᠢᠨ ᠢ ᠡᠪᠳᠡᠬᠦ ᠶᠢ ᠴᠠᠭᠠᠵᠠᠯᠠᠨ᠎ᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠢ ᠬᠠᠮᠠᠭᠠᠯᠠᠬᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠨᠤᠲᠤᠭ ᠪᠡᠯᠴᠢᠭᠡᠷ ᠤᠨ ᠬᠡᠭᠡᠷ᠎ᠡ ᠎ ᠶᠢᠨ ᠤᠷᠭᠤᠮᠠᠯ ᠤᠨ ᠨᠡᠷᠡᠰ ᠤᠨ ᠲᠡᠭᠦᠪᠦᠷᠢ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠬᠡᠷᠡᠭᠲᠡᠢ᠃      ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠪᠠᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠬᠤ ᠲᠥᠯᠥᠪᠵᠢᠭᠦᠯᠭᠡ ᠪᠠᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠠᠷᠠᠭ᠎ᠠ ᠨᠢᠭᠡ ᠵᠢᠯ ᠤᠨ ᠨᠤᠲᠤᠭ ᠪᠡᠯᠴᠢᠭᠡᠷ ᠤᠨ ᠬᠡᠭᠡᠷ᠎ᠡ ᠎ ᠶᠢᠨ ᠤᠷᠭᠤᠮᠠᠯ ᠢ ᠲᠡᠭᠦᠵᠦ ᠴᠤᠭᠯᠠᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠢᠯ ᠪᠦᠷᠢ ᠎ ᠶᠢᠨ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠬᠤ ᠲᠥᠯᠥᠪᠵᠢᠭᠦᠯᠭᠡ ᠪᠣᠯᠣᠨ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠲᠤ ᠳᠠᠷᠠᠭᠠᠯᠠᠨ ᠳᠡᠭᠡᠭᠰᠢ ᠮᠡᠳᠡᠭᠦᠯᠦᠭᠰᠡᠨ ᠲᠡᠭᠦᠵᠦ ᠴᠤᠭᠯᠠᠭᠤᠯᠬᠤ ᠲᠥᠯᠥᠪᠯᠡᠭᠡ ᠶᠢ ᠦᠨᠳᠦᠰᠦᠯᠡᠨ᠂ ᠲᠤᠰ ᠣᠨ ᠳᠠᠬᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠬᠦ ᠬᠡᠷᠡᠭᠲᠡᠢ᠃      ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠠᠮᠢᠳᠤ ᠪᠣᠳᠠᠰ ᠤᠨ ᠤᠬᠠᠭᠠᠨ ᠤ ᠣᠨᠴᠠᠯᠢᠭ ᠰᠢᠨᠵᠢ ᠪᠣᠯᠣᠨ ᠡᠬᠢ ᠪᠠᠶᠠᠯᠢᠭ ᠤᠨ ᠨᠡᠮᠡᠭᠳᠡᠯ ᠬᠠᠰᠤᠭᠳᠠᠯ ᠤᠨ ᠪᠠᠶᠢᠳᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠲᠡᠭᠦᠬᠦ ᠶᠢ ᠴᠠᠭᠠᠵᠠᠯᠠᠬᠤ ᠬᠤᠭᠤᠴᠠᠭ᠎ᠠ ᠪᠣᠯᠣᠨ ᠲᠡᠭᠦᠬᠦ ᠶᠢ ᠴᠠᠭᠠᠵᠠᠯᠠᠬᠤ ᠣᠷᠣᠨ ᠢ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠢᠶᠠᠨ ᠵᠥᠪᠰᠢᠶᠡᠷᠡᠭᠦᠯᠦᠭᠡᠳ ᠨᠡᠶᠢᠭᠡᠮ ᠳᠤ ᠨᠡᠶᠢᠲᠡᠯᠡᠬᠦ ᠬᠡᠷᠡᠭᠲᠡᠢ᠃      ᠲᠡᠭᠦᠬᠦ ᠶᠢ ᠴᠠᠭᠠᠵᠠᠯᠠᠬᠤ ᠬᠤᠭᠤᠴᠠᠭ᠎ᠠ ᠪᠣᠯᠣᠨ ᠲᠡᠭᠦᠬᠦ ᠶᠢ ᠴᠠᠭᠠᠵᠠᠯᠠᠬᠤ ᠣᠷᠣᠨ ᠳᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠲᠡᠭᠦᠬᠦ ᠶᠢ ᠴᠠᠭᠠᠵᠠᠯᠠᠨ᠎ᠠ᠃      ᠶᠢᠰᠦᠳᠦᠭᠡᠷ ᠵᠦᠢᠯ ᠴᠥᠯᠯᠡᠷᠬᠡᠭ᠂ ᠬᠠᠭᠠᠰ ᠴᠦᠯᠯᠡᠷᠬᠡᠭ ᠪᠠ ᠬᠥᠨᠳᠦ ᠨᠣᠴᠢᠲᠠᠢ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠯᠡᠷᠬᠡᠭᠵᠢᠭᠰᠡᠨ ᠪᠠ ᠬᠥᠷᠥᠰᠥ ᠰᠢᠷᠤᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠲᠡᠭᠦᠵᠦ ᠴᠤᠭᠯᠠᠭᠤᠯᠬᠤ ᠶᠢ ᠴᠠᠭᠠᠵᠠᠯᠠᠨ᠎ᠠ᠃      ᠠᠷᠪᠠᠳᠤᠭᠠᠷ ᠵᠦᠢᠯ ᠪᠤᠰᠤᠳ ᠤᠨ ᠳᠠᠭᠠᠭᠠᠴᠢᠯᠠᠭᠰᠠᠨ ᠪᠤᠶᠤ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠪᠤᠶᠤ ᠨᠤᠲᠤᠭ ᠪᠡᠯᠴᠢᠭᠡᠷ ᠤᠨ ᠬᠡᠷᠡᠭᠯᠡᠭᠴᠢ ᠶᠢᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠳ ᠨᠤᠲᠤᠭ ᠪᠡᠯᠴᠢᠭᠡᠷ ᠲᠤ ᠤᠬᠤᠵᠤ ᠮᠠᠯᠲᠠᠭᠰᠠᠨ ᠨᠦᠬᠡ ᠪᠠᠨ ᠴᠠᠭ ᠲᠤᠬᠠᠢ ᠳᠤᠨᠢ ᠪᠥᠭᠯᠡᠬᠦ ᠬᠡᠷᠡᠭᠲᠡᠢ᠃ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠲᠠ ᠶᠢ ᠰᠡᠷᠭᠦᠭᠡᠬᠦ ᠰᠦᠢᠳᠬᠡᠯ ᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠶᠢ ᠴᠠᠭᠠᠵᠠᠯᠠᠨ᠎ᠠ᠃ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠳᠤ᠂ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠪᠠᠷ ᠭᠤᠶᠤᠴᠢᠯᠠᠭᠰᠠᠨ ᠲᠥᠷᠥᠯ ᠪᠣᠯᠣᠨ ᠲᠤᠭ᠎ᠠ ᠬᠡᠮᠵᠢᠶ᠎ᠡ ᠨᠢ ᠲᠤᠰ ᠣᠨ ᠳᠠᠬᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠬᠢᠭᠡᠳ ᠬᠤᠳᠠᠯᠳᠤᠵᠤ ᠠᠪᠬᠤ ᠲᠥᠯᠥᠪᠯᠡᠭᠡ ᠯᠦᠭᠡ ᠨᠡᠶᠢᠴᠡᠭᠰᠡᠨ ᠪᠠᠶᠢᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠᠷ ᠭᠤᠶᠤᠴᠢᠯᠠᠬᠤ ᠳᠤ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠡᠭᠦᠵᠦ ᠴᠤᠭᠯᠠᠭᠤᠯᠬᠤ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠬᠢᠨᠠᠭᠰᠠᠨ ᠰᠠᠨᠠᠯ ᠎ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠭᠤᠯᠬᠤ ᠮᠠᠲ᠋ᠧᠷᠢᠶᠠᠯ ᠢ ᠭᠠᠷᠳᠠᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠨᠦᠬᠦᠴᠡᠯ ᠳᠤ ᠨᠡᠶᠢᠴᠡᠬᠦ ᠳᠤᠨᠢ ᠲᠡᠭᠦᠵᠦ ᠴᠤᠭᠯᠠᠭᠤᠯᠬᠤ ᠦᠨᠡᠮᠯᠡᠯ ᠣᠯᠭᠤᠬᠤ ᠬᠡᠷᠡᠭᠲᠡᠢ︔ ᠨᠦᠬᠦᠴᠡᠯ ᠳᠤ ᠨᠡᠶᠢᠴᠡᠬᠦ ᠦᠭᠡᠢ ᠳᠤᠨᠢ ᠰᠢᠯᠲᠠᠭᠠᠨ ᠢ ᠨᠢ ᠪᠢᠴᠢᠭ ᠢᠶᠠᠷ ᠲᠣᠳᠣᠷᠬᠠᠶᠢᠯᠠᠵᠤ ᠥᠭᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠪᠠᠷ ᠭᠤᠶᠤᠴᠢᠯᠠᠬᠤ ᠳᠤ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠭᠤᠶᠤᠴᠢᠯᠠᠯ ᠤᠨ ᠮᠠᠲ᠋ᠧᠷᠢᠶᠠᠯ ᠢᠶᠠᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠯᠠᠮᠵᠢᠯᠠᠨ ᠬᠦᠷᠭᠡᠬᠦ ᠬᠡᠷᠡᠭᠲᠡᠢ᠃      ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠣᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠨᠦᠬᠦᠴᠡᠯ ᠳᠤ ᠨᠡᠶᠢᠴᠡᠬᠦ ᠶᠢ ᠨᠢ ᠵᠥᠪᠰᠢᠶᠡᠷᠡᠬᠦ ᠬᠡᠷᠡᠭᠲᠡᠢ︔ ᠨᠦᠬᠦᠴᠡᠯ ᠳᠤ ᠨᠡᠶᠢᠴᠡᠬᠦ ᠦᠭᠡᠢ ᠳᠤᠨᠢ ᠰᠢᠯᠲᠠᠭᠠᠨ ᠢ ᠨᠢ ᠪᠢᠴᠢᠭ ᠢᠶᠠᠷ ᠲᠣᠳᠣᠷᠬᠠᠶᠢᠯᠠᠵᠤ ᠥᠭᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠣᠯᠣᠨ ᠬᠤᠳᠠᠯᠳᠤᠨ ᠠᠪᠬᠤ ᠶᠢ ᠵᠥᠪᠰᠢᠶᠡᠷᠡᠭᠰᠡᠨ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠣᠯᠣᠨ᠎ᠠ᠃      ᠠᠷᠪᠠᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠭᠤᠶᠤᠴᠢᠯᠠᠯ ᠤᠨ ᠬᠦᠰᠦᠨᠦᠭᠲᠦ᠂ ᠬᠤᠳᠠᠯᠳᠤᠵᠤ ᠠᠪᠬᠤ ᠭᠤᠶᠤᠴᠢᠯᠠᠯ ᠤᠨ ᠬᠦᠰᠦᠨᠦᠭᠲᠦ ᠪᠣᠯᠣᠨ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠲᠦᠯᠲᠡᠢ ᠳᠠᠷᠤᠮᠠᠯᠯᠠᠨ ᠵᠣᠬᠢᠶᠠᠨ᠎ᠠ᠃      ᠠᠷᠪᠠᠨ ᠨᠠᠢᠮᠠᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠣᠯᠣᠨ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠬᠤᠳᠠᠯ ᠬᠠᠭᠤᠷᠮᠠᠭ ᠢᠶᠠᠷ ᠵᠣᠬᠢᠶᠠᠵᠤ᠂ ᠪᠠᠯᠠᠯᠤᠨ ᠥᠭᠡᠷᠡᠴᠢᠯᠡᠵᠦ᠂ ᠰᠢᠯᠵᠢᠭᠦᠯᠦᠨ ᠥᠭᠴᠦ᠂ ᠰᠠᠷᠢᠭᠠᠯᠠᠵᠤ᠂ ᠲᠦᠷᠢᠶᠡᠰᠦᠯᠡᠵᠦ᠂ ᠵᠢᠭᠡᠯᠡᠭᠦᠯᠵᠦ ᠪᠣᠯᠬᠤ ᠦᠭᠡᠢ᠃      ᠠᠷᠪᠠ ᠶᠢᠰᠦᠳᠦᠭᠡᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠣᠯᠣᠭᠰᠠᠨ ᠪᠣᠯ᠂ ᠲᠡᠭᠦᠵᠦ ᠴᠤᠭᠯᠠᠭᠤᠯᠬᠤ ᠦᠨᠡᠮᠯᠡᠯ᠂ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠳᠤ ᠲᠣᠭᠲᠠᠭᠠᠭᠰᠠᠨ ᠤᠷᠭᠤᠮᠠᠯ ᠤᠨ ᠲᠥᠷᠥᠯ᠂ ᠣᠷᠣᠨ᠂ ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ ᠪᠣᠯᠣᠨ ᠠᠷᠭ᠎ᠠ ᠶᠢᠨ ᠶᠣᠰᠣᠭᠠᠷ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠬᠡᠷᠡᠭᠲᠡᠢ᠃      ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠵᠠᠰᠠᠭ ᠵᠠᠬᠢᠷᠭᠠᠨ ᠤ ᠣᠷᠣᠨ ᠢᠶᠠᠷ ᠣᠷᠣᠵᠤ ᠭᠠᠷᠬᠤ ᠭᠤᠣᠯᠳᠠᠯᠭ᠎ᠠ ᠲᠠᠢ ᠨᠡᠪᠲᠡᠷᠡᠬᠦ ᠵᠠᠮ ᠳᠤ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠤᠨ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠬᠥᠮᠥᠰ ᠤᠨ ᠨᠤᠲᠤᠭ ᠪᠡᠯᠴᠢᠭᠡᠷ ᠲᠠᠢ ᠭᠠᠵᠠᠷ ᠢᠶᠠᠷ ᠣᠷᠣᠵᠤ ᠢᠷᠡᠬᠦ ᠪᠤᠶᠤ ᠭᠠᠷᠴᠤ ᠶᠠᠪᠤᠬᠤ ᠶᠢ ᠪᠠᠶᠢᠴᠠᠭᠠᠨ ᠬᠤᠷᠢᠭᠯᠠᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠄      ︵ᠨᠢᠭᠡ︶ ᠲᠡᠭᠦᠬᠦ ᠶᠢ ᠴᠠᠭᠠᠵᠠᠯᠠᠬᠤ ᠬᠤᠭᠤᠴᠠᠭ᠎ᠠ ᠪᠤᠶᠤ ᠲᠡᠭᠦᠬᠦ ᠶᠢ ᠴᠠᠭᠠᠵᠠᠯᠠᠬᠤ ᠣᠷᠣᠨ ᠳᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ︔      ︵ᠬᠤᠶᠠᠷ︶ ᠴᠥᠯᠯᠡᠷᠬᠡᠭ᠂ ᠬᠠᠭᠠᠰ ᠴᠦᠯᠯᠡᠷᠬᠡᠭ ᠪᠠ ᠬᠥᠨᠳᠦ ᠨᠣᠴᠢᠲᠠᠢ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠯᠡᠷᠬᠡᠭᠵᠢᠭᠰᠡᠨ ᠪᠠ ᠬᠦᠷᠦᠰᠦ ᠰᠢᠷᠤᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ︔      ︵ᠭᠤᠷᠪᠠ︶ ᠪᠤᠰᠤᠳ ᠤᠨ ᠳᠠᠭᠠᠭᠠᠴᠢᠯᠠᠵᠤ ᠡᠵᠡᠩᠨᠡᠬᠦ ᠡᠷᠬᠡ ᠪᠤᠶᠤ ᠬᠡᠷᠡᠭᠯᠡᠬᠦ ᠡᠷᠬᠡ ᠲᠠᠢ ᠨᠤᠲᠤᠭ ᠪᠡᠯᠴᠢᠭᠡᠷ ᠲᠤ ᠬᠠᠤᠯᠢ ᠪᠤᠰᠤ ᠪᠠᠷ ᠣᠷᠣᠵᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ︔      ︵ᠳᠥᠷᠪᠡ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠠᠳ ᠨᠤᠲᠤᠭ ᠪᠡᠯᠴᠢᠭᠡᠷ ᠲᠤ ᠤᠬᠤᠵᠤ ᠮᠠᠯᠲᠠᠭᠰᠠᠨ ᠨᠦᠬᠡ ᠪᠠᠨ ᠴᠠᠭ ᠲᠤᠬᠠᠢ ᠳᠤᠨᠢ ᠪᠦᠭᠯᠡᠭᠰᠡᠨ ᠦᠭᠡᠢ︔      ︵ᠲᠠᠪᠤ︶ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ᠂ ᠬᠤᠳᠠᠯᠳᠤᠵᠤ ᠠᠪᠤᠭᠰᠠᠨ︔      ︵ᠵᠢᠷᠭᠤᠭ᠎ᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠣᠯᠣᠭᠠᠳᠤᠢ ᠪᠠᠷ ᠪᠤᠶᠤ ᠲᠡᠭᠦᠵᠦ ᠴᠤᠭᠯᠠᠭᠤᠯᠬᠤ ᠦᠨᠡᠮᠯᠡᠯ ᠳᠠᠬᠢ ᠲᠣᠭᠲᠠᠭᠠᠯ ᠢ ᠥᠯᠥ ᠵᠢᠷᠤᠮᠯᠠᠨ ᠲᠡᠭᠦᠵᠦ ᠴᠤᠭᠯᠠᠭᠤᠯᠤᠭᠰᠠᠨ︔      ︵ᠳᠣᠯᠤᠭ᠎ᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠣᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠣᠯᠣᠭᠠᠳᠤᠢ ᠪᠠᠷ ᠪᠤᠶᠤ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠳᠤ ᠲᠣᠭᠲᠠᠭᠠᠭᠰᠠᠨ ᠶᠣᠰᠣᠭᠠᠷ ᠬᠤᠳᠠᠯᠳᠤᠵᠤ ᠠᠪᠤᠭᠰᠠᠨ ᠦᠭᠡᠢ︔      ︵ᠨᠠᠢᠮᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠬᠤᠳᠠᠯ ᠬᠠᠭᠤᠷᠮᠠᠭ ᠢᠶᠠᠷ ᠵᠣᠬᠢᠶᠠᠭᠰᠠᠨ᠂ ᠪᠠᠯᠠᠯᠤᠨ ᠥᠭᠡᠷᠡᠴᠢᠯᠡᠭᠰᠡᠨ᠂ ᠰᠢᠯᠵᠢᠭᠦᠯᠦᠨ ᠥᠭᠭᠦᠭᠰᠡᠨ᠂ ᠰᠠᠷᠢᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠃      ᠬᠤᠷᠢᠨ ᠬᠤᠶᠠᠳᠤᠭᠠᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠨ ᠪᠣᠯᠣᠨ ᠨᠤᠲᠤᠭ ᠪᠡᠯᠴᠢᠭᠡᠷ ᠲᠤ ᠬᠢᠨᠠᠯᠲᠠ ᠲᠠᠯᠪᠢᠵᠤ ᠬᠠᠮᠢᠶᠠᠷᠬᠤ ᠪᠠᠶᠢᠭᠤᠯᠤᠮᠵᠢ ᠎ ᠶᠢᠨ ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ᠂ ᠳᠣᠣᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠬᠦ ᠲᠣᠭᠲᠠᠭᠠᠯ ᠢ ᠬᠠᠤᠯᠢ ᠪᠠᠷ ᠲᠣᠭᠲᠠᠭᠠᠭᠰᠠᠨ ᠨᠥᠬᠦᠴᠡᠯ ᠪᠣᠯᠣᠨ ᠳᠡᠰ ᠳᠠᠷᠠᠭᠠᠯᠠᠯ ᠢ ᠥᠯᠥ ᠵᠢᠷᠤᠮᠯᠠᠨ ᠣᠯᠭᠤᠭᠰᠠᠨ︔      ︵ᠬᠤᠶᠠᠷ︶ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠠᠶᠢᠭᠠᠳ ᠪᠠᠶᠢᠴᠠᠭᠠᠨ ᠰᠢᠢᠳᠪᠦᠷᠢᠯᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠤᠷᠰᠢᠭ ᠲᠠᠲᠠᠭᠰᠠᠨ︔      ︵ᠭᠤᠷᠪᠠ︶ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠤ ᠠᠯᠪᠠᠨ ᠲᠤᠰᠢᠶᠠᠯ ᠳᠠᠭᠠᠨ ᠠᠯᠠᠮᠠᠶᠢᠷᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠵᠤ ᠪᠠᠶᠢᠭ᠎ᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠬᠠᠮᠢᠶᠠᠷᠤᠯᠲᠠ ᠳᠤ ᠲᠤᠰ ᠠᠷᠭ᠎ᠠ ᠶᠢᠨ ᠲᠣᠭᠲᠠᠭᠠᠯ ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ 2009 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号