ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠨᠢ ᠥᠪᠥᠷ ᠮᠣᠩᠭᠤᠯ ᠤᠨ ᠪᠣᠬᠢᠷᠲᠤᠯ ᠦᠭᠡᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2018-06-26
      ᠰᠤᠷᠪᠤᠯᠵᠢᠯᠠᠭᠰᠠᠨ ᠴᠠᠭ᠄  2018 ᠣᠨ ᠤ 4 ᠳ᠋ᠦ᠋ᠭᠡᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨᠡᠬᠢ 10 ᠴᠠᠭ       ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ   ᠯᠢᠦ ᠹᠧᠩ ᠵᠢᠶᠦ᠋ᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠨᠢᠭᠡᠨᠲᠡ 2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠲᠠᠲᠠᠪᠤᠷᠢᠯᠠᠭᠰᠠᠨ ᠮᠥᠷᠲᠡᠭᠡᠨ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠢ ᠳᠠᠬᠢᠨ ᠲᠠᠲᠠᠪᠤᠷᠢᠯᠠᠨ ᠬᠤᠷᠢᠶᠠᠬᠤ ᠦᠭᠡᠢ ᠪᠣᠯᠪᠠ᠃ ᠡᠭᠦᠨ ᠤ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠎ ᠨᠢ ᠪᠦᠬᠦ ᠤᠯᠤᠰ ᠤᠨ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠬᠤᠶᠠᠳᠤᠭᠠᠷ ᠪᠦᠯᠦᠭ ᠤᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠪᠣᠯᠣᠭᠰᠠᠨ ᠤ ᠬᠤᠪᠢ ᠳᠤ᠂ 2017 ᠣᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠵᠦ᠂ 2018 ᠣᠨ ᠤ 1 ᠳ᠋ᠦ᠋ᠭᠡᠷ ᠰᠠᠷ᠎ᠠ ᠪᠣᠯ ᠠᠩᠬᠠᠨ ᠤ ᠰᠠᠷ᠎ᠠ ᠶᠢᠨ ᠲᠠᠲᠠᠪᠤᠷᠢᠯᠠᠬᠤ ᠬᠤᠭᠤᠴᠠᠭ᠎ᠠ ᠪᠣᠯᠣᠨ᠎ᠠ᠃ ᠥᠪᠥᠷ ᠮᠣᠩᠭᠤᠯ ᠤᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ ᠢ ᠤᠷᠢᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠲᠤᠬᠠᠢ ᠣᠯᠠᠨ ᠲᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃      ᠯᠢᠦ ᠹᠧᠩ ᠵᠢᠶᠦ᠋ᠨ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠲᠠ ᠪᠦᠬᠦᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃      ᠬᠥᠲᠥᠯᠥᠭᠴᠢ᠄      ᠡᠩ ᠲᠡᠷᠢᠭᠦᠨ ᠳᠤ ᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠡᠬᠢᠯᠡᠨ ᠲᠠᠲᠠᠪᠤᠷᠢᠯᠠᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠴᠢᠭ᠋ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠶᠢ ᠶᠠᠷᠢᠭᠠᠳ ᠥᠭᠭᠦᠨ᠎ᠡ ᠦᠦ︖      ᠯᠢᠦ ᠹᠧᠩ ᠵᠢᠶᠦ᠋ᠨ᠄      ᠲᠡᠭᠡᠶ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠣᠯ ᠨᠡᠷ᠎ᠡ ᠨᠢᠳᠡᠷ ᠲᠤ ᠪᠠᠨ ᠲᠣᠬᠢᠷᠠᠭᠰᠠᠨ ︽ᠪᠣᠬᠢᠷᠲᠤᠯ ᠦᠭᠡᠢ ᠶᠢᠨ ᠭᠠᠶᠢᠯᠢ ᠶᠢᠨ ᠵᠦᠢᠯ︾ ᠪᠠᠶᠢᠵᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠥᠭᠡᠷᠡᠴᠢᠯᠡᠨ ᠰᠠᠶᠢᠵᠢᠷᠠᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠭᠰᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠴᠢᠩᠭ᠎ᠠ ᠬᠠᠲᠠᠭᠤ ᠬᠠᠤᠯᠢ ᠴᠠᠭᠠᠵᠠ ᠳᠦᠷᠢᠮ ᠲᠣᠭᠲᠠᠭᠠᠯ ᠢ ᠬᠡᠷᠡᠭᠯᠡᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠠᠴᠠ ᠳᠤᠷᠠᠳᠤᠭᠰᠠᠨ ᠨᠢᠭᠡ ᠵᠦᠢᠯ ᠤᠨ ᠴᠢᠬᠤᠯᠠ ᠡᠭᠦᠷᠭᠡ᠂ ᠮᠥᠨ ᠴᠤ ᠭᠠᠶᠢᠯᠢ ᠲᠠᠲᠠᠪᠤᠷᠢ ᠶᠢᠨ ᠬᠠᠤᠯᠢ ᠪᠠᠷ ᠲᠣᠭᠲᠠᠭᠠᠭᠰᠠᠨ ᠵᠠᠷᠴᠢᠮ ᠢ ᠨᠠᠶᠢᠳᠠᠪᠤᠷᠢᠵᠢᠭᠤᠯᠬᠤ ᠨᠢᠭᠡ ᠵᠦᠢᠯ ᠤᠨ ᠦᠨᠳᠦᠰᠦᠨ ᠱᠠᠭᠠᠷᠳᠠᠯᠭ᠎ᠠ ᠪᠠᠶᠢᠵᠤ᠂ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠪᠠ ᠵᠢᠷᠤᠮᠯᠠᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠬᠢᠷᠲᠤᠯ ᠢ ᠵᠠᠰᠠᠵᠤ ᠭᠠᠳᠠᠭᠰᠢᠯᠠᠭᠤᠯᠤᠯᠲᠠ ᠪᠠᠨ ᠪᠠᠭᠠᠰᠬᠠᠬᠤ ᠬᠠᠷᠢᠭᠤᠴᠠᠯᠭ᠎ᠠ ᠶᠢ ᠴᠢᠩᠭᠠᠷᠠᠭᠤᠯᠬᠤ ᠳᠤ ᠠᠰᠢᠭᠲᠠᠢ︔ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢ ᠠᠬᠢᠭᠤᠯᠬᠤ ᠳᠤ ᠪᠣᠬᠢᠷᠲᠤᠯ ᠦᠭᠡᠢ ᠭᠠᠶᠢᠯᠢ ᠶᠢᠨ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠭᠠᠶᠢᠯᠢ ᠲᠠᠲᠠᠪᠤᠷᠢ ᠶᠢᠨ ᠲᠣᠬᠢᠷᠠᠭᠤᠯᠤᠨ ᠡᠵᠡᠮᠳᠡᠬᠦ ᠦᠢᠯᠡᠳᠦᠯ ᠢ ᠴᠢᠩᠭᠠᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠶᠢᠳᠠᠭ᠃      ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠴᠢᠭ᠋ ᠪᠣᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠨᠢᠭᠡ ᠳᠤ᠂ ᠵᠠᠰᠠᠭ ᠤᠨ ᠣᠷᠳᠣᠨ ᠤ ᠲᠣᠬᠢᠷᠠᠭᠤᠯᠤᠨ ᠡᠵᠡᠮᠳᠡᠬᠦ ᠦᠢᠯᠡᠳᠦᠯ ᠢ ᠪᠠᠳᠠᠷᠠᠭᠤᠯᠤᠨ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢ ᠬᠡᠷᠡᠭᠯᠡᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠵᠤ᠂ ᠡᠬᠢ ᠪᠠᠶᠠᠯᠢᠭ ᠢ ᠲᠥᠯᠥᠪᠦᠷᠢ ᠲᠠᠢ ᠠᠰᠢᠭᠯᠠᠬᠤ ᠳᠦᠷᠢᠮ ᠪᠠ ᠠᠮᠢ ᠠᠬᠤᠢ ᠶᠢᠨ ᠲᠥᠯᠥᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠪᠠ ᠬᠡᠷᠡᠭᠯᠡᠭᠡ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ᠃ ᠬᠤᠶᠠᠷ ᠲᠤ᠂ ᠠᠵᠤ ᠠᠬᠤᠶᠢᠯᠠᠯ ᠵᠡᠷᠭᠡ ᠨᠡᠶᠢᠭᠡᠮ ᠤᠨ ᠭᠤᠣᠯ ᠴᠣᠭᠴᠠ ᠶᠢᠨ ᠤᠰᠤ ᠠᠷᠪᠢᠯᠠᠬᠤ ᠦᠵᠡᠯ ᠤᠬᠠᠮᠰᠠᠷ ᠪᠠ ᠬᠥᠳᠡᠯᠭᠡᠭᠴᠢ ᠬᠦᠴᠦᠨ ᠢ ᠴᠢᠩᠭᠠᠷᠠᠭᠤᠯᠵᠤ᠂ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠬᠦ ᠪᠠᠷ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠤᠰᠤ ᠬᠡᠷᠡᠭᠯᠡᠬᠦ ᠵᠦᠢ ᠵᠣᠬᠢᠰ ᠦᠭᠡᠢ  ᠬᠡᠷᠡᠭᠴᠡᠭᠡ ᠱᠠᠭᠠᠷᠳᠠᠯᠭ᠎ᠠ ᠶᠢ ᠪᠠᠭᠠᠰᠬᠠᠬᠤ ᠳᠤ ᠠᠰᠢᠭᠲᠠᠢ᠃ ᠭᠤᠷᠪᠠ ᠳᠤ᠂ ᠠᠷᠪᠢᠴᠢ ᠮᠥᠷᠲᠡᠭᠡᠨ ᠵᠦᠢ ᠵᠣᠬᠢᠰᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ ᠨᠡᠶᠢᠭᠡᠮ ᠳᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠬᠤ ᠬᠡᠪ ᠰᠤᠷᠲᠠᠯ ᠢ ᠪᠦᠷᠢᠯᠳᠦᠭᠦᠯᠵᠦ᠂ ᠠᠷᠠᠳ ᠣᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠬᠦ ᠳᠤ ᠠᠰᠢᠭᠲᠠᠢ᠃ ᠳᠥᠷᠪᠡ ᠳᠤ᠂ ᠮᠠᠨ ᠤ ᠤᠯᠤᠰ ᠨᠢ ᠣᠯᠠᠨ ᠤᠯᠤᠰ ᠤᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠪᠠ ᠣᠯᠠᠨ ᠤᠯᠤᠰ ᠤᠨ ᠡᠭᠦᠷᠭᠡ ᠶᠢ ᠨᠡᠩ ᠰᠠᠶᠢᠲᠤᠷ ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠬᠠᠮᠵᠢᠯᠴᠠᠨ ᠬᠥᠳᠡᠯᠦᠯᠴᠡᠵᠦ᠂ ᠬᠥᠮᠥᠨ ᠲᠥᠷᠥᠯᠬᠢᠲᠡᠨ ᠤ ᠲᠦᠰᠢᠭᠯᠡᠨ ᠣᠷᠣᠰᠢᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠬᠠᠮᠠᠭᠠᠯᠠᠵᠤ᠂ ᠪᠦᠬᠦ ᠳᠡᠯᠡᠬᠡᠢ ᠶᠢᠨ ᠠᠮᠢ ᠠᠬᠤᠢ ᠶᠢᠨ ᠠᠮᠤᠷ ᠲᠦᠪᠰᠢᠨ ᠤ ᠲᠥᠯᠥᠭᠡ ᠬᠤᠪᠢ ᠨᠡᠮᠡᠷᠢ ᠪᠠᠨ ᠬᠠᠨᠳᠢᠪᠯᠠᠬᠤ ᠳᠤ ᠠᠰᠢᠭᠲᠠᠢ᠃      ᠬᠥᠲᠥᠯᠥᠭᠴᠢ᠄      ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠬᠦ ᠪᠣᠯᠣᠮᠵᠢ ᠲᠠᠢ ᠦᠦ︖      ᠯᠢᠦ ᠹᠧᠩ ᠵᠢᠶᠦ᠋ᠨ᠄      ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠᠷ ᠬᠤᠷᠢᠶᠠᠨ ᠲᠠᠲᠠᠪᠤᠷᠢᠯᠠᠬᠤ ᠪᠣᠯᠭᠠᠨ ᠥᠭᠡᠷᠡᠴᠢᠯᠡᠵᠦ᠂ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠳᠦᠷᠢᠮ ᠪᠣᠯᠭᠠᠨ ᠲᠣᠭᠲᠠᠭᠤᠨ ᠢᠶᠠᠷ ᠰᠢᠯᠵᠢᠭᠦᠯᠬᠦ ᠵᠠᠷᠴᠢᠮ ᠢ ᠵᠢᠷᠤᠮᠯᠠᠪᠠ᠃ ᠭᠤᠣᠯ ᠢᠯᠡᠷᠡᠯ ᠨᠢ ᠭᠡᠪᠡᠯ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠲᠤᠰᠢᠶᠠᠭᠴᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠪᠣᠯᠭᠠᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠲᠥᠷᠥᠯ ᠵᠦᠢᠯ ᠢ ᠦᠨᠳᠦᠰᠦᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠶᠢᠨ ᠭᠠᠷᠴᠠᠭ ᠢ ᠲᠣᠬᠢᠷᠠᠭᠤᠯᠤᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠪᠣᠳᠣᠬᠤ ᠠᠷᠭ᠎ᠠ ᠶᠢ ᠦᠨᠳᠦᠰᠦᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠪᠣᠳᠣᠬᠤ ᠦᠨᠳᠦᠰᠦᠯᠡᠯ ᠢ ᠲᠣᠬᠢᠷᠠᠭᠤᠯᠤᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠰᠠᠭᠤᠷᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠶᠢᠨ ᠲᠤᠭ᠎ᠠ ᠶᠢᠨ ᠳᠣᠣᠷᠠᠳᠤ ᠬᠢᠵᠠᠭᠠᠷ ᠢ ᠲᠣᠬᠢᠷᠠᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠨᠢ ᠪᠤᠰᠤᠳ ᠭᠠᠶᠢᠯᠢ ᠲᠠᠲᠠᠪᠤᠷᠢ ᠲᠠᠢ ᠠᠳᠠᠯᠢ ᠪᠤᠰᠤ ᠪᠠᠶᠢᠵᠤ᠂ ᠠᠵᠤ ᠠᠬᠤᠶᠢᠯᠠᠯ ᠨᠢ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠪᠠᠨ ᠪᠠᠭᠠᠰᠬᠠᠪᠠᠯ᠂ ᠭᠠᠶᠢᠯᠢ ᠳᠤᠲᠠᠭᠤ ᠲᠤᠰᠢᠶᠠᠵᠤ ᠪᠣᠯᠣᠨ᠎ᠠ᠂ ᠡᠨᠡ ᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ ᠠᠵᠤ ᠠᠬᠤᠶᠢᠯᠠᠯ ᠤᠨ ᠳᠠᠷᠤᠭᠠᠰᠤ ᠨᠡᠮᠡᠭᠳᠡᠬᠦ ᠤᠴᠢᠷ ᠭᠠᠷᠬᠤ ᠦᠭᠡᠢ ᠶᠤᠮ᠃      ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠲᠤ ᠵᠥᠷᠢᠶᠡᠴᠢᠯᠡᠨ ᠭᠠᠶᠢᠯᠢ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ᠂ ᠤᠰᠤ ᠬᠡᠷᠡᠭᠯᠡᠬᠦ ᠵᠦᠢ ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠵᠤ ᠴᠢᠳᠠᠬᠤ ᠪᠠᠷ ᠪᠠᠷᠠᠬᠤ ᠦᠭᠡᠢ᠂ ᠨᠡᠶᠢᠭᠡᠮ ᠤᠨ ᠤᠰᠤ ᠬᠡᠷᠡᠭᠯᠡᠬᠦ ᠦᠨᠳᠦᠰᠦᠨ ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠳᠠᠭ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ ᠰᠠᠭᠤᠭᠠᠯᠢ ᠠᠷᠠᠳ ᠪᠠ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠳᠤ ᠦᠨᠳᠦᠰᠦᠨ ᠳᠤ ᠪᠠᠨ ᠬᠤᠪᠢᠷᠠᠯᠲᠠ ᠭᠠᠷᠬᠤ ᠦᠭᠡᠢ ᠪᠥᠭᠡᠳ ᠬᠡᠪ ᠤᠨ ᠪᠠᠶᠢᠳᠠᠯ ᠳᠤ ᠤᠰᠤ ᠬᠡᠷᠡᠭᠯᠡᠬᠦ ᠳᠠᠷᠤᠭᠠᠰᠤ ᠨᠢ ᠴᠤ ᠨᠡᠮᠡᠭᠳᠡᠬᠦ ᠦᠭᠡᠢ ᠶᠤᠮ᠃ ᠲᠠᠷᠢᠶᠠᠯᠠᠩ ᠦᠢᠯᠡᠳᠪᠦᠷᠢᠯᠡᠯ ᠳᠤ ᠵᠦᠢ ᠵᠣᠬᠢᠰᠲᠠᠢ ᠠᠪᠴᠤ ᠬᠡᠷᠡᠭᠯᠡᠬᠦ ᠤᠰᠤᠨ ᠤ ᠬᠡᠮᠵᠢᠶ᠎ᠡ ᠠᠴᠠ ᠭᠠᠶᠢᠯᠢ ᠶᠢ ᠨᠢ ᠬᠡᠯᠲᠦᠷᠢᠭᠦᠯᠵᠦ ᠂ ᠲᠣᠭᠲᠠᠭᠠᠭᠰᠠᠨ ᠲᠣᠭᠠᠨ ᠤ ᠬᠡᠲᠦᠷᠡᠭᠰᠡᠨ ᠬᠡᠰᠡᠭ ᠠᠴᠠ ᠭᠠᠶᠢᠯᠢ ᠶᠢ ᠳᠣᠣᠷ᠎ᠠ ᠬᠡᠮᠵᠢᠶ᠎ᠡ ᠪᠠᠷ ᠲᠠᠲᠠᠪᠤᠷᠢᠯᠠᠵᠤ᠂ ᠲᠠᠷᠢᠶᠠᠴᠢᠳ ᠤᠨ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠯᠭᠠᠨ᠎ᠠ᠃ ᠬᠡᠲᠦᠷᠡᠭᠦᠯᠦᠨ ᠮᠠᠯᠲᠠᠭᠰᠠᠨ ᠣᠷᠣᠨ ᠤ ᠠᠪᠴᠤ ᠬᠡᠷᠡᠭᠯᠡᠭᠰᠡᠨ ᠭᠠᠵᠠᠷ ᠳᠣᠣᠷᠠᠬᠢ ᠤᠰᠤ᠂ ᠲᠥᠯᠥᠪᠯᠡᠭᠡ ᠠᠴᠠ ᠬᠡᠲᠦᠷᠡᠭᠦᠯᠦᠨ ᠬᠡᠷᠡᠭᠯᠡᠭᠰᠡᠨ ᠤᠰᠤᠨ ᠠᠴᠠ ᠭᠠᠶᠢᠯᠢ ᠶᠢ ᠳᠠᠬᠢᠨ ᠢᠶᠠᠷ ᠲᠠᠲᠠᠪᠤᠷᠢᠯᠠᠬᠤ ᠪᠣᠯᠬᠤᠷ᠂ ᠬᠡᠲᠦᠷᠡᠭᠦᠯᠦᠨ ᠮᠠᠯᠲᠠᠭᠰᠠᠨ ᠣᠷᠣᠨ ᠤ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠨ ᠤᠰᠤ ᠶᠢ ᠶᠡᠭᠡ ᠪᠠᠷ ᠬᠤᠷᠣᠭᠳᠠᠭᠤᠯᠬᠤ ᠠᠵᠤ ᠠᠬᠤᠶᠢᠯᠠᠯ ᠤᠨ ᠳᠠᠷᠤᠭᠠᠰᠤ ᠬᠠᠷᠢᠨ ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠡᠭᠦᠨ ᠤ ᠬᠠᠮᠲᠤ᠂ ᠭᠤᠯᠢᠹ᠂ ᠲᠡᠷᠭᠡ ᠤᠬᠢᠶᠠᠬᠤ᠂ ᠪᠡᠶ᠎ᠡ ᠤᠬᠢᠶᠠᠬᠤ᠂ ᠴᠠᠰᠤᠨ ᠳᠤ ᠭᠤᠯᠭᠤᠬᠤ ᠲᠠᠯᠠᠪᠤᠷ ᠵᠡᠷᠭᠡ ᠣᠨᠴᠠᠭᠠᠢ ᠠᠵᠢᠯ ᠲᠥᠷᠥᠯ ᠠᠴᠠ ᠭᠠᠶᠢᠯᠢ ᠶᠢ ᠥᠨᠳᠥᠷ ᠢᠶᠠᠷ ᠲᠠᠲᠠᠪᠤᠷᠢᠯᠠᠬᠤ ᠪᠣᠯᠬᠤᠷ᠂ ᠲᠡᠳᠡᠭᠡᠷ ᠤᠨ ᠭᠠᠶᠢᠯᠢ ᠶᠢᠨ ᠳᠠᠷᠤᠭᠠᠰᠤ ᠴᠤ ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠭᠠᠶᠢᠯᠢ ᠲᠠᠲᠠᠪᠤᠷᠢᠯᠠᠭᠰᠠᠨ ᠤ ᠳᠠᠷᠠᠭ᠎ᠠ ᠠᠵᠤ ᠠᠬᠤᠶᠢᠯᠠᠯ ᠢ ᠬᠢᠵᠠᠭᠠᠷᠯᠠᠬᠤ ᠲᠣᠭᠲᠠᠴᠠ ᠨᠢ ᠤᠯᠠᠮ ᠨᠢᠭᠡ ᠠᠯᠬᠤᠮ ᠴᠢᠩᠭᠠᠷᠠᠬᠤ ᠶᠢ ᠪᠣᠳᠣᠯᠬᠢᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠰᠤ ᠠᠷᠪᠢᠯᠠᠬᠤ ᠲᠠᠯ᠎ᠠ ᠪᠠᠷ ᠬᠢ ᠣᠷᠣᠭᠤᠯᠤᠯᠲᠠ ᠪᠠᠨ ᠨᠡᠮᠡᠭᠳᠡᠭᠦᠯᠵᠦ᠂ ᠰᠠᠨᠠᠭᠠᠴᠢᠯᠠᠭ᠎ᠠ ᠲᠠᠢ ᠪᠠᠷ ᠠᠷᠭ᠎ᠠ ᠬᠡᠮᠵᠢᠶ᠎ᠠ ᠠᠪᠴᠤ ᠬᠡᠷᠡᠭᠯᠡᠬᠦ ᠤᠰᠤᠨ ᠤ ᠬᠡᠮᠵᠢᠶ᠎ᠡ ᠪᠠᠨ ᠪᠠᠭᠠᠰᠬᠠᠨ᠂ ᠤᠰᠤ ᠬᠡᠷᠡᠭᠯᠡᠬᠦ ᠪᠦᠲᠦᠴᠡ ᠪᠠᠨ ᠲᠣᠬᠢᠷᠠᠭᠤᠯᠬᠤ ᠪᠠ ᠤᠰᠤ ᠬᠡᠷᠡᠭᠯᠡᠬᠦ ᠠᠷᠭ᠎ᠠ ᠬᠡᠯᠪᠡᠷᠢ ᠪᠠᠨ ᠬᠤᠪᠢᠷᠠᠭᠤᠯᠬᠤ ᠠᠴᠠ᠂ ᠵᠠᠷᠢᠮ ᠠᠵᠤ ᠠᠬᠤᠶᠢᠯᠠᠯ ᠤᠨ ᠲᠤᠰᠢᠶᠠᠬᠤ ᠭᠠᠶᠢᠯᠢ ᠶᠢᠨ ᠲᠤᠭ᠎ᠠ ᠵᠣᠬᠢᠬᠤ ᠬᠡᠮᠵᠢᠶ᠎ᠡ ᠪᠠᠷ ᠪᠠᠭᠠᠰᠬᠤ ᠪᠣᠯᠣᠨ᠎ᠠ᠃      ᠬᠥᠲᠥᠯᠥᠭᠴᠢ᠄      ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ ᠭᠠᠶᠢᠯᠢ ᠲᠠᠲᠠᠪᠤᠷᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠦᠦ︖ ᠭᠠᠶᠢᠯᠢ ᠳᠤ ᠬᠤᠯᠪᠣᠭᠳᠠᠭᠰᠠᠨ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠢ ᠪᠣᠢ︖      ᠯᠢᠦ ᠹᠧᠩ ᠵᠢᠶᠦ᠋ᠨ᠄      ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ ᠭᠠᠶᠢᠯᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠭᠠᠷᠳᠠᠮ ᠭᠦᠢᠴᠡᠳᠬᠡᠬᠦ ᠴᠢᠬᠤᠯᠠ ᠦᠭᠡᠢ᠃ ᠵᠢᠱᠢᠶᠡᠯᠡᠪᠡᠯ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠣᠨᠴᠠᠭᠠᠢ ᠱᠠᠭᠠᠷᠳᠠᠯᠭ᠎ᠠ ᠦᠭᠡᠢ ᠪᠣᠯ᠂ ᠨᠥᠬᠦᠴᠡᠯ ᠳᠤ ᠨᠡᠶᠢᠴᠡᠭᠰᠡᠨ ᠭᠠᠶᠢᠯᠢ ᠲᠤᠰᠢᠶᠠᠭᠴᠢ ᠨᠢ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠭᠠᠶᠢᠯᠢ ᠬᠠᠰᠤᠨ ᠬᠡᠯᠲᠦᠷᠢᠭᠦᠯᠬᠦ ᠭᠤᠶᠤᠴᠢᠯᠠᠬᠤ ᠮᠡᠳᠡᠭᠦᠯᠦᠯᠲᠡ ᠶᠢ ᠭᠦᠢᠴᠡᠳᠬᠡᠨ᠎ᠡ᠃ ᠭᠡᠲᠡᠯ᠎ᠡ ᠭᠠᠶᠢᠯᠢ ᠲᠤᠰᠢᠶᠠᠭᠴᠢ ᠨᠢ ᠡᠷᠬᠡᠪᠰᠢ ᠭᠠᠶᠢᠯᠢ ᠬᠠᠰᠤᠨ ᠬᠡᠯᠲᠦᠷᠢᠭᠦᠯᠦᠭᠰᠡᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠦᠯᠡᠳᠡᠭᠡᠵᠦ ᠪᠠᠶᠢᠴᠠᠭᠠᠨ ᠯᠠᠪᠯᠠᠬᠤ ᠳᠤ ᠪᠡᠯᠡᠳᠬᠡᠬᠦ ᠬᠡᠷᠡᠭᠲᠡᠢ᠂ ᠵᠢᠱᠢᠶᠡᠯᠡᠪᠡᠯ ᠬᠤᠲᠠ ᠬᠥᠳᠡᠭᠡ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠲᠠᠯᠠᠪᠤᠷ ᠤᠨ ᠬᠢᠷᠢ ᠭᠡᠮ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠭᠰᠡᠨ ᠮᠡᠳᠡᠭᠦᠯᠦᠯᠲᠡ᠂ ᠠᠦ᠋ᠲ ᠪᠠᠷ ᠬᠢᠨᠠᠨ ᠰᠢᠨᠵᠢᠯᠡᠭᠰᠡᠨ ᠪᠠ ᠨᠠᠶᠢᠳᠠᠵᠤ ᠬᠢᠨᠠᠨ ᠰᠢᠨᠵᠢᠯᠡᠭᠦᠯᠦᠭᠰᠡᠨ ᠲᠤᠭ᠎ᠠ ᠪᠠᠷᠢᠮᠲᠠ ᠵᠡᠷᠭᠡ ᠮᠠᠲ᠋ᠧᠷᠢᠶᠠᠯ ᠪᠣᠯᠣᠨ᠎ᠠ᠃      ᠬᠥᠲᠥᠯᠥᠭᠴᠢ᠄      ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠭᠠᠶᠢᠯᠢ ᠲᠤᠰᠢᠶᠠᠭᠴᠢ ᠥᠪᠡᠰᠦᠪᠡᠨ ᠨᠠᠷᠢᠪᠴᠢᠯᠠᠨ ᠪᠣᠳᠣᠳᠠᠭ ᠪᠣᠯᠬᠤᠷ᠂ ᠭᠤᠶᠤᠴᠢᠯᠠᠨ ᠮᠡᠳᠡᠭᠦᠯᠬᠦ ᠳᠤ ᠵᠣᠬᠢᠬᠤ ᠬᠦᠴᠢᠷ ᠲᠠᠢ ᠪᠠᠶᠢᠳᠠᠭ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠭᠠᠶᠢᠯᠢ ᠲᠤᠰᠢᠶᠠᠬᠤ ᠦᠢᠯᠡᠴᠢᠯᠡᠭᠡ ᠶᠢᠨ ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠢ︖      ᠯᠢᠦ ᠹᠧᠩ ᠵᠢᠶᠦ᠋ᠨ᠄      ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠰᠢᠨᠵᠢᠵᠦ ᠬᠠᠮᠢᠶᠠᠷᠬᠤ ᠪᠠ ᠨᠠᠷᠢᠪᠴᠢᠯᠠᠨ ᠪᠣᠳᠣᠬᠤ ᠨᠢ ᠨᠡᠯᠢᠶᠡᠳ ᠲᠤᠰᠬᠠᠢ ᠮᠡᠷᠭᠡᠵᠢᠯ ᠤᠨ ᠠᠵᠢᠯ ᠪᠣᠯᠬᠤᠷ᠂ ᠭᠠᠶᠢᠯᠢ ᠲᠤᠰᠢᠶᠠᠭᠴᠢ ᠶᠢᠨ ᠪᠣᠳᠣᠵᠤ ᠴᠢᠳᠠᠬᠤ᠂ ᠭᠤᠶᠤᠴᠢᠯᠠᠨ ᠮᠡᠳᠡᠭᠦᠯᠵᠦ ᠳᠡᠶᠢᠯᠬᠦ ᠶᠢ ᠬᠡᠷᠬᠢᠨ ᠪᠠᠲᠤᠯᠠᠬᠤ ᠨᠢ ᠮᠥᠨ ᠴᠤ ᠮᠠᠨ ᠤ ᠦᠢᠯᠡᠴᠢᠯᠡᠭᠡ ᠶᠢᠨ ᠭᠤᠣᠯᠳᠠᠯᠭ᠎ᠠ ᠪᠣᠯᠣᠨ᠎ᠠ᠃ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠣᠳᠣ ᠪᠠᠶᠢᠭ᠎ᠠ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠭᠠᠶᠢᠯᠢ ᠲᠤᠰᠢᠶᠠᠭᠴᠢ ᠳᠤ ︽ᠪᠠᠷᠢᠮᠵᠢᠶ᠎ᠠ ᠲᠣᠭᠲᠠᠭᠠᠭᠰᠠᠨ︾᠂ ︽ᠪᠦᠬᠦᠨ ᠢ ᠬᠠᠮᠤᠷᠤᠭᠰᠠᠨ︾᠂ ︽ᠨᠢᠭᠤᠷᠳᠠᠯᠴᠠᠭᠰᠠᠨ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠦᠢᠯᠡᠴᠢᠯᠡᠭᠡ ᠶᠢ ᠪᠠᠶᠢᠳᠠᠯ ᠳᠤ ᠨᠢ ᠲᠣᠬᠢᠷᠠᠭᠤᠯᠤᠨ ᠲᠣᠭᠲᠠᠭᠠᠵᠤ ᠥᠭᠴᠡᠢ᠃ 4 ᠳ᠋ᠦ᠋ᠭᠡᠷ ᠰᠠᠷ᠎ᠠ ᠶᠢᠨ 1᠎ ᠤ ᠡᠳᠦᠷ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠠᠩᠬᠠᠳᠠᠭᠴᠢ ᠬᠤᠭᠤᠴᠠᠭ᠎ᠠ ᠡᠬᠢᠯᠡᠬᠦ ᠠᠴᠠ ᠡᠮᠦᠨ᠎ᠡ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠭᠤᠶᠤᠴᠢᠯᠠᠨ ᠮᠡᠳᠡᠭᠦᠯᠬᠦ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ᠂ ᠭᠠᠶᠢᠯᠢ ᠶᠢ ᠪᠣᠳᠣᠵᠤ ᠴᠢᠳᠠᠬᠤ ᠪᠠ ᠭᠤᠶᠤᠴᠢᠯᠠᠨ ᠮᠡᠳᠡᠭᠦᠯᠵᠦ ᠴᠢᠳᠠᠬᠤ ᠶᠢ ᠪᠠᠲᠤᠯᠠᠪᠠ᠃ ᠠᠩᠬᠠᠨ ᠤ ᠲᠠᠲᠠᠪᠤᠷᠢᠯᠠᠬᠤ ᠡᠳᠦᠷ ᠲᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠭᠤᠶᠤᠴᠢᠯᠠᠨ ᠮᠡᠳᠡᠭᠦᠯᠬᠦ ᠰᠠᠭᠠᠳ ᠦᠭᠡᠢ ᠰᠢᠭᠤᠳ ᠨᠡᠪᠲᠡᠷᠡᠬᠦ ᠵᠠᠮ ᠪᠠ ᠲᠤᠰᠬᠠᠢ ᠴᠣᠩᠬᠤᠪᠴᠢ ᠨᠡᠭᠡᠭᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠢ ᠤᠷᠢᠵᠤ ᠬᠠᠮᠲᠤᠷᠠᠨ ᠠᠯᠪᠠᠯᠠᠵᠤ᠂ ᠲᠤᠰᠬᠠᠢ ᠠᠵᠢᠯᠲᠠᠨ ᠪᠠ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠭᠠᠶᠢᠯᠢ ᠲᠤᠰᠢᠶᠠᠬᠤ ᠶᠢᠨ ᠭᠤᠶᠤᠴᠢᠯᠠᠨ ᠮᠡᠳᠡᠭᠦᠯᠬᠦ ᠬᠦᠰᠦᠨᠦᠭ ᠲᠠᠭᠯᠠᠬᠤ ᠶᠢ ᠬᠠᠪᠰᠤᠷᠤᠨ ᠵᠢᠯᠣᠭᠤᠳᠬᠤ᠂ ᠭᠤᠶᠤᠴᠢᠯᠠᠨ ᠮᠡᠳᠡᠭᠦᠯᠬᠦ ᠶᠠᠪᠤᠴᠠ ᠪᠠᠷ ᠤᠳᠤᠷᠢᠳᠤᠨ ᠬᠥᠲᠥᠯᠬᠦ ᠵᠡᠷᠭᠡ ᠦᠢᠯᠡᠴᠢᠯᠡᠭᠡ ᠬᠠᠩᠭᠠᠭᠰᠠᠨ ᠤ ᠬᠠᠮᠲᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠲᠢᠩᠬᠢᠮ ᠵᠡᠷᠭᠡ ᠶᠢ ᠠᠰᠢᠭᠯᠠᠨ ᠭᠠᠶᠢᠯᠢ ᠲᠤᠰᠢᠶᠠᠭᠴᠢ ᠶᠢᠨ ᠠᠩᠬᠠᠳᠠᠭᠴᠢ ᠲᠠᠲᠠᠪᠤᠷᠢᠯᠠᠬᠤ ᠬᠤᠭᠤᠴᠠᠭᠠᠨ ᠳᠠᠬᠢ ᠭᠤᠶᠤᠴᠢᠯᠠᠨ ᠮᠡᠳᠡᠭᠦᠯᠬᠦ ᠳᠤ ᠣᠯᠠᠨ ᠵᠦᠢᠯ ᠤᠨ ᠠᠷᠭ᠎ᠠ ᠵᠠᠮ ᠬᠠᠩᠭᠠᠵᠤ᠂ ᠭᠠᠶᠢᠯᠢ ᠲᠤᠰᠢᠶᠠᠭᠴᠢᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠭᠦᠨ ᠤ ᠬᠠᠮᠲᠤ᠂ ᠭᠠᠶᠢᠯᠢ ᠲᠤᠰᠢᠶᠠᠭᠴᠢᠳ ᠪᠠᠰᠠ ︽12366︾ ᠭᠠᠶᠢᠯᠢ ᠲᠤᠰᠢᠶᠠᠬᠤ ᠦᠢᠯᠡᠴᠢᠯᠡᠭᠡ ᠶᠢᠨ ᠬᠠᠯᠠᠮᠰᠢᠯ ᠤᠲᠠᠰᠤ᠂ 12369 ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠵᠡᠷᠭᠡ ᠣᠯᠠᠨ ᠠᠷᠭ᠎ᠠ ᠵᠠᠮ ᠪᠠᠷ ᠳᠠᠮᠵᠢᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠠᠰᠠᠭᠤᠨ ᠯᠠᠪᠯᠠᠵᠤ ᠪᠣᠯᠣᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠴᠤ ᠳᠣᠲᠣᠭᠠᠳᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯᠲᠠᠳ ᠯᠤᠭ᠎ᠠ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠨᠠᠷᠢᠪᠴᠢᠯᠠᠨ ᠪᠣᠳᠣᠬᠤ ᠪᠠ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠬᠢᠬᠦ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠯᠢᠦ ᠹᠧᠩ ᠵᠢᠶᠦ᠋ᠨ᠄      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ ᠤᠰᠤᠨ ᠤ ᠡᠬᠢ ᠪᠠᠶᠠᠯᠢᠭ ᠤᠨ ᠭᠠᠶᠢᠯᠢ︾᠎ ᠶᠢ ᠡᠬᠢᠯᠡᠨ ᠲᠠᠲᠠᠪᠤᠷᠢᠯᠠᠬᠤ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠨᠢ ᠭᠤᠣᠯᠳᠠᠭᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠢ ᠵᠣᠬᠢᠶᠠᠨ ᠪᠠᠶᠢᠭᠤᠯᠤᠨ ᠤᠳᠤᠷᠢᠳᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠬᠤ ᠶᠢ ᠠᠬᠢᠭᠤᠯᠬᠤ ᠠᠵᠢᠯ ᠢ ᠬᠠᠷᠢᠭᠤᠴᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠵᠤ ᠠᠬᠢᠭᠤᠯᠬᠤ ᠲᠤᠬᠠᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠳᠦᠷᠢᠮ ᠪᠠ ᠠᠷᠭ᠎ᠠ ᠶᠢ ᠰᠤᠳᠤᠯᠵᠤ ᠬᠢᠨᠠᠨ ᠲᠣᠭᠲᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠵᠤ ᠠᠬᠢᠭᠤᠯᠬᠤ ᠴᠢᠬᠤᠯᠠ ᠶᠡᠭᠡ ᠵᠦᠢᠯᠡᠰ ᠪᠠ ᠭᠤᠣᠯᠳᠠᠯᠭᠠᠲᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠠᠢ᠃      ᠬᠤᠶᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ︽ᠭᠦᠢᠴᠡᠳ ᠲᠤᠶᠢᠯᠪᠤᠷᠢᠲᠠᠢ ᠭᠦᠢᠴᠡᠳᠬᠡᠬᠦ ︾ ᠲᠤᠬᠠᠶᠢᠯᠠᠭᠰᠠᠨ ᠠᠵᠢᠯ ᠤᠨ ᠬᠠᠷᠠᠭᠠᠨ ᠳᠠᠪᠲᠠᠮᠵᠢᠲᠤ ᠪᠣᠯᠪᠠᠰᠤᠷᠠᠭᠤᠯᠤᠯ ᠪᠠ ᠲᠥᠪᠯᠡᠷᠡᠭᠦᠯᠦᠭᠰᠡᠨ ᠪᠣᠯᠪᠠᠰᠤᠷᠠᠭᠤᠯᠤᠯ ᠢ ᠣᠯᠠᠨ ᠤᠳᠠᠭ᠎ᠠ ᠡᠷᠬᠢᠯᠡᠵᠦ᠂ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠠᠵᠢᠯᠲᠠᠳ ᠤᠨ ᠢᠶᠠᠨ ᠲᠥᠷᠥ ᠶᠢᠨ ᠪᠣᠳᠣᠯᠭ᠎ᠠ ᠶᠢ ᠪᠣᠯᠪᠠᠰᠤᠷᠠᠩᠭᠤᠢ ᠡᠵᠡᠮᠰᠢᠬᠦ ᠶᠢ ᠪᠠᠲᠤᠯᠠᠵᠤ᠂ ᠡᠷᠲᠡ ᠮᠡᠳᠡᠬᠦ᠂ ᠡᠷᠲᠡ ᠰᠤᠷᠤᠯᠴᠠᠬᠤ᠂ ᠡᠷᠲᠡ ᠣᠶᠢᠯᠭᠠᠬᠤ ᠶᠢ ᠭᠦᠢᠴᠡᠳᠬᠡᠵᠡᠢ᠃ ᠡᠭᠦᠨ ᠤ ᠬᠠᠮᠲᠤ ᠰᠤᠷᠤᠯᠴᠠᠭᠰᠠᠨ ᠰᠠᠭᠤᠷᠢᠨ ᠳᠡᠭᠡᠷ᠎ᠡ ᠪᠠᠨ᠂ ᠵᠤᠷᠪᠤᠰ ᠳᠠᠷᠠᠭᠠᠯᠠᠨ ᠰᠤᠳᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯᠳᠠᠯᠭᠠᠲᠤ ᠡᠭᠦᠷᠭᠡ᠂ ᠲᠠᠲᠠᠪᠤᠷᠢᠯᠠᠨ ᠬᠤᠷᠢᠶᠠᠬᠤ ᠳᠤ ᠬᠦᠴᠢᠷᠲᠡᠢ ᠭᠤᠭᠴᠤᠭ᠎ᠠ ᠶᠢ ᠲᠠᠨᠢᠵᠤ᠂ ᠲᠥᠷᠥ ᠶᠢᠨ ᠪᠣᠳᠣᠯᠭ᠎ᠠ ᠶᠢ ᠭᠦᠢᠴᠡᠳ ᠤᠬᠠᠬᠤ ᠶᠢ ᠭᠦᠢᠴᠡᠳᠬᠡᠵᠦ᠂ ᠡᠬᠢᠯᠡᠨ ᠲᠠᠲᠠᠪᠤᠷᠢᠯᠠᠬᠤ ᠠᠴᠠ ᠡᠮᠦᠨᠡᠬᠢ ᠪᠡᠯᠡᠳᠬᠡᠯ ᠪᠠ ᠡᠬᠢᠯᠡᠨ ᠲᠠᠲᠠᠪᠤᠷᠢᠯᠠᠭᠰᠠᠨ ᠤ ᠳᠠᠷᠠᠭᠠᠬᠢ ᠭᠦᠢᠴᠡᠳᠬᠡᠬᠦ ᠠᠵᠢᠯ ᠢ ᠰᠠᠶᠢᠲᠤᠷ ᠬᠢᠭᠰᠡᠨ ᠪᠠᠶᠢᠨ᠎ᠠ᠃      ᠭᠤᠷᠪᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠪᠠ᠃ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠣᠯᠠᠨ ᠤᠳᠠᠭ᠎ᠠ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠬᠢ ᠶᠢ ᠲᠣᠳᠣᠷᠬᠠᠶᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠲᠥᠬᠦᠷᠵᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠪᠣᠯᠣᠨ ᠴᠠᠭ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠦᠨᠡᠨ ᠬᠦ  ᠴᠢᠩᠭᠠᠳᠬᠠᠵᠠᠢ᠃ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠵᠤ ᠲᠠᠲᠠᠪᠤᠷᠢᠯᠠᠬᠤ ᠠᠴᠠ ᠡᠮᠦᠨᠡᠬᠢ ᠭᠠᠶᠢᠯᠢ ᠶᠢᠨ ᠢᠷᠡᠯᠲᠡ ᠶᠢ ᠪᠠᠶᠢᠴᠠᠭᠠᠵᠤ ᠪᠠᠶᠢᠳᠠᠯ ᠢ ᠣᠶᠢᠯᠭᠠᠬᠤ ᠠᠵᠢᠯ ᠢ ᠬᠠᠮᠲᠤᠷᠠᠨ ᠥᠷᠨᠢᠭᠦᠯᠵᠡᠢ᠃      ᠳᠥᠷᠪᠡ ᠳᠤ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ᠂ ᠰᠢᠨᠵᠢᠨ ᠲᠤᠷᠰᠢᠬᠤ᠂ ᠪᠢᠴᠢᠨ ᠣᠷᠣᠭᠤᠯᠬᠤ ᠠᠵᠢᠯ ᠢ ᠰᠠᠶᠢᠲᠤᠷ ᠬᠢᠪᠡ᠃ ᠰᠠᠭᠤᠷᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠬᠤ ᠶᠢ ᠪᠠᠲᠤᠯᠠᠬᠤ ᠶᠢᠨ ᠲᠥᠯᠥᠭᠡ᠂ ᠰᠢᠨᠵᠢᠨ ᠲᠤᠷᠰᠢᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠵᠤ ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠭᠠᠳ ᠭᠠᠶᠢᠯᠢ ᠲᠤᠰᠢᠶᠠᠭᠴᠢ ᠳᠤ ᠲᠥᠷᠥᠯ ᠬᠤᠪᠢᠶᠠᠨ ᠬᠠᠪᠰᠤᠷᠤᠨ ᠵᠢᠯᠣᠭᠤᠳᠬᠤ ᠶᠢ ᠥᠷᠨᠢᠭᠦᠯᠵᠦ᠂ ᠰᠠᠭᠤᠷᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠵᠤ᠂ ᠰᠢᠨᠵᠢᠨ ᠲᠤᠷᠰᠢᠬᠤ ᠠᠵᠢᠯ ᠢ ᠥᠷᠨᠢᠭᠦᠯᠦᠨ᠂ ᠲᠠᠲᠠᠪᠤᠷᠢᠯᠠᠨ ᠬᠤᠷᠢᠶᠠᠬᠤ ᠰᠢᠰᠲ᠋ᠧᠮ ᠤᠨ ᠬᠡᠪ ᠢᠶᠠᠷ ᠠᠵᠢᠯᠯᠠᠬᠤ ᠶᠢ ᠪᠠᠲᠤᠯᠠᠭᠰᠠᠨ ᠪᠠᠶᠢᠨ᠎ᠠ᠃      ᠲᠠᠪᠤ ᠳᠤ᠂ ᠤᠬᠠᠭᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠶᠢᠯᠢ ᠲᠠᠲᠠᠪᠤᠷᠢ ᠶᠢᠨ ᠨᠥᠯᠥᠭᠡᠯᠡᠬᠦ ᠬᠦᠴᠦᠨ ᠢ ᠥᠷᠭᠡᠳᠬᠡᠪᠡ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠣᠯᠠᠨ ᠬᠡᠯᠪᠡᠷᠢ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠶᠢᠯᠢ ᠲᠠᠲᠠᠪᠤᠷᠢ ᠤᠬᠠᠭᠤᠯᠬᠤ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠭᠠᠶᠢᠯᠢ ᠲᠤᠰᠢᠶᠠᠭᠴᠢ᠂ ᠡᠳ᠋ ᠤᠨ ᠵᠠᠰᠠᠭ ᠭᠠᠶᠢᠯᠢ ᠶᠢᠨ ᠲᠤᠰᠬᠠᠢ ᠮᠡᠷᠭᠡᠵᠢᠯᠲᠡᠨ ᠪᠠ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠤᠷᠢᠨ ᠣᠷᠣᠯᠴᠠᠭᠤᠯᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠤ ᠬᠠᠮᠲᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠭᠠᠷᠭᠠᠭᠰᠠᠳ ᠲᠤ ᠬᠠᠷᠢᠭᠤᠯᠲᠠ ᠥᠭᠴᠦ᠂ ᠨᠡᠯᠢᠶᠡᠳ ᠰᠠᠶᠢᠨ ᠦᠷ᠎ᠡ ᠳ᠋ᠦᠩ ᠣᠯᠣᠭᠰᠠᠨ ᠪᠠᠶᠢᠨ᠎ᠠ᠃      ᠬᠥᠲᠥᠯᠥᠭᠴᠢ᠄      ᠮᠠᠨ ᠤ ᠣᠷᠣᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠦᠭᠡᠳ ᠣᠳᠣᠬᠠᠨ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖      ᠯᠢᠦ ᠹᠧᠩ ᠵᠢᠶᠦ᠋ᠨ᠄      4 ᠳ᠋ᠦ᠋ᠭᠡᠷ ᠰᠠᠷ᠎ᠠ ᠳᠤ᠂ ᠮᠠᠨ ᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠠᠩᠬᠠᠳᠤᠭᠠᠷ ᠤᠯᠠᠷᠢᠯ ᠤᠨ ᠭᠠᠶᠢᠯᠢ ᠶᠢᠨ ᠵᠣᠭᠤᠰ ᠲᠠᠲᠠᠪᠤᠷᠢᠯᠠᠨ ᠬᠤᠷᠢᠶᠠᠬᠤ ᠠᠵᠢᠯ ᠢᠶᠠᠨ ᠪᠡᠶᠡᠯᠡᠭᠦᠯᠵᠦ᠂ ᠶᠡᠷᠦᠩᠬᠡᠢ ᠳᠤ ᠪᠠᠨ ᠠᠵᠢᠯᠯᠠᠭᠠᠨ ᠨᠢ ᠲᠣᠭᠲᠠᠪᠤᠷᠢᠲᠠᠢ ᠪᠠᠶᠢᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠴᠤ ᠠᠩᠬ᠎ᠠ ᠠᠯᠬᠤᠮ ᠲᠣᠳᠣᠷᠠᠭᠰᠠᠨ ᠪᠠᠶᠢᠨ᠎ᠠ᠃      ᠨᠢᠭᠡ ᠳᠤ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷ ᠨᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠪᠠ ᠲᠠᠲᠠᠪᠤᠷᠢᠯᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠵᠤ᠂ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠤᠰᠢᠶᠠᠬᠤ ᠦᠵᠡᠯ ᠤᠬᠠᠮᠰᠠᠷ ᠢ ᠨᠡᠶᠢᠳᠡᠮ ᠳᠤ ᠨᠢ ᠴᠢᠩᠭᠠᠷᠠᠭᠤᠯᠪᠠ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠤᠯᠠᠷᠢᠯ ᠢᠶᠠᠷ ᠭᠤᠶᠤᠴᠢᠯᠠᠨ ᠮᠡᠳᠡᠭᠦᠯᠵᠦ ᠲᠤᠰᠢᠶᠠᠬᠤ ᠡᠭᠦᠷᠭᠡ ᠶᠢ ᠲᠣᠳᠣᠷᠬᠠᠶᠢᠯᠠᠵᠤ᠂ ᠬᠤᠭᠤᠴᠠᠭ᠎ᠠ ᠨᠢ ᠬᠡᠲᠦᠷᠡᠭᠡᠳ ᠭᠤᠶᠤᠴᠢᠯᠠᠨ ᠮᠡᠳᠡᠭᠦᠯᠪᠡᠯ ᠬᠤᠭᠤᠴᠠᠭ᠎ᠠ ᠬᠡᠲᠦᠷᠡᠭᠰᠡᠨ ᠤ ᠮᠥᠩᠭᠦ ᠪᠠ ᠲᠣᠷᠭᠠᠭᠤᠯᠢ ᠶᠢᠨ ᠵᠣᠭᠤᠰ ᠨᠡᠮᠡᠨ ᠬᠤᠷᠢᠶᠠᠬᠤ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠯ ᠬᠦᠨᠳᠦ ᠶᠢ ᠦᠨᠡᠯᠡᠨ ᠮᠠᠭᠠᠳᠯᠠᠬᠤ ᠦᠨᠳᠦᠰᠦᠯᠡᠯ ᠪᠣᠯᠭᠠᠭᠰᠠᠨ ᠠᠴᠠ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠬᠦᠴᠦᠨ ᠢᠶᠠᠨ ᠴᠢᠩᠭᠠᠷᠠᠭᠤᠯᠵᠤ᠂ ᠭᠤᠶᠤᠴᠢᠯᠠᠨ ᠮᠡᠳᠡᠭᠦᠯᠬᠦ ᠢᠳᠡᠪᠬᠢᠵᠢᠯ ᠪᠠ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢ ᠨᠡᠮᠡᠭᠳᠡᠭᠦᠯᠦᠨ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷᠲᠤ ᠦᠢᠯᠡᠳᠦᠯ ᠴᠤ ᠲᠣᠳᠣᠷᠬᠠᠢ ᠢᠯᠡᠷᠡᠪᠡ᠃ ᠡᠭᠦᠨ ᠤ ᠬᠠᠮᠲᠤ ᠮᠠᠨ ᠤ ᠲᠣᠪᠴᠢᠶ᠎ᠠ ᠶᠢᠨ ᠬᠢᠨ ᠣᠯᠠᠨ ᠠᠷᠭ᠎ᠠ ᠵᠠᠮ ᠣᠯᠠᠨ ᠠᠷᠭ᠎ᠠ ᠬᠡᠯᠪᠡᠷᠢ ᠪᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠶᠡᠭᠡ ᠬᠡᠪᠴᠢᠶ᠎ᠡ ᠪᠠᠷ ᠤᠬᠠᠭᠤᠯᠤᠭᠰᠠᠨ ᠪᠠ ᠬᠠᠪᠰᠤᠷᠤᠨ ᠵᠢᠯᠣᠭᠤᠳᠤᠭᠰᠠᠨ ᠠᠴᠠ ᠥᠭᠡᠷᠡᠴᠢᠯᠡᠯᠲᠡ ᠬᠢᠬᠦ ᠶᠢᠨ ᠡᠮᠦᠨᠡᠬᠢ ᠲᠠᠲᠠᠪᠤᠷᠢᠯᠠᠨ ᠬᠤᠷᠢᠶᠠᠬᠤ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠦᠭᠡᠢ ᠬᠡᠰᠡᠭ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠴᠤᠭᠯᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠥᠮᠥᠷᠭᠡ ᠳᠤ ᠣᠷᠣᠭᠤᠯᠬᠤ ᠨᠣᠷᠮ᠎ᠠ ᠢᠯᠡᠷᠬᠡᠢ ᠨᠡᠮᠡᠭᠳᠡᠭᠰᠡᠨ ᠪᠠᠶᠢᠨ᠎ᠠ᠃      ᠬᠤᠶᠠᠷ ᠲᠤ᠂ ᠵᠠᠷᠢᠮ ᠠᠵᠤ ᠠᠬᠤᠶᠢᠯᠠᠯ ᠪᠠᠰᠠ ᠡᠨᠧᠷᠭᠢ ᠶᠢ ᠠᠷᠪᠢᠯᠠᠨ ᠪᠣᠬᠢᠷᠲᠤᠯ ᠭᠠᠳᠠᠭᠰᠢᠯᠠᠭᠤᠯᠤᠯᠲᠠ ᠪᠠᠨ ᠪᠠᠭᠠᠰᠬᠠᠬᠤ ᠪᠡᠯᠡᠳᠬᠡᠮᠵᠢ ᠪᠠ ᠠᠭᠠᠷ ᠮᠠᠨᠳᠠᠯ ᠤᠨ ᠪᠣᠬᠢᠷᠲᠤᠯ ᠪᠣᠳᠠᠰ ᠢ ᠠᠦ᠋ᠲ ᠢᠶᠠᠷ ᠬᠢᠨᠠᠨ ᠰᠢᠨᠵᠢᠵᠦ ᠬᠡᠮᠵᠢᠬᠦ ᠲᠥᠬᠦᠭᠡᠷᠦᠮᠵᠢ ᠶᠢ ᠰᠠᠨᠠᠭᠠᠴᠢᠯᠠᠭ᠎ᠠ ᠠᠴᠠ ᠪᠠᠨ ᠤᠭᠰᠠᠷᠠᠵᠤ᠂ ᠠᠵᠤ ᠠᠬᠤᠶᠢᠯᠠᠯ ᠤᠨ ᠡᠨᠧᠷᠭᠢ ᠶᠢ ᠠᠷᠪᠢᠯᠠᠨ ᠪᠣᠬᠢᠷᠲᠤᠯ ᠤᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠭᠰᠡᠨ ᠢᠶᠠᠷ ᠪᠠᠷᠠᠬᠤ ᠦᠭᠡᠢ᠂ ᠭᠠᠶᠢᠯᠢ ᠲᠠᠲᠠᠪᠤᠷᠢ ᠶᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠᠷ ᠠᠵᠤ ᠠᠬᠤᠶᠢᠯᠠᠯ ᠤᠨ ᠪᠣᠬᠢᠷᠲᠤᠯ ᠬᠥᠭᠵᠢᠯᠲᠡ᠂ ᠡᠨᠧᠷᠭᠢ ᠶᠢ ᠠᠷᠪᠢᠯᠠᠨ ᠪᠣᠬᠢᠷᠲᠤᠯ ᠤᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠪᠡᠶᠡᠯᠡᠭᠦᠯᠦᠭᠰᠡᠨ ᠪᠠᠶᠢᠨ᠎ᠠ᠃      ᠭᠤᠷᠪᠠ ᠳᠤ᠂ ᠵᠠᠷᠢᠮ ᠠᠵᠤ ᠠᠬᠤᠶᠢᠯᠠᠯ ᠨᠢ ᠤᠰᠤ ᠠᠷᠪᠢᠯᠠᠬᠤ ᠲᠥᠬᠦᠭᠡᠷᠦᠮᠵᠢ ᠳᠠᠬᠢ ᠣᠷᠣᠭᠤᠯᠤᠯᠲᠠ ᠶᠢᠨ ᠡᠷᠴᠢᠮ ᠢᠶᠠᠨ ᠰᠠᠨᠠᠭᠠᠴᠢᠯᠠᠭ᠎ᠠ ᠠᠴᠠ ᠪᠠᠨ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠳᠤ ᠵᠠᠷᠤᠴᠠᠭᠤᠯᠬᠤ ᠤᠰᠤᠨ ᠤ ᠬᠡᠮᠵᠢᠶ᠎ᠡ ᠪᠠᠨ ᠪᠠᠭᠠᠰᠬᠠᠪᠠ᠃ ᠡᠭᠦᠨ ᠤ ᠬᠠᠮᠲᠤ᠂ ᠬᠡᠰᠡᠭ ᠠᠵᠤ ᠠᠬᠤᠶᠢᠯᠠᠯ ᠨᠢ ᠤᠰᠤ ᠬᠡᠷᠡᠭᠯᠡᠬᠦ ᠪᠦᠲᠦᠴᠡ ᠪᠠᠨ ᠬᠤᠪᠢᠷᠠᠭᠤᠯᠵᠤ᠂ ᠥᠩᠭᠡᠷᠡᠭᠰᠡᠨ ᠳᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠵᠤ ᠪᠠᠶᠢᠭᠰᠠᠨ ᠠᠴᠠ ᠭᠠᠵᠠᠷ ᠤᠨ ᠭᠠᠳᠠᠷᠭᠤ ᠶᠢᠨ ᠤᠰᠤ ᠶᠢ ᠠᠪᠴᠤ ᠬᠡᠷᠡᠭᠯᠡᠬᠦ ᠪᠤᠶᠤ ᠬᠤᠲᠠ ᠬᠥᠳᠡᠭᠡ ᠶᠢᠨ ᠤᠰᠤ ᠬᠠᠩᠭᠠᠬᠤ ᠭᠤᠤᠷᠰᠤ ᠶᠢᠨ ᠲᠣᠣᠷ ᠎ ᠲᠠᠢ ᠠᠦ᠋ᠲ ᠢᠶᠠᠷ ᠵᠠᠯᠭᠠᠯᠳᠤᠭᠤᠯᠵᠤ ᠲᠦᠭᠡᠭᠡᠯ ᠤᠰᠤ ᠬᠡᠷᠡᠭᠯᠡᠬᠦ ᠪᠣᠯᠭᠠᠨ ᠬᠤᠪᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠭᠦᠯᠦᠨ ᠮᠠᠯᠲᠠᠬᠤ ᠶᠢ ᠵᠣᠬᠢᠬᠤ ᠬᠡᠮᠵᠢᠶ᠎ᠡ ᠪᠠᠷ ᠬᠤᠷᠢᠭᠯᠠᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠨᠡᠶᠢᠭᠡᠮ ᠤᠨ ᠬᠢᠨ ᠣᠨᠴᠠᠭᠠᠶᠢᠯᠠᠨ ᠠᠵᠤ ᠠᠬᠤᠶᠢᠯᠠᠯ ᠤᠨ ᠤᠰᠤ ᠠᠷᠪᠢᠯᠠᠨ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠡᠭᠦᠨ ᠤ ᠤᠯᠠᠮ ᠠᠴᠠ ᠦᠢᠯᠡᠳᠪᠦᠷᠢᠯᠡᠯ ᠤᠨ ᠠᠷᠭ᠎ᠠ ᠬᠡᠯᠪᠡᠷᠢ ᠳᠤ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠵᠦᠢ ᠵᠣᠬᠢᠰᠲᠠᠢ ᠬᠡᠷᠡᠭᠯᠡᠬᠦ ᠶᠢ ᠪᠡᠶᠡᠯᠡᠭᠦᠯᠪᠡ᠃      ᠬᠥᠲᠥᠯᠥᠭᠴᠢ᠄      ᠰᠠᠶᠢᠨ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号