ᠪᠦᠬᠦ ᠣᠷᠣᠨ ᠤ ᠭᠤᠷᠪᠠᠨ ᠵᠦᠢᠯ ᠤᠨ ᠤᠷᠢᠳᠡᠬᠢ ᠠᠵᠤ ᠠᠬᠤᠶ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2018-06-26
     ᠡᠨᠡ ᠵᠢᠯ ᠠᠴᠠ ᠨᠠᠰᠢ᠂ ᠮᠠᠨ ᠤ ᠣᠷᠣᠨ ᠤ ᠴᠠᠬᠢᠯᠭᠠᠨ ᠬᠡᠷᠡᠭᠯᠡᠭᠰᠡᠨ ᠬᠡᠮᠵᠢᠶ᠎ᠡ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ ᠡᠳ᠋ ᠪᠠᠷᠠᠭᠠᠨ ᠤ ᠡᠷᠭᠢᠯᠲᠡ ᠶᠢᠨ ᠬᠡᠮᠵᠢᠶ᠎ᠡ ᠵᠡᠷᠭᠡ ᠭᠤᠷᠪᠠᠨ ᠵᠦᠢᠯ ᠤᠨ ᠤᠷᠢᠳᠡᠬᠢ ᠠᠵᠤ ᠠᠬᠤᠶ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠪᠡ᠃ ᠡᠨᠡ ᠵᠢᠯ ᠤᠨ 1 — 5 ᠳ᠋ᠤᠭᠠᠷ ᠰᠠᠷ᠎ᠠ ᠳᠤ᠂ ᠪᠦᠬᠦ ᠣᠷᠣᠨ ᠤ ᠪᠦᠭᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1322.5 ᠳ᠋ᠥᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 15.1%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 3.8 ᠵᠠᠭᠤᠨ ᠤ ᠴᠡᠭ ᠲᠦᠷᠭᠡᠰᠴᠡᠢ᠃ ᠡᠭᠦᠨ ᠳᠤ᠄ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 1151.7 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.8%᠎ ᠪᠠᠷ ᠨᠡᠮᠡᠭᠳᠡᠪᠡ᠃ 1 — 5 ᠳ᠋ᠤᠭᠠᠷ ᠰᠠᠷ᠎ᠠ ᠳᠤ᠂ ᠪᠦᠬᠦ ᠣᠷᠣᠨ ᠤ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 92988.1 ᠲᠦᠮᠡᠨ ᠲᠣᠨ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.9%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 —4 ᠳ᠋ᠦ᠋ᠭᠡᠷ ᠰᠠᠷ᠎ᠠ ᠶᠢᠨ ᠎ ᠬᠢ ᠠᠴᠠ 0.2 ᠵᠠᠭᠤᠨ ᠤ ᠴᠡᠭ ᠲᠦᠷᠭᠡᠰᠴᠡᠢ᠃ ᠡᠭᠦᠨ ᠳᠤ᠄ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 8.9%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 4 ᠳ᠋ᠦ᠋ᠭᠡᠷ ᠰᠠᠷ᠎ᠠ ᠶᠢᠨ ᠬᠢ ᠠᠴᠠ 0.2 ᠵᠠᠭᠤᠨ ᠤ ᠴᠡᠭ ᠲᠦᠷᠭᠡᠰᠴᠡᠢ︔ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 11.5%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 4 ᠳ᠋ᠦ᠋ᠭᠡᠷ ᠰᠠᠷ᠎ᠠ ᠶᠢᠨ ᠬᠢ ᠠᠴᠠ 0.4 ᠵᠠᠭᠤᠨ ᠤ ᠴᠡᠭ ᠲᠦᠷᠭᠡᠰᠴᠡᠢ᠃1—5 ᠳ᠋ᠤᠭᠠᠷ ᠰᠠᠷ᠎ᠠ ᠳᠤ᠂ᠪᠦᠬᠦ ᠣᠷᠣᠨ ᠤ ᠡᠳ᠋ ᠪᠠᠷᠠᠭᠠᠨ ᠤ ᠡᠷᠭᠢᠯᠲᠡ ᠶᠢᠨ ᠬᠡᠮᠵᠢᠶ᠎ᠡ ᠺᠢᠯᠣᠮᠧᠲᠷ ᠪᠦᠷᠢ2143.2 ᠳ᠋ᠥᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 —4 ᠳ᠋ᠦ᠋ᠭᠡᠷ ᠰᠠᠷ᠎ᠠ ᠶᠢᠨ ᠬᠢ ᠠᠴᠠ 1.2 ᠵᠠᠭᠤᠨ ᠤ ᠴᠡᠭ ᠲᠦᠷᠭᠡᠰᠴᠡᠢ᠃ ᠡᠭᠦᠨ ᠳᠤ᠄ ᠵᠠᠰᠠᠮᠠᠯ ᠵᠠᠮ ᠤᠨ ᠡᠳ᠋ ᠪᠠᠷᠠᠭᠠᠨ ᠤ ᠡᠷᠭᠢᠯᠲᠡ ᠶᠢᠨ ᠬᠡᠮᠵᠢᠶ᠎ᠡ ᠨᠢ ᠺᠢᠯᠣᠮᠧᠲᠷ ᠪᠦᠷᠢ 1054.4 ᠳ᠋ᠥᠩᠰᠢᠭᠤᠷ ᠲᠣᠨ ᠳᠤ ᠬᠦᠷᠴᠦ᠂ᠠᠳᠠᠯᠢ ᠬᠤᠭᠤᠴᠠᠭᠠᠨ ᠤ ᠬᠢ ᠠᠴᠠ 8.5%᠎ ᠪᠠᠷ ᠨᠡᠮᠡᠭᠳᠡᠵᠦ᠂ᠨᠡᠮᠡᠭᠳᠡᠯ ᠤᠨ ᠬᠤᠷᠳᠤᠴᠠ ᠨᠢ 1 — 4 ᠳ᠋ᠤᠭᠠᠷ ᠰᠠᠷ᠎ᠠ ᠶᠢᠨ ᠎ ᠬᠢ ᠠᠴᠠ 0.3 ᠵᠠᠭᠤᠨ ᠤ ᠴᠡᠭ ᠲᠦᠷᠭᠡᠰᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号