ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠠᠷᠪᠠᠨ ᠨᠠᠢᠮᠠᠳᠤᠭᠠᠷ ᠪᠦᠯᠦᠭ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠬᠦᠯᠦᠭᠰᠡᠨ ᠭᠡᠷᠡᠭ ᠢ ᠲᠤᠰᠢᠶᠠᠨ ᠦᠭᠴᠦ ᠬᠦᠢᠴᠡᠳᠭᠡᠬᠦᠯᠬᠦ ᠪᠠᠷ ᠪᠤᠯᠪᠠ
ᠨᠡᠶᠢᠲᠡᠯᠡᠭᠰᠡᠨ ᠴᠠᠭ᠄
2018/6/26
     6 ᠳ᠋ᠤᠭᠠᠷ ᠰᠠᠷ᠎ᠠ ᠶᠢᠨ 24᠎ ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠠᠷᠪᠠᠨ ᠨᠠᠢᠮᠠᠳᠤᠭᠠᠷ ᠪᠦᠯᠦᠭ ᠤᠨ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ 89 ᠭᠡᠷᠡᠭ ︵ᠤᠳᠠᠰᠤ ᠪᠠᠷ ᠢᠯᠡᠴᠢᠯᠡᠨ ᠮᠡᠳᠡᠬᠦᠯᠦᠭᠰᠡᠨ 61 ᠭᠡᠷᠡᠭ᠂ ᠵᠠᠬᠢᠳᠠᠯ ᠢᠶᠠᠷ ᠢᠯᠡᠴᠢᠯᠡᠨ ᠮᠡᠳᠡᠬᠦᠯᠦᠭᠰᠡᠨ 28 ᠭᠡᠷᠡᠭ︶᠎ ᠢ ᠲᠤᠰᠢᠶᠠᠨ ᠦᠭᠴᠦ ᠬᠦᠢᠴᠡᠳᠭᠡᠬᠦᠯᠬᠦ ᠪᠠᠷ ᠪᠤᠯᠪᠠ᠃ ᠤᠷᠤᠨ ᠪᠦᠰᠡ ᠶᠢᠨ ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 22 ᠭᠡᠷᠡᠭ᠂ ᠪᠤᠭᠤᠳᠤ ᠬᠤᠲᠠ ᠶᠢᠨ 7 ᠬᠡᠷᠡᠭ᠂ ᠬᠦᠯᠦᠨ ᠪᠤᠶᠢᠷ ᠬᠤᠲᠠ ᠶᠢᠨ 6 ᠬᠡᠷᠡᠭ᠂ ᠬᠢᠩᠭᠠᠨ ᠠᠶᠢᠮᠠᠭ ᠤᠨ 2 ᠬᠡᠷᠡᠭ᠂ ᠲᠦᠩᠯᠢᠶᠤᠤ ᠬᠤᠲᠠ ᠶᠢᠨ 7 ᠬᠡᠷᠡᠭ᠂ ᠤᠯᠠᠭᠠᠨᠬᠠᠳᠠ ᠬᠤᠳᠠ ᠶᠢᠨ 15 ᠭᠡᠷᠡᠭ᠂ ᠰᠢᠯᠢ ᠶᠢᠨ ᠭᠤᠤᠯ ᠠᠶᠢᠮᠠᠭ ᠤᠨ 10 ᠬᠡᠷᠡᠭ᠂ ᠤᠯᠠᠭᠠᠨᠴᠠᠪ ᠬᠤᠲᠠ ᠶᠢᠨ 5 ᠬᠡᠷᠡᠭ᠂ ᠤᠷᠳᠤᠰ ᠬᠤᠲᠠ ᠶᠢᠨ 8 ᠬᠡᠷᠡᠭ᠂ ᠪᠠᠶᠠᠨᠨᠠᠭᠤᠷ ᠬᠤᠲᠠ ᠶᠢᠨ 5 ᠭᠡᠷᠡᠭ᠂ ᠠᠯᠠᠱᠠ ᠠᠶᠢᠮᠠᠭ ᠤᠨ 2 ᠬᠡᠷᠡᠭ ᠪᠠᠶᠢᠨ᠎ᠠ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ ᠮᠡᠳᠡᠭᠦᠯᠦᠭᠰᠡᠨ ᠨᠢ ᠤᠯᠠᠨ ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ 43 ᠭᠡᠷᠡᠭ᠂ ᠤᠰᠤᠨ ᠤ ᠪᠤᠬᠢᠷᠳᠤᠯ 16 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ 20 ᠭᠡᠷᠡᠭ᠂ ᠬᠦᠷᠦᠰᠦ ᠰᠢᠷᠤᠢ ᠶᠢᠨ ᠪᠤᠬᠢᠷᠳᠤᠯ 16 ᠭᠡᠷᠡᠭ᠂ ᠰᠠᠴᠤᠷᠠᠭ ᠤᠨ ᠪᠤᠬᠢᠷᠳᠤᠯ 1 ᠬᠡᠷᠡᠭ᠂ ᠠᠮᠢ ᠠᠬᠤᠢ ᠶᠢ ᠡᠪᠳᠡᠭᠰᠡᠨ 35 ᠭᠡᠷᠡᠭ᠂ ᠪᠤᠰᠤᠳ ᠪᠤᠬᠢᠷᠳᠤᠯ 9 ᠭᠡᠷᠡᠭ ᠪᠤᠢ᠃      ᠲᠤᠬᠢᠷᠠᠭᠤᠯᠤᠯᠳᠠ ᠶᠤᠰᠤᠭᠠᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠰᠠᠭᠤᠬᠤ ᠬᠤᠭᠤᠴᠠᠭ᠎ᠠ ᠨᠢ 1 ᠰᠠᠷ᠎ᠠ ᠪᠤᠯᠤᠨ᠎ᠠ᠃ ᠰᠠᠭᠤᠬᠤ ᠬᠤᠭᠤᠴᠠᠭᠠᠨ ᠳᠠᠬᠢ ︵2018 ᠤᠨ ᠤ 6 ᠳ᠋ᠤᠭᠠᠷ ᠰᠠᠷ᠎ᠠ ᠶᠢᠨ 6᠎ ᠤ ᠡᠳᠦᠷ — 7 ᠳ᠋ᠤᠭᠠᠷ ᠰᠠᠷ᠎ᠠ ᠶᠢᠨ 6᠎ ᠤ ᠡᠳᠦᠷ︶ ᠲᠤᠰᠬᠠᠢ ᠵᠢᠵᠢᠬᠦᠷ ᠤᠳᠠᠰᠤ᠄ 0471 — 6960015᠂ ᠲᠤᠰᠬᠠᠢ ᠰᠢᠤᠳᠠᠨ ᠵᠠᠬᠢᠳᠠᠯ ᠤᠨ ᠬᠠᠶᠢᠷᠴᠠᠭ᠄ ᠥᠪᠦᠷ ᠮᠤᠩᠭᠤᠯ ᠤᠨ ᠬᠦᠬᠡᠬᠤᠳᠠ ᠶᠢᠨ 2588 ᠨᠤᠮᠧᠷᠳᠦ ᠰᠢᠤᠳᠠᠨ ᠬᠠᠶᠢᠷᠴᠠᠭ ᠢ ᠭᠠᠷᠭᠠᠪᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠴᠢᠯᠡᠨ ᠮᠡᠳᠡᠬᠦᠯᠬᠦ ᠤᠳᠠᠰᠤ ᠶᠢ ᠬᠦᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 — 20᠄ 00 ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠎ ᠤᠨ ᠬᠤᠷᠢᠶᠠᠨ ᠤ ᠱᠠᠭᠠᠷᠳᠠᠯᠭ᠎ᠠ ᠪᠠ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠎ ᠤᠨ ᠬᠢᠨ ᠭᠤᠤᠯᠳᠠᠭᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠎ ᠤ ᠬᠠᠮᠠᠭᠠᠯᠠᠯᠳᠠ ᠶᠢᠨ ᠲᠠᠯ᠎ᠠ ᠪᠠᠷ ᠬᠢ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠬᠦᠯᠦᠯᠳᠠ ᠶᠢ ᠬᠦᠯᠢᠶᠡᠨ ᠠᠪᠤᠨ᠎ᠠ ᠃ ᠬᠦᠯᠢᠶᠡᠨ ᠠᠪᠬᠤ ᠬᠡᠪᠴᠢᠶᠠᠨ ᠳᠤ ᠬᠠᠷᠢᠶᠠᠯᠠᠬᠳᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠭᠳᠠᠭᠠᠯ ᠶᠤᠰᠤᠭᠠᠷ ᠰᠢᠮᠳᠠᠭᠤᠯᠤᠨ ᠪᠠᠶᠢᠴᠠᠭᠠᠬᠤ ᠭᠠᠵᠠᠷ ᠤᠷᠤᠨ᠂ ᠨᠢᠭᠡᠴᠡ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠨ ᠦᠭᠴᠦ ᠬᠦᠢᠴᠡᠳᠭᠡᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号