ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤ ᠲᠠᠳᠠᠬᠤ ᠶᠢ ᠵᠦᠪᠰᠢᠶᠡᠷᠡᠬᠦ ᠪᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠬᠠᠮᠢᠶᠠᠷᠤᠯᠳᠠ ᠶᠢᠨ ᠬᠡᠷᠡᠭᠵᠢᠬᠦᠯᠬᠦ ᠠᠷᠭ᠎ᠠ
ᠨᠡᠶᠢᠲᠡᠯᠡᠭᠰᠡᠨ ᠴᠠᠭ᠄
2018-06-26
     ︵2008 ᠤᠨ ᠤ 1 ᠳ᠋ᠤᠬᠡᠷ ᠰᠠᠷ᠎ᠠ ᠶᠢᠨ 7᠎ ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 155 ᠳ᠋ᠤᠭᠠᠷ ᠲᠤᠭᠠᠳᠤ ᠪᠠᠷ ᠨᠡᠶᠢᠳᠡᠯᠡᠪᠡ  2018 ᠤᠨ ᠤ 1 ᠳ᠋ᠤᠬᠡᠷ ᠰᠠᠷ᠎ᠠ ᠶᠢᠨ 16᠎ ᠤ ᠡᠳᠦᠷ ︽ᠵᠠᠰᠠᠭ ᠤᠨ ᠤᠷᠳᠤᠨ ᠤ ᠬᠡᠰᠡᠭ ᠲᠦᠷᠢᠮ ᠲᠤᠨᠨᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠨᠨᠳᠠᠭᠠᠯ︾ ᠎ ᠢ ᠦᠨᠳᠦᠰᠦᠯᠡᠵᠦ ᠵᠠᠰᠠᠪᠤᠷᠢ ᠤᠷᠤᠭᠤᠯᠪᠠ︶      ᠨᠢᠬᠡᠳᠦᠬᠡᠷ ᠪᠦᠯᠦᠭ    ᠶᠡᠷᠦᠩᠬᠡᠢ ᠲᠦᠷᠢᠮ      ᠨᠢᠬᠡᠳᠦᠬᠡᠷ ᠵᠦᠢᠯ    ᠤᠰᠤᠨ ᠤ ᠡᠬᠢ ᠰᠤᠷᠪᠤᠯᠵᠢ ᠶᠢ ᠵᠦᠢ ᠵᠤᠬᠢᠰᠳᠠᠢ ᠪᠠᠷ ᠨᠡᠬᠡᠬᠡᠨ ᠠᠰᠢᠨᠨᠯᠠᠬᠤ᠂ ᠰᠢᠯᠢᠳᠡᠭᠵᠢᠬᠦᠯᠦᠨ ᠲᠤᠬᠢᠷᠠᠭᠤᠯᠬᠤ ᠪᠠ ᠦᠷᠭᠦᠯᠵᠢᠯᠡᠨ ᠠᠰᠢᠨᠨᠯᠠᠵᠦ᠂ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠬᠤ ᠪᠠ ᠬᠠᠮᠠᠭᠠᠯᠠᠬᠤ ᠶᠢ ᠠᠬᠢᠭᠤᠯᠬᠤ ᠶᠢ ᠪᠡᠶᠡᠯᠡᠬᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠤᠰᠤ ᠲᠠᠳᠠᠬᠤ ᠶᠢ ᠵᠦᠪᠰᠢᠶᠡᠷᠡᠬᠦ ᠪᠠ  ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠬᠠᠮᠢᠶᠠᠷᠤᠯᠳᠠ ᠶᠢᠨ ᠲᠦᠷᠢᠮ︾ ︵ᠲᠤᠷᠤᠨᠨᠰᠢ ︽ᠲᠦᠷᠢᠮ︾ ᠬᠡᠵᠦ ᠲᠤᠪᠴᠢᠯᠠᠨ᠎ᠠ︶ ᠵᠡᠷᠬᠡ ᠬᠠᠤᠯᠢ ᠴᠠᠭᠠᠵᠠ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃      ᠬᠤᠶᠠᠳᠤᠭᠠᠷ ᠵᠦᠢᠯ    ᠦᠪᠡᠷᠳᠡᠬᠡᠨ ᠵᠠᠰᠠᠬᠤ ᠤᠷᠤᠨ ᠤ ᠬᠢᠯᠢ ᠲᠤᠳᠤᠷ᠎ᠠ ᠤᠰᠤ ᠲᠠᠳᠠᠬᠤ ᠪᠠᠷᠢᠯᠭ᠎ᠠ ᠪᠤᠶᠤ ᠪᠡᠯᠡᠳᠬᠡᠮᠵᠢ ᠶᠢ ᠠᠰᠢᠨᠨᠯᠠᠵᠦ ᠪᠠᠶᠢᠭᠠᠳ ᠭᠤᠤᠯ ᠮᠦᠷᠡᠨ᠂ ᠨᠠᠭᠤᠷ ᠤᠰᠤ ᠪᠤᠶᠤ ᠭᠠᠵᠠᠷ ᠲᠤᠤᠷ᠎ᠠ ᠠᠴᠠ ᠰᠢᠭᠤᠳ ᠤᠰᠤᠨ ᠤ ᠡᠬᠢ ᠰᠤᠷᠪᠤᠯᠵᠢ ᠶᠢ ᠲᠠᠳᠠᠵᠦ ᠬᠡᠷᠡᠭᠯᠡᠬᠦ ᠨᠢᠬᠡᠴᠡ ᠪᠠ ᠬᠤᠪᠢ ᠭᠦᠮᠦᠨ᠂ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠤᠨᠨᠳᠠᠭᠠᠨᠨᠰᠠᠨ ᠪᠠᠶᠢᠳᠠᠯ ᠢ ᠭᠠᠷᠭᠠᠪᠠᠯ ᠴᠦᠮ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠠᠪᠬᠤ ᠪᠠᠷ ᠭᠤᠶᠤᠴᠢᠯᠠᠬᠤ ᠶᠢᠨ ᠬᠠᠮᠳᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠬᠤ ᠬᠡᠷᠡᠭᠳᠡᠢ᠃      ᠭᠤᠷᠪᠠᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠱᠠᠳᠤ ᠬᠤᠪᠢᠶᠠᠨ ᠬᠠᠮᠢᠶᠠᠷᠬᠤ ᠡᠷᠬᠡ ᠮᠡᠳᠡᠯ ᠤᠨ ᠶᠤᠰᠤᠭᠠᠷ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠤᠰᠤ ᠲᠠᠳᠠᠬᠤ ᠎ ᠶᠢ ᠵᠦᠪᠰᠢᠶᠡᠷᠡᠬᠦ ᠲᠦᠷᠢᠮ ᠤᠨ ᠵᠤᠬᠢᠶᠠᠨ ᠪᠠᠶᠢᠭᠤᠯᠤᠨ ᠬᠡᠷᠡᠭᠵᠢᠬᠦᠯᠬᠦ ᠪᠠ ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠬᠤ ᠬᠡᠷᠡᠭᠳᠡᠢ᠃      ᠲᠦᠷᠪᠡᠳᠦᠬᠡᠷ ᠵᠦᠢᠯ    ᠤᠰᠤ ᠲᠠᠳᠠᠬᠤ ᠵᠦᠪᠰᠢᠶᠡᠷᠡᠯ ᠢ ᠬᠡᠷᠡᠭᠵᠢᠬᠦᠯᠬᠦ ᠳᠤ ᠤᠰᠤᠨ ᠤ ᠬᠡᠮᠵᠢᠶ᠎ᠡ ᠤᠰᠤᠨ ᠤ ᠴᠢᠨᠠᠷ᠂ ᠭᠠᠵᠠᠷ ᠲᠡᠬᠡᠷᠡᠬᠢ ᠪᠠ ᠭᠠᠵᠠᠷ ᠲᠤᠤᠷᠠᠬᠢ ᠤᠰᠤ᠂ ᠠᠮᠢᠳᠤᠷᠠᠯ ᠦᠢᠯᠡᠳᠪᠦᠷᠢᠯᠡᠯ ᠠᠮᠢ ᠠᠬᠤᠢ ᠎ ᠶᠢᠨ ᠬᠡᠷᠡᠭᠯᠡᠬᠦ ᠤᠰᠤ ᠶᠢ ᠵᠠᠪᠠᠯ ᠨᠢᠬᠡᠳᠦᠯᠳᠡᠢ ᠲᠦᠯᠦᠪᠵᠢᠬᠦᠯᠦᠨ᠂ ᠤᠰᠤᠨ ᠰᠤᠷᠪᠤᠯᠵᠢ ᠶᠢ ᠨᠡᠬᠡᠬᠡᠬᠦ ᠬᠢᠬᠡᠳ ᠤᠰᠤ ᠤᠷᠤᠰᠴᠤ ᠬᠡᠬᠡᠭᠳᠡᠬᠦ ᠶᠢ ᠬᠤᠷᠢᠨᠨᠯᠠᠬᠤ᠂ ᠶᠡᠷᠦᠩᠬᠡᠢ ᠬᠡᠮᠵᠢᠶ᠎ᠡ ᠶᠢ ᠡᠵᠡᠮᠳᠡᠬᠦ ᠬᠢᠬᠡᠳ ᠨᠤᠷᠮ᠎ᠠ ᠲᠤᠨᠨᠳᠠᠭᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠪᠠᠷᠢᠮᠳᠠᠯᠠᠨ᠂ ᠲᠠᠬᠢᠯᠳᠠ ᠤᠰᠤ᠂ ᠨᠡᠭᠦᠷᠡᠰᠦᠨ ᠲᠠᠪᠬᠤᠷᠭ᠎ᠠ ᠶᠢᠨ ᠤᠰᠤ᠂ ᠪᠤᠷᠤᠭᠠᠨ ᠤ ᠪᠠ ᠦᠶᠡᠷ ᠤᠨ ᠤᠰᠤ᠂ ᠭᠠᠰᠢᠭᠤᠨ ᠱᠤᠷᠪᠤᠭ ᠤᠰᠤ ᠵᠡᠷᠬᠡ ᠵᠤᠷᠰᠢᠯ ᠤᠨ ᠪᠤᠰᠤ ᠤᠰᠤᠨ ᠰᠤᠷᠪᠤᠯᠵᠢ ᠬᠡᠷᠡᠭᠯᠡᠬᠦ ᠶᠢ ᠵᠤᠷᠢᠨᠨᠵᠢᠭᠤᠯᠬᠤ ᠬᠡᠷᠡᠭᠳᠡᠢ᠃      ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠬᠤ ᠪᠠ ᠬᠠᠮᠠᠭᠠᠯᠠᠬᠤ ᠳᠤ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠨᠢᠬᠡᠴᠡ ᠪᠠ ᠬᠤᠪᠢ ᠭᠦᠮᠦᠨ ᠢ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠭᠦᠬᠢᠭᠦᠯᠦᠨ ᠰᠠᠶᠢᠰᠢᠶᠠᠬᠤ ᠪᠠ ᠱᠠᠩᠨᠠᠬᠤ ᠬᠡᠷᠡᠭᠳᠡᠢ᠃      ᠬᠤᠶᠠᠳᠤᠭᠠᠷ ᠪᠦᠯᠦᠭ    ᠤᠰᠤ ᠲᠠᠳᠠᠬᠤ ᠪᠠᠷ ᠭᠤᠶᠤᠴᠢᠯᠠᠬᠤ                          ᠪᠠ ᠭᠦᠯᠢᠶᠡᠨ ᠠᠪᠴᠤ ᠰᠶᠢᠳᠪᠦᠷᠢᠯᠡᠬᠦ      ᠲᠠᠪᠤᠳᠤᠭᠠᠷ ᠵᠦᠢᠯ    ᠤᠰᠤ ᠲᠠᠳᠠᠠᠬᠤ ᠪᠠᠷ ᠭᠤᠶᠤᠴᠢᠯᠠᠬᠤ ᠨᠢᠬᠡᠴᠡ ᠪᠤᠶᠤ ᠬᠤᠪᠢ ᠭᠦᠮᠦᠨ ︵ᠲᠤᠷᠤᠨᠨᠰᠢ ᠭᠤᠶᠤᠴᠢᠯᠬᠠᠴᠢ ᠬᠡᠵᠦ ᠲᠤᠪᠴᠢᠯᠠᠨ᠎ᠠ︶᠎ ᠨᠢ ᠵᠠᠪᠠᠯ ᠬᠢᠨᠠᠨ ᠵᠦᠪᠰᠢᠶᠡᠷᠡᠬᠦ ᠡᠷᠬᠡ ᠮᠡᠳᠡᠯ ᠲᠠᠢ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠤᠰᠤ ᠲᠠᠳᠠᠬᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠂ ᠡᠭᠦᠨ ᠳᠤ ᠤᠰᠤ ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠡᠷᠬᠡ ᠮᠡᠳᠡᠯ ᠨᠢ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠠᠷᠢᠶᠠᠯᠬᠠᠳᠠᠵᠦ ᠪᠠᠶᠢᠪᠠᠯ ᠵᠠᠪᠠᠯ ᠦᠪᠡᠷᠳᠡᠬᠡᠨ ᠵᠠᠰᠠᠬᠤ ᠤᠷᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃      ᠤᠯᠠᠨ ᠵᠦᠢᠯ ᠤᠨ ᠤᠰᠤᠨ ᠰᠤᠷᠪᠤᠯᠵᠢ ᠲᠠᠳᠠᠬᠤ ᠪᠠᠷ ᠭᠤᠶᠤᠴᠢᠯᠠᠬᠤ ᠮᠦᠷᠳᠡᠬᠡᠨ ᠡᠯ᠎ᠡ ᠵᠦᠢᠯ ᠤᠨ ᠤᠰᠤᠨ ᠰᠤᠷᠪᠤᠯᠵᠢ ᠠᠴᠠ ᠤᠰᠤ ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠠᠳᠠᠯᠢ ᠪᠤᠰᠤ ᠪᠤᠯ ᠵᠠᠪᠠᠯ ᠲᠡᠭᠦᠨ ᠤ ᠲᠤᠳᠤᠷᠠᠬᠢ ᠬᠠᠮᠤᠭ ᠤᠨ ᠦᠨᠳᠦᠷ ᠲᠡᠰ ᠤᠨ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃      ᠵᠠᠰᠠᠭ ᠵᠠᠬᠢᠷᠭᠠᠨ ᠤ ᠤᠷᠤᠨ ᠠᠯᠤᠰᠯᠠᠬᠤ ᠪᠤᠶᠤ ᠬᠢᠯᠢ ᠵᠠᠭᠠᠭ ᠤᠨ ᠭᠤᠤᠯ ᠠᠴᠠ ᠤᠰᠤ ᠲᠠᠳᠠᠬᠤ ᠳᠤ ᠭᠤᠶᠤᠴᠢᠯᠬᠠᠴᠢ ᠨᠢ ᠵᠠᠪᠠᠯ ᠤᠰᠤ ᠲᠠᠳᠠᠬᠤ ᠶᠢ ᠬᠢᠨᠠᠨ ᠵᠦᠪᠰᠢᠶᠡᠷᠡᠬᠦ ᠬᠠᠮᠳᠤ ᠶᠢᠨ ᠡᠷᠬᠡ ᠮᠡᠳᠡᠯ ᠲᠠᠢ ᠲᠡᠬᠡᠳᠦ ᠨᠢᠬᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠤᠰᠤ ᠲᠠᠳᠠᠬᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃      ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠵᠠᠪᠠᠯ ︽ᠲᠦᠷᠢᠮ︾᠎ ᠤᠨ ᠲᠤᠨᠨᠳᠠᠭᠠᠯ ᠶᠤᠰᠤᠭᠠᠷ ᠭᠦᠯᠢᠶᠠᠨ ᠠᠪᠴᠤ ᠰᠶᠢᠳᠪᠦᠷᠢᠯᠡᠬᠦ ᠪᠤᠶᠤ ᠭᠦᠯᠢᠶᠡᠨ ᠠᠪᠬᠤ ᠦᠬᠡᠢ ᠪᠠᠶᠢᠬᠤ ᠬᠡᠷᠡᠭᠳᠡᠢ᠃      ᠵᠢᠷᠭᠤᠳᠤᠭᠠᠷ ᠵᠦᠢᠯ    ᠲᠤᠤᠷᠠᠬᠢ ᠪᠠᠶᠢᠳᠠᠯ ᠲᠠᠢ ᠪᠤᠯ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠠᠪᠬᠤ ᠪᠠᠷ ᠭᠤᠶᠤᠴᠢᠯᠠᠬᠤ ᠴᠢᠬᠤᠯᠠ ᠦᠬᠡᠢ᠄      ︵ᠨᠢᠬᠡ︶ ᠭᠦᠮᠦᠨ ᠤ ᠭᠦᠴᠦ ᠪᠤᠶᠤ ᠭᠦᠯᠦᠰᠢ ᠶᠢᠨ ᠭᠦᠴᠦ ᠵᠡᠷᠬᠡ ᠮᠠᠰᠢᠨ ᠴᠠᠬᠢᠯᠭᠠᠨ ᠤ ᠪᠤᠰᠤ ᠠᠷᠭ᠎ᠠ ᠬᠡᠯᠪᠡᠷᠢ ᠪᠠᠷ ᠤᠰᠤ ᠲᠠᠳᠠᠬᠤ︔      ︵ᠬᠤᠶᠠᠷ︶ ᠬᠡᠷ ᠪᠦᠯᠢ ᠶᠢᠨ ᠠᠮᠢᠳᠤᠷᠠᠯ ᠪᠤᠶᠤ ᠬᠡᠰᠡᠭ ᠪᠤᠰᠠᠭ ᠢᠶᠠᠷ ᠲᠠᠷᠠᠬᠠᠢ ᠮᠠᠯᠯᠠᠬᠤ ᠪᠠ ᠬᠠᠰᠢᠶᠠᠯᠠᠨ ᠮᠠᠯᠯᠠᠬᠤ ᠮᠠᠯ ᠵᠢᠬᠦᠷᠳᠡᠨ ᠳᠤ ᠬᠡᠷᠡᠭᠯᠡᠬᠦ ᠵᠢᠯ ᠤᠨ ᠲᠠᠳᠠᠬᠤ ᠤᠰᠤ ᠨᠢ 1000 ᠪᠤᠰᠤᠭ᠎ᠠ ᠲᠦᠷᠪᠡᠯᠵᠢᠨ ᠮᠧᠲᠷ ᠠᠴᠠ ᠲᠤᠷᠤᠨᠨᠰᠢ ᠪᠠᠶᠢᠬᠤ︔      ᠲᠤᠯᠤᠳᠤᠭᠠᠷ ᠵᠦᠢᠯ    ᠭᠤᠶᠤᠴᠢᠯᠬᠠᠴᠢ ᠨᠢ ᠵᠠᠪᠠᠯ ︽ᠲᠦᠷᠢᠮ︾᠎ ᠤᠨ ᠲᠤᠨᠨᠳᠠᠭᠠᠯ ᠶᠤᠰᠤᠭᠠᠷ ᠤᠰᠤ ᠲᠠᠳᠠᠬᠤ ᠶᠢ ᠵᠦᠪᠰᠢᠶᠡᠷᠡᠬᠦᠯᠬᠦ ᠭᠤᠶᠤᠴᠢᠯᠠᠯ ᠤᠨ ᠪᠢᠴᠢᠭ ᠢᠶᠠᠨ ᠲᠬᠠᠯᠠᠨ ᠪᠢᠴᠢᠬᠦ ᠶᠢᠨ ᠬᠠᠮᠳᠤ ᠬᠤᠯᠪᠤᠨᠨᠳᠠᠯ ᠪᠦᠭᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠳᠡᠢ᠃      ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠰᠤᠷᠪᠤᠯᠵᠢ ᠶᠢᠨ ᠨᠤᠳᠠᠯᠠᠯ ᠤᠨ ᠮᠡᠳᠡᠭᠦᠯᠦᠯᠳᠡ ᠶᠢᠨ ᠪᠢᠴᠢᠭ ᠢ ᠨᠠᠶᠢᠷᠠᠭᠤᠯᠤᠨ ᠪᠢᠴᠢᠬᠦ ᠴᠢᠬᠤᠯᠠ ᠲᠠᠢ ᠪᠤᠯ ᠭᠤᠶᠤᠴᠢᠯᠬᠠᠴᠢ ᠨᠢ ᠵᠠᠪᠠᠯ ᠪᠠᠰᠠ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠰᠤᠷᠪᠤᠯᠵᠢ ᠶᠢᠨ ᠨᠤᠳᠠᠯᠠᠯ ᠤᠨ ᠮᠡᠳᠡᠬᠦᠯᠦᠯᠳᠡ ᠎ ᠶᠢᠨ ᠪᠢᠴᠢᠭ ᠢ ᠲᠤᠰᠢᠶᠠᠬᠤ ᠬᠡᠷᠡᠭᠳᠡᠢ᠃ ᠮᠡᠳᠡᠬᠦᠯᠦᠯᠳᠡ ᠶᠢᠨ ᠪᠢᠴᠢᠭ ᠲᠤ ᠤᠰᠤ ᠲᠠᠳᠠᠬᠤ ᠤᠰᠤᠨ ᠰᠤᠷᠪᠤᠯᠵᠢ᠂ ᠬᠡᠷᠡᠭᠯᠡᠬᠦ ᠤᠰᠤᠨ ᠤ ᠵᠦᠢ ᠵᠤᠬᠢᠰᠳᠠᠢ ᠴᠢᠨᠠᠷ ᠤᠨ ᠵᠠᠳᠠᠯᠤᠯᠳᠠ ᠵᠢᠴᠢ ᠠᠮᠢ ᠠᠬᠤᠢ ᠬᠢᠬᠡᠳ ᠤᠷᠴᠢᠨ ᠲᠤᠭᠤᠷᠢᠨ ᠳᠤ ᠨᠦᠯᠦᠬᠡ ᠪᠤᠯᠬᠤ ᠵᠡᠷᠬᠡ ᠠᠭᠤᠯᠭ᠎ᠠ ᠶᠢ ᠪᠠᠭᠳᠠᠭᠠᠬᠤ ᠬᠡᠷᠡᠭᠳᠡᠢ᠃      ᠨᠠᠢᠮᠠᠳᠤᠭᠠᠷ ᠵᠦᠢᠯ    ᠤᠰᠤ ᠲᠠᠳᠠᠬᠤ ᠪᠠᠷ ᠭᠤᠶᠤᠴᠢᠯᠠᠬᠤ ᠶᠢᠨ ᠬᠠᠮᠳᠤ ᠭᠤᠤᠯ ᠳᠤ ᠤᠷᠤᠭᠤᠯᠬᠤ ᠪᠤᠬᠢᠷ ᠪᠤᠳᠠᠰ ᠭᠠᠳ᠋ᠬᠠᠰᠢᠯᠠᠭᠤᠯᠬᠤ ᠠᠮᠠᠰᠠᠷ ᠲᠤᠬᠢᠷᠠᠭᠤᠯᠬᠤ ᠴᠢᠬᠤᠯᠠ ᠲᠠᠢ ᠪᠤᠯ ᠭᠤᠶᠤᠴᠢᠯᠬᠠᠴᠢ ᠨᠢ ᠤᠰᠤ ᠲᠠᠳᠠᠬᠤ ᠶᠢ ᠵᠦᠪᠰᠢᠶᠡᠷᠡᠬᠦᠯᠬᠦ ᠭᠤᠶᠤᠴᠢᠯᠠᠯ ᠢᠶᠠᠨ ᠭᠦᠢᠴᠡᠳᠬᠡᠬᠦ ᠦᠶᠡᠰ᠂ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠭᠤᠤᠯ ᠳᠤ ᠤᠷᠤᠭᠤᠯᠬᠤ ᠪᠤᠬᠢᠷ ᠪᠤᠳᠠᠰ ᠭᠠᠳ᠋ᠬᠠᠰᠢᠯᠠᠭᠤᠯᠬᠤ ᠠᠮᠠᠰᠠᠷ ᠲᠤᠬᠢᠷᠠᠭᠤᠯᠬᠤ ᠭᠤᠶᠤᠴᠢᠯᠠᠯ ᠢᠶᠠᠨ ᠲᠤᠷᠠᠳᠬᠤ ᠶᠢᠨ ᠬᠠᠮᠳᠤ ᠬᠠᠮᠢᠶ᠎ᠠ ᠪᠦᠭᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠳᠡᠢ᠃      ᠶᠢᠰᠦᠳᠦᠬᠡᠷ ᠵᠦᠢᠯ    ᠬᠢᠨᠠᠨ ᠵᠦᠪᠰᠢᠶᠡᠷᠡᠬᠦ᠂ ᠬᠠᠷᠭᠤᠭᠤᠯᠤᠨ ᠬᠢᠨᠠᠬᠤ᠂ ᠪᠦᠷᠢᠳᠬᠡᠨ ᠲᠠᠩᠰᠠᠯᠠᠬᠤ ᠲᠦᠷᠢᠮ ᠢ ᠬᠡᠷᠡᠭᠵᠢᠬᠦᠯᠵᠦ ᠪᠠᠶᠢᠭ᠎ᠠ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠳᠤ ᠪᠤᠯ ᠤᠰᠤ ᠲᠠᠳᠠᠬᠤ ᠶᠢ ᠭᠤᠶᠤᠴᠢᠯᠬᠠᠴᠢ ᠨᠢ ᠵᠠᠪᠠᠯ ᠪᠦᠳᠦᠬᠡᠨ ᠪᠠᠶᠢᠭᠤᠯᠤᠯᠳᠠ ᠶᠢᠨ ᠡᠯ᠎ᠡ ᠲᠦᠷᠦᠯ ᠵᠦᠢᠯ ᠤᠨ ᠠᠳᠠᠯᠢ ᠪᠤᠰᠤ ᠲᠡᠰ ᠲᠠᠷᠠᠭᠠᠯᠠᠯ ᠤᠨ ᠱᠠᠭᠠᠷᠳᠠᠯᠭ᠎ᠠ ᠶᠤᠰᠤᠭᠠᠷ᠂ ᠬᠢᠨᠠᠨ ᠵᠦᠪᠰᠢᠶᠡᠷᠡᠬᠦ ᠡᠷᠬᠡ ᠮᠡᠳᠡᠯ ᠲᠠᠢ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠤᠰᠤ ᠲᠠᠳᠠᠬᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃      ᠭᠤᠷᠪᠠᠳᠤᠭᠠᠷ ᠪᠦᠯᠦᠭ    ᠤᠰᠤ ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ      ᠠᠷᠪᠠᠳᠤᠭᠠᠷ ᠵᠦᠢᠯ    ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠤᠰᠤ ᠲᠠᠳᠠᠬᠤ ᠵᠦᠪᠰᠢᠶᠡᠷᠡᠯ ᠳᠤ ᠱᠠᠳᠤ ᠬᠤᠪᠢᠶᠠᠨ ᠬᠢᠨᠠᠨ ᠵᠦᠪᠰᠢᠶᠡᠷᠡᠬᠦ ᠶᠢ ᠬᠡᠷᠡᠭᠵᠢᠬᠦᠯᠦᠨ᠎ᠠ᠃ ᠤᠯᠤᠰ ᠠᠴᠠ ᠲᠤᠨᠨᠳᠠᠭᠠᠯ ᠲᠠᠢ ᠪᠤᠯ ᠲᠡᠷᠡ ᠲᠤᠨᠨᠳᠠᠭᠠᠯ ᠢᠶᠠᠷ ᠶᠠᠪᠤᠭᠤᠯᠤᠨ᠎ᠠ᠃      ︵ᠨᠢᠬᠡ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠎ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ᠂ ᠬᠠᠷᠭᠤᠭᠤᠯᠤᠨ ᠬᠢᠨᠠᠬᠤ ᠪᠠ ᠪᠦᠷᠢᠳᠬᠡᠨ ᠲᠠᠩᠰᠠᠯᠠᠬᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠳᠤ᠂ ᠠᠵᠦ ᠦᠢᠯᠡᠳᠪᠦᠷᠢ ᠶᠢᠨ ᠬᠡᠷᠡᠭᠯᠡᠬᠦ ᠤᠰᠤᠨ ᠤ ᠵᠢᠯ ᠤᠨ ᠲᠠᠳᠠᠬᠤ ᠤᠰᠤ ᠨᠢ 300 ᠲᠦᠮᠡᠨ ᠪᠤᠰᠤᠭ᠎ᠠ ᠲᠦᠷᠪᠡᠯᠵᠢᠨ ᠮᠧᠲᠷ ᠠᠴᠠ ᠲᠡᠬᠡᠭᠰᠢ᠂ ᠲᠠᠷᠢᠶᠠᠯᠠᠩ᠂ ᠠᠮᠢ ᠠᠬᠤᠢ ᠳᠤ ᠬᠡᠷᠡᠭᠯᠡᠬᠦ ᠤᠰᠤᠨ ᠤ ᠵᠢᠯ ᠤᠨ ᠲᠠᠳᠠᠬᠤ ᠭᠠᠵᠠᠷ ᠲᠤᠤᠷᠠᠬᠢ ᠤᠰᠤ ᠨᠢ 1000 ᠲᠦᠮᠡᠨ ᠪᠤᠰᠤᠭ᠎ᠠ ᠲᠦᠷᠪᠡᠯᠵᠢᠨ ᠮᠧᠲᠷ ᠠᠴᠠ ᠲᠡᠬᠡᠭᠰᠢ ᠪᠤᠶᠤ ᠭᠠᠵᠠᠷ ᠲᠡᠬᠡᠷᠡᠬᠢ ᠤᠰᠤ ᠨᠢ 3000 ᠲᠦᠮᠡᠨ ᠪᠤᠰᠤᠭ᠎ᠠ ᠲᠦᠷᠪᠡᠯᠵᠢᠨ ᠮᠧᠲᠷ ᠠᠴᠠ ᠲᠡᠬᠡᠭᠰᠢ ᠪᠠᠶᠢᠪᠠᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠠ᠃ ᠠᠵᠦ ᠦᠢᠯᠡᠳᠪᠦᠷᠢ ᠶᠢᠨ ᠬᠡᠷᠡᠭᠯᠡᠬᠦ ᠤᠰᠤᠨ ᠤ ᠵᠢᠯ ᠤᠨ ᠲᠠᠳᠠᠬᠤ ᠤᠰᠤ ᠨᠢ 300 ᠲᠦᠮᠡᠨ ᠪᠤᠰᠤᠭ᠎ᠠ ᠲᠦᠷᠪᠡᠯᠵᠢᠨ ᠮᠧᠲᠷ ᠭᠦᠷᠬᠦ ᠦᠬᠡᠢ᠂ ᠲᠠᠷᠢᠶᠠᠯᠠᠩ᠂ ᠠᠮᠢ ᠠᠬᠤᠢ ᠶᠢᠨ ᠬᠡᠷᠡᠭᠯᠡᠬᠦ ᠤᠰᠤᠨ ᠤ ᠵᠢᠯ ᠤᠨ ᠲᠠᠳᠠᠬᠤ ᠭᠠᠵᠠᠷ ᠲᠤᠤᠷᠠᠬᠢ ᠤᠰᠤ ᠨᠢ 1000 ᠲᠦᠮᠡᠨ ᠪᠤᠰᠤᠭ᠎ᠠ ᠲᠦᠷᠪᠡᠯᠵᠢᠨ ᠮᠧᠲᠷ ᠪᠤᠶᠤ ᠭᠠᠵᠠᠷ ᠲᠡᠬᠡᠷᠡᠬᠢ ᠤᠰᠤ ᠨᠢ 3000 ᠲᠦᠮᠡᠨ ᠪᠤᠰᠤᠭ᠎ᠠ ᠲᠦᠷᠪᠡᠯᠵᠢᠨ ᠮᠧᠲᠷ ᠭᠦᠷᠬᠦ ᠦᠬᠡᠢ ᠪᠠᠶᠢᠪᠠᠯ ᠠᠶᠢᠮᠠᠭ ᠤᠨ ᠵᠠᠬᠢᠷᠭ᠎ᠠ᠂ ᠲᠤᠭᠤᠷᠢᠭ ᠲᠤᠬᠢᠷᠠᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠠ᠃      ︵ᠬᠤᠶᠠᠷ︶ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠠ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ᠂ ᠬᠠᠷᠭᠤᠭᠤᠯᠤᠨ ᠬᠢᠨᠠᠬᠤ ᠪᠠ ᠪᠦᠷᠢᠳᠬᠡᠨ ᠲᠠᠩᠰᠠᠯᠠᠬᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠪᠤᠯ᠂ ᠠᠳᠠᠯᠢ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠰᠤ ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃      ︵ᠭᠤᠷᠪᠠ︶ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠪᠤᠯ᠂ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠠ︔ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠪᠤᠶᠤ ᠲᠦᠪᠯᠡᠷᠡᠬᠦᠯᠦᠨ ᠨᠢᠬᠡᠳᠦᠯᠳᠡᠢ ᠤᠰᠤ ᠬᠠᠩᠭᠠᠬᠤ ᠶᠢ ᠬᠡᠷᠡᠭᠵᠢᠬᠦᠯᠵᠦ ᠪᠠᠶᠢᠭ᠎ᠠ ᠰᠢᠶᠠᠩ ᠪᠠᠯᠭᠠᠰᠤ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠪᠤᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠠ᠃      ᠠᠷᠪᠠᠨ ᠨᠢᠬᠡᠳᠦᠬᠡᠷ ᠵᠦᠢᠯ    ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠶᠢ ᠬᠢᠵᠠᠭᠠᠷᠯᠠᠵᠦ ᠪᠠᠶᠢᠭ᠎ᠠ ᠤᠷᠤᠨ ᠨᠤᠭᠤᠳ ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠬᠡᠮᠵᠢᠶ᠎ᠡ ᠶᠢᠨ ᠰᠢᠨ᠎ᠠ ᠪᠠᠷ ᠨᠡᠮᠡᠭᠳᠡᠬᠦᠯᠬᠦ ᠤᠰᠤ ᠲᠠᠳᠠᠬᠤ ᠭᠤᠶᠤᠴᠢᠯᠠᠯ ᠢ ᠬᠢᠨᠠᠨ ᠵᠦᠪᠰᠢᠶᠡᠷᠡᠬᠦ ᠶᠢ ᠵᠠᠪᠠᠯ ᠴᠢᠩᠭ᠎ᠠ ᠬᠢᠵᠠᠭᠠᠷᠯᠠᠬᠤ ᠬᠡᠷᠡᠭᠳᠡᠢ︔ ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠶᠢ ᠴᠠᠭᠠᠵᠠᠯᠠᠵᠦ ᠪᠠᠶᠢᠭ᠎ᠠ ᠤᠷᠤᠨ ᠤ ᠭᠠᠵᠠᠷ ᠲᠤᠤᠷᠠᠬᠢ ᠤᠰᠤ ᠲᠠᠳᠠᠬᠤ ᠪᠠᠷᠢᠯᠭ᠎ᠠ ᠶᠢ ᠰᠢᠨ᠎ᠠ ᠪᠠᠷ ᠪᠠᠶᠢᠭᠤᠯᠬᠤ ᠶᠢ ᠬᠢᠨᠠᠨ ᠵᠦᠪᠰᠢᠶᠡᠷᠡᠬᠦ ᠶᠢ ᠴᠢᠩᠭ᠎ᠠ ᠴᠠᠭᠠᠵᠠᠯᠠᠵᠦ᠂ ᠨᠢᠬᠡᠨᠳᠡ ᠪᠠᠶᠢᠭᠤᠯᠤᠨᠨᠰᠠᠨ ᠭᠠᠵᠠᠷ ᠲᠤᠤᠷᠠᠬᠢ ᠤᠰᠤ ᠶᠢ ᠲᠠᠳᠠᠵᠦ ᠬᠡᠷᠡᠭᠯᠡᠬᠦ ᠲᠦᠷᠦᠯ ᠵᠦᠢᠯ ᠳᠤ ᠭᠠᠵᠠᠷ ᠲᠤᠤᠷᠠᠬᠢ ᠤᠰᠤ ᠶᠢ ᠨᠡᠬᠡᠬᠡᠨ ᠠᠰᠢᠨᠨᠯᠠᠬᠤ ᠲᠦᠯᠦᠪᠵᠢᠬᠦᠯᠬᠡ ᠶᠢ ᠦᠨᠳᠦᠰᠦᠯᠡᠵᠦ᠂ ᠤᠰᠤ ᠠᠷᠪᠢᠯᠠᠬᠤ ᠲᠦᠭᠦᠷ ᠠᠷᠭ᠎ᠠ ᠬᠡᠮᠵᠢᠶ᠎ᠡ ᠪᠠᠨ ᠴᠢᠩᠭᠠᠳᠬᠠᠵᠦ᠂ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠷᠢᠮᠵᠢᠶ᠎ᠠ ᠶᠢ ᠵᠦᠢ ᠵᠤᠬᠢᠰᠳᠠᠢ ᠲᠤᠨᠨᠳᠠᠭᠠᠨ᠂ ᠨᠢᠬᠡᠨᠳᠡ ᠬᠢᠨᠠᠨ ᠵᠦᠪᠰᠢᠶᠡᠷᠡᠭᠰᠡᠨ ᠤᠰᠤ ᠲᠠᠳᠠᠬᠤ ᠬᠡᠮᠵᠢᠶ᠎ᠡ ᠶᠢ ᠲᠦᠯᠦᠪᠯᠡᠭᠡ ᠲᠠᠢ ᠪᠠᠷ ᠠᠯᠬᠤᠮ ᠠᠯᠬᠤᠮ ᠢᠶᠠᠷ ᠬᠠᠰᠤᠵᠦ ᠪᠠᠭᠠᠰᠬᠠᠬᠤ ᠬᠡᠷᠡᠭᠳᠡᠢ᠃      ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠶᠢ ᠴᠠᠭᠠᠵᠠᠯᠠᠵᠦ ᠪᠠᠶᠢᠭ᠎ᠠ ᠤᠷᠤᠨ ᠪᠤᠯᠤᠨ ᠨᠡᠬᠡᠬᠡᠨ ᠮᠠᠯᠳᠠᠬᠤ ᠶᠢ ᠬᠢᠵᠠᠭᠠᠷᠯᠠᠵᠦ ᠪᠠᠶᠢᠭ᠎ᠠ ᠤᠷᠤᠨ ᠢ ᠪᠤᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠵᠦ ᠬᠤᠪᠢᠶᠠᠷᠢᠯᠠᠨ ᠲᠤᠨᠨᠳᠠᠭᠠᠵᠦ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ ᠵᠠᠷᠯᠠᠨ ᠨᠡᠶᠢᠳᠡᠯᠡᠬᠦ ᠬᠡᠷᠡᠭᠳᠡᠢ᠃      ᠠᠷᠪᠠᠨ ᠬᠤᠶᠠᠳᠤᠭᠠᠷ ᠵᠦᠢᠯ    ᠤᠰᠤ ᠲᠠᠳᠠᠬᠤ ᠭᠤᠶᠤᠴᠢᠯᠠᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠪᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠭᠤᠶᠤᠴᠢᠯᠬᠠᠴᠢ ᠨᠢ ᠤᠰᠤ ᠲᠠᠳᠠᠬᠤ ᠪᠠᠷᠢᠯᠭ᠎ᠠ ᠪᠤᠶᠤ ᠪᠡᠯᠡᠳᠬᠡᠮᠵᠢ ᠪᠠᠶᠢᠭᠤᠯᠵᠦ ᠪᠤᠯᠤᠨ᠎ᠠ᠃      ᠠᠷᠪᠠᠨ ᠭᠤᠷᠪᠠᠳᠤᠭᠠᠷ ᠵᠦᠢᠯ    ᠤᠰᠤ ᠲᠠᠳᠠᠬᠤ ᠪᠤᠴᠠᠭᠠᠬᠤ ᠪᠠᠷᠢᠯᠭ᠎ᠠ ᠪᠤᠶᠤ ᠪᠡᠯᠡᠳᠬᠡᠮᠵᠢ ᠶᠢᠨ ᠠᠵᠢᠯ ᠲᠠᠭᠤᠰᠤᠨᠨᠰᠠᠨ ᠤ ᠲᠠᠷᠠᠭ᠎ᠠ᠂ ᠭᠤᠶᠤᠴᠢᠯᠬᠠᠴᠢ ᠨᠢ ᠲᠤᠨᠨᠳᠠᠭᠠᠯ ᠶᠤᠰᠤᠭᠠᠷ ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠵᠤᠬᠢᠶᠠᠨ ᠪᠠᠶᠢᠭᠤᠯᠵᠦ ᠰᠢᠯᠭᠠᠨ ᠠᠪᠬᠤ ᠶᠢ ᠭᠤᠶᠤᠴᠢᠯᠠᠬᠤ ᠶᠢᠨ ᠬᠠᠮᠳᠤ ᠲᠤᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠳᠡᠢ᠄      ︵ᠨᠢᠬᠡ︶ ᠵᠦᠪᠰᠢᠶᠡᠷᠡᠬᠦᠯᠦᠭᠰᠡᠨ ᠤᠰᠤ ᠲᠠᠳᠠᠬᠤ ᠪᠤᠴᠠᠭᠠᠬᠤ ᠪᠠᠷᠢᠯᠭ᠎ᠠ ᠪᠤᠶᠤ ᠪᠡᠯᠡᠳᠬᠡᠮᠵᠢ ᠶᠢᠨ ᠵᠢᠷᠤᠭ ᠲᠦᠯᠦᠪᠯᠡᠭᠡ ᠶᠢᠨ ᠮᠡᠳᠡᠬᠦᠯᠦᠯᠳᠡ︔      ︵ᠬᠤᠶᠠᠷ︶ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠵᠦᠪᠰᠢᠶᠡᠷᠡᠭᠰᠡᠨ ᠪᠤᠶᠤ ᠬᠠᠷᠭᠤᠭᠤᠯᠤᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ︔      ︵ᠭᠤᠷᠪᠠ︶ ᠤᠰᠤ ᠲᠠᠳᠠᠬᠤ ᠪᠤᠴᠠᠭᠠᠬᠤ ᠪᠠᠷᠢᠯᠭ᠎ᠠ ᠪᠤᠯᠤᠨ ᠬᠡᠮᠵᠢᠬᠦᠷ ᠤᠨ ᠪᠡᠯᠡᠳᠬᠡᠮᠵᠢ ᠶᠢᠨ ᠲᠤᠷᠰᠢᠨ ᠠᠵᠢᠯᠯᠠᠭᠤᠯᠤᠨᠨᠰᠠᠨ ᠪᠠᠶᠢᠳᠠᠯ︔      ︵ᠲᠦᠷᠪᠡ︶ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠤᠷᠰᠢᠨ ᠠᠵᠢᠯᠯᠠᠭᠤᠯᠤᠨᠨᠰᠠᠨ ᠬᠤᠭᠤᠴᠠᠭᠠᠨ ᠳᠠᠬᠢ ᠤᠰᠤᠨ ᠤ ᠬᠡᠮᠵᠢᠶ᠎ᠡ ᠪᠤᠯᠤᠨ ᠤᠰᠤᠨ ᠤ ᠴᠢᠨᠠᠷ ᠤᠨ ᠪᠠᠶᠢᠳᠠᠯ︔      ︵ᠲᠠᠪᠤ︶ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ᠃      ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠲᠡᠬᠡᠷ᠎ᠡ ᠲᠤᠷᠠᠳᠤᠨᠨᠰᠠᠨ ᠮᠠᠲ᠋ᠧᠷᠢᠶᠠᠯ ᠤᠳ ᠢ ᠭᠠᠷᠳᠠᠭᠠᠳ 20 ᠠᠵᠢᠯᠯᠠᠬᠤ ᠡᠳᠦᠷ ᠤᠨ ᠲᠤᠳᠤᠷ᠎ᠠ᠂ ᠲᠤᠬᠠᠢ ᠶᠢᠨ ᠲᠠᠯᠠᠪᠠᠢ ᠳᠤ ᠬᠢᠨᠠᠨ ᠰᠢᠯᠭᠠᠯᠳᠠ ᠬᠢᠬᠦ ᠬᠡᠷᠡᠭᠳᠡᠢ᠃ ᠰᠢᠯᠭᠠᠨ ᠠᠪᠬᠤ ᠳᠤ ᠬᠢᠷᠢ ᠲᠡᠩᠴᠡᠭᠰᠡᠨ ᠪᠤᠯ ᠰᠢᠯᠭᠠᠨ ᠠᠪᠤᠨᠨᠰᠠᠨ ᠰᠠᠨᠠᠯ ᠢᠶᠠᠨ ᠭᠠᠷᠭᠠᠬᠤ ᠶᠢᠨ ᠬᠠᠮᠳᠤ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠬᠢᠨᠠᠨ ᠤᠯᠭᠤᠬᠤ ᠬᠡᠷᠡᠭᠳᠡᠢ᠃      ᠠᠷᠪᠠᠨ ᠲᠦᠷᠪᠡᠳᠦᠬᠡᠷ ᠵᠦᠢᠯ    ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠤᠨ ᠭᠦᠴᠦᠨ ᠲᠠᠢ ᠬᠤᠭᠤᠴᠠᠭ᠎ᠠ ᠨᠢ 5 ᠵᠢᠯ ᠪᠤᠯᠤᠨ᠎ᠠ᠂ ᠭᠦᠴᠦᠨ ᠲᠠᠢ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠷᠳᠤᠳᠬᠠᠬᠤ ᠴᠢᠬᠤᠯᠠ ᠲᠠᠢ ᠪᠤᠯ᠂ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠭᠦᠴᠦᠨ ᠲᠠᠢ ᠬᠤᠭᠤᠴᠠᠭ᠎ᠠ ᠨᠢ ᠲᠦᠭᠦᠷᠬᠦ ᠠᠴᠠ 45 ᠡᠳᠦᠷ ᠤᠨ ᠡᠮᠤᠨ᠎ᠠ ᠤᠤᠯ ᠤᠨ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠢᠶᠠᠨ ᠲᠤᠷᠠᠳᠬᠤ ᠶᠢᠨ ᠬᠠᠮᠳᠤ ᠲᠤᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠳᠡᠢ᠄      ︵ᠨᠢᠬᠡ︶ ᠤᠰᠤᠨ ᠤ ᠲᠡᠩᠴᠡᠬᠦᠷᠢ ᠶᠢ ᠬᠡᠮᠵᠢᠨ ᠰᠢᠯᠭᠠᠨᠨᠰᠠᠨ ᠮᠡᠳᠡᠬᠦᠯᠦᠯᠳᠡ ᠪᠤᠶᠤ ᠤᠰᠤ ᠲᠠᠳᠠᠬᠤ ᠶᠢᠨ ᠵᠦᠢ ᠵᠤᠬᠢᠰᠳᠠᠢ ᠴᠢᠨᠠᠷ ᠤᠨ ᠵᠠᠳᠠᠯᠤᠯᠳᠠ ᠶᠢᠨ ᠮᠡᠳᠡᠬᠦᠯᠦᠯᠳᠡ ᠵᠢᠴᠢ ᠬᠢᠨᠠᠨ ᠪᠠᠶᠢᠴᠠᠭᠠᠨᠨᠰᠠᠨ ᠰᠠᠨᠠᠯ︔      ︵ᠬᠤᠶᠠᠷ︶ ᠤᠰᠤ ᠲᠠᠳᠠᠬᠤ ᠪᠤᠴᠠᠭᠠᠬᠤ ᠪᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠭᠰᠠᠨ ᠪᠠᠶᠢᠳᠠᠯ︔      ︵ᠭᠤᠷᠪᠠ︶ ᠤᠰᠤ ᠠᠷᠪᠢᠯᠠᠬᠤ ᠪᠡᠯᠡᠳᠬᠡᠮᠵᠢ᠂ ᠪᠤᠬᠢᠷ ᠤᠰᠤ ᠰᠶᠢᠳᠪᠦᠷᠢᠡᠯᠬᠦ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ︔      ︵ᠲᠦᠷᠪᠡ︶ ᠤᠤᠯ ᠤᠨ ᠤᠰᠤ ᠲᠠᠳᠠᠬᠤ ᠶᠢ ᠵᠦᠪᠰᠢᠶᠡᠷᠡᠭᠦᠯᠦᠭᠰᠡᠨ ᠵᠦᠢᠯᠡᠰ ᠤᠨ ᠬᠤᠪᠢᠷᠠᠯᠳᠠ ᠶᠢᠨ ᠲᠤᠳᠤᠷᠬᠠᠶᠢᠯᠠᠯᠳᠠ︔      ︵ᠲᠠᠪᠤ︶ ᠤᠰᠤ ᠲᠠᠳᠠᠬᠤ ᠵᠦᠪᠰᠢᠶᠡᠷᠡᠯ ᠢᠶᠠᠨ ᠤᠷᠳᠤᠳᠬᠠᠬᠤ ᠯᠤᠭ᠎ᠠ ᠬᠤᠯᠪᠤᠨᠨᠳᠠᠬᠤ  ᠪᠤᠰᠤᠳ  ᠮᠠᠲ᠋ᠧᠷᠢᠶᠠᠯ᠃      ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠲᠡᠬᠡᠷ᠎ᠡ ᠲᠤᠷᠠᠳᠤᠨᠨᠰᠠᠨ ᠮᠠᠲ᠋ᠧᠷᠢᠶᠠᠯ ᠤᠳ ᠲᠤ ᠦᠨᠡᠯᠡᠨ ᠵᠢᠱᠢᠯᠳᠠ ᠬᠢᠭᠰᠡᠨ ᠤ ᠲᠠᠷᠠᠭ᠎ᠠ᠂ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠦᠭᠦᠷᠬᠦ ᠠᠴᠠ ᠡᠮᠤᠨ᠎ᠠ ᠤᠷᠳᠤᠳᠬᠠᠬᠤ ᠪᠤᠶᠤ ᠤᠷᠳᠤᠳᠬᠠᠬᠤ ᠦᠬᠡᠢ ᠶᠢ ᠲᠤᠨᠨᠳᠠᠭᠠᠬᠤ ᠬᠡᠷᠡᠭᠳᠡᠢ᠃      ᠠᠷᠪᠠᠨ ᠲᠠᠪᠤᠳᠤᠭᠠᠷ ᠵᠦᠢᠯ    ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠤᠨ ᠭᠦᠴᠦᠨ ᠲᠠᠢ ᠬᠤᠭᠤᠴᠠᠭᠠᠨ ᠲᠤᠳᠤᠷ᠎ᠠ ᠲᠤᠤᠷᠠᠬᠢ ᠪᠠᠶᠢᠳᠠᠯ ᠤᠨ ᠨᠢᠬᠡ ᠨᠢ ᠭᠠᠷᠪᠠᠯ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠤᠤᠯ ᠤᠨ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠢᠶᠠᠨ ᠲᠤᠷᠠᠳᠴᠤ᠂ ᠵᠦᠪᠰᠢᠶᠡᠷᠡᠭᠦᠯᠦᠭᠰᠡᠨ ᠤ ᠲᠠᠷᠠᠭ᠎ᠠ ᠬᠤᠯᠪᠤᠨᠨᠳᠠᠯ ᠪᠦᠭᠦᠢ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠬᠡᠷᠡᠭᠳᠡᠢ᠃      ︵ᠨᠢᠬᠡ︶ ᠤᠰᠤ ᠲᠠᠳᠠᠬᠤ ᠤᠰᠤᠨ ᠰᠤᠷᠪᠤᠯᠵᠢ᠂ ᠤᠰᠤ ᠲᠠᠳᠠᠬᠤ ᠠᠷᠭ᠎ᠠ ᠬᠡᠯᠪᠡᠷᠢ ᠪᠤᠶᠤ ᠤᠰᠤ ᠲᠠᠳᠠᠬᠤ ᠭᠠᠵᠠᠷ ᠨᠢ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔      ︵ᠬᠤᠶᠠᠷ︶ ᠤᠰᠤ ᠲᠠᠳᠠᠬᠤ ᠬᠡᠮᠵᠢᠶ᠎ᠡ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔      ︵ᠭᠤᠷᠪᠠ︶ ᠤᠰᠤ ᠲᠠᠳᠠᠬᠤ ᠬᠡᠷᠡᠭᠴᠡᠭᠡ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔      ︵ᠲᠦᠷᠪᠡ︶ ᠤᠰᠤ ᠪᠤᠴᠠᠭᠠᠬᠤ ᠭᠠᠵᠠᠷ᠂ ᠤᠰᠤ ᠪᠤᠴᠠᠭᠠᠬᠤ ᠠᠷᠭ᠎ᠠ ᠬᠡᠯᠪᠡᠷᠢ ᠪᠤᠶᠤ ᠤᠰᠤ ᠪᠤᠴᠠᠭᠠᠬᠤ ᠬᠡᠮᠵᠢᠶᠡᠨ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔      ︵ᠲᠠᠪᠤ︶ ᠪᠤᠴᠠᠭᠠᠬᠤ ᠤᠰᠤᠨ ᠤ ᠪᠤᠬᠢᠷ ᠪᠤᠳᠠᠰ ᠤᠨ ᠲᠦᠷᠦᠯ ᠪᠤᠶᠤ ᠭᠠᠳ᠋ᠬᠠᠰᠢᠯᠠᠭᠤᠯᠬᠤ ᠦᠳᠬᠡᠴᠡ ᠶᠢᠨ ᠬᠡᠮᠵᠢᠶ᠎ᠡ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ᠃      ᠲᠦᠷᠪᠡᠳᠦᠬᠡᠷ ᠪᠦᠯᠦᠭ    ᠤᠰᠤᠨ ᠤ ᠡᠬᠢ ᠰᠤᠷᠪᠤᠯᠵᠢ ᠶᠢᠨ ᠰᠦᠢᠳᠬᠡᠯ                           ᠲᠠᠳᠠᠪᠤᠷᠢᠯᠠᠬᠤ ᠪᠠ ᠬᠡᠷᠡᠭᠯᠡᠯᠳᠡ ᠶᠢᠨ ᠬᠠᠮᠢᠶᠠᠷᠤᠯᠳᠠ      ᠠᠷᠪᠠᠨ ᠵᠢᠷᠭᠤᠳᠤᠭᠠᠷ ᠵᠦᠢᠯ    ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠤᠰᠤ ᠲᠠᠳᠠᠬᠤ ᠬᠡᠮᠵᠢᠶ᠎ᠡ ᠪᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠷᠢᠮᠵᠢᠶ᠎ᠠ ᠶᠢᠨ ᠶᠤᠰᠤᠭᠠᠷ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠬᠤ ᠬᠡᠷᠡᠭᠳᠡᠢ᠃      ᠮᠠᠯᠵᠢᠬᠤ ᠲᠠᠷᠢᠶᠠᠯᠠᠬᠤ ᠤᠷᠤᠨ ᠤ ᠮᠠᠯᠴᠢᠨ ᠲᠠᠷᠢᠶᠠᠴᠢᠳ ᠤᠨ ᠤᠰᠤ ᠬᠡᠷᠡᠭᠯᠡᠬᠦ ᠲᠦᠯᠦᠪᠯᠡᠭᠡ ᠲᠤᠳᠤᠷ᠎ᠠ ᠪᠠᠨ ᠪᠤᠶᠤ ᠲᠤᠨᠨᠳᠠᠭᠠᠨᠨᠰᠠᠨ ᠨᠤᠷᠮ᠎ᠠ ᠶᠢᠨ ᠲᠤᠳᠤᠷᠠᠬᠢ ᠲᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤ ᠪᠠ ᠤᠤᠭᠤᠬᠤ ᠤᠰᠤᠨ ᠠᠴᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠦᠬᠡᠢ᠃      ᠠᠷᠪᠠᠨ ᠲᠤᠯᠤᠳᠤᠭᠠᠷ ᠵᠦᠢᠯ    ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠪᠤᠯ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠬᠠᠷᠢᠭᠤᠴᠠᠨ ᠲᠠᠳᠠᠪᠤᠷᠢᠯᠠᠨ᠎ᠠ᠃ ᠡᠭᠦᠨ ᠳᠤ ᠰᠠᠪᠠ ᠭᠠᠵᠠᠷ ᠤᠨ ᠬᠠᠮᠢᠶᠠᠷᠤᠯᠳᠠ ᠎ ᠶᠢᠨ ᠪᠠᠶᠢᠭᠤᠯᠤᠮᠵᠢ ᠶᠢᠨ ᠬᠢᠨᠠᠨ ᠵᠦᠪᠰᠢᠶᠡᠷᠡᠭᠰᠡᠨ ᠪᠠᠶᠢᠪᠠᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠪᠤᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠷᠤᠯᠠᠨ ᠲᠠᠳᠠᠪᠤᠷᠢᠯᠠᠨ᠎ᠠ᠃      ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠨᠢ ᠬᠠᠷᠢᠶ᠎ᠠ ᠪᠦᠭᠦᠢ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠪᠤᠶᠤ ᠤᠰᠤ ᠲᠠᠳᠠᠬᠤ ᠠᠮᠠᠰᠠᠷ ᠤᠨ ᠪᠠᠶᠢᠭ᠎ᠠ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠨᠠᠶᠢᠳᠠᠵᠦ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠲᠠᠳᠠᠪᠤᠷᠢᠯᠠᠭᠤᠯᠵᠦ ᠪᠤᠯᠤᠨ᠎ᠠ᠃      ᠠᠷᠪᠠᠨ ᠨᠠᠢᠮᠠᠳᠤᠭᠠᠷ ᠵᠦᠢᠯ    ᠤᠰᠤᠨ ᠤ ᠡᠬᠢ ᠰᠤᠷᠪᠤᠯᠵᠢ ᠶᠢᠨ ᠰᠦᠢᠳᠬᠡᠯ ᠳᠤ ᠱᠠᠳᠤ ᠬᠤᠪᠢᠶᠠᠨ ᠰᠠᠷ᠎ᠠ ᠰᠠᠷ᠎ᠠ ᠪᠠᠷ ᠲᠠᠳᠠᠪᠤᠷᠢᠯᠠᠬᠤ ᠶᠢ ᠬᠡᠷᠡᠭᠵᠢᠬᠦᠯᠵᠦ᠂ ᠲᠠᠳᠠᠪᠤᠷᠢᠯᠠᠬᠤ ᠪᠠᠶᠢᠭᠤᠯᠭ᠎ᠠ ᠨᠢ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠳᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ ᠶᠢ ᠰᠠᠷ᠎ᠠ ᠰᠠᠷ᠎ᠠ ᠪᠠᠷ ᠭᠦᠷᠬᠡᠬᠦ ᠬᠡᠷᠡᠭᠳᠡᠢ᠃      ᠠᠷᠪᠠ ᠶᠢᠰᠦᠳᠦᠬᠡᠷ ᠵᠦᠢᠯ    ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠬᠠᠤᠯᠢ ᠶᠢᠨ ᠡᠷᠬᠡᠳᠡᠨ ᠢᠶᠠᠷ ᠲᠠᠳᠠᠪᠤᠷᠢᠯᠠᠬᠤ ᠨᠢᠬᠡᠴᠢ ᠪᠤᠯᠭᠠᠨ ᠪᠤᠳᠤᠵᠦ ᠨᠢᠬᠡᠳᠦᠯᠳᠡᠢ ᠲᠤᠰᠢᠶᠠᠬᠤ ᠬᠡᠷᠡᠭᠳᠡᠢ᠃ ᠬᠠᠤᠯᠢ ᠶᠢᠨ ᠡᠷᠬᠡᠳᠡᠨ ᠤ ᠬᠢᠷᠢ ᠬᠡᠮ ᠦᠬᠡᠢ ᠪᠤᠯ ᠡᠳ᠋ ᠤᠨ ᠶᠠᠪᠤᠳᠠᠯ ᠤᠨ ᠲᠤᠰᠠᠭᠠᠷ ᠲᠤᠭᠠᠴᠠᠭ᠎ᠠ ᠬᠢᠵᠦ ᠪᠦᠭᠦᠢ ᠵᠤᠬᠢᠶᠠᠨ ᠪᠠᠶᠢᠭᠤᠯᠤᠯᠳᠠ ᠪᠤᠶᠤ ᠬᠤᠪᠢ ᠭᠦᠮᠦᠨ ᠢᠶᠠᠷ ᠲᠠᠳᠠᠪᠤᠷᠢᠯᠠᠬᠤ ᠨᠢᠬᠡᠴᠢ ᠪᠤᠯᠭᠠᠨ ᠪᠤᠳᠤᠵᠦ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠬᠤ ᠬᠡᠷᠡᠭᠳᠡᠢ᠃      ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤ ᠨᠢ ᠲᠦᠯᠦᠪᠯᠡᠭᠡ ᠠᠴᠠ ᠬᠡᠳᠦᠷᠡᠭᠰᠡᠨ ᠪᠤᠶᠤ ᠲᠤᠨᠨᠳᠠᠭᠠᠨᠨᠰᠠᠨ ᠨᠤᠷᠮ᠎ᠠ ᠶᠢᠨ ᠤᠰᠤᠨ ᠤ ᠬᠡᠮᠵᠢᠶ᠎ᠡ ᠠᠴᠠ ᠬᠡᠳᠦᠷᠡᠭᠰᠡᠨ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠪᠤᠯ ᠤᠰᠤ ᠬᠠᠩᠭᠠᠬᠤ ᠪᠠᠷᠢᠯᠭ᠎ᠠ ᠶᠢᠨ ᠨᠢᠬᠡᠴᠡ ᠪᠤᠶᠤ ᠤᠰᠤᠯᠠᠯᠳᠠ ᠶᠢᠨ ᠤᠷᠤᠨ ᠤ ᠬᠠᠮᠢᠶᠠᠷᠤᠯᠳᠠ ᠶᠢᠨ ᠨᠢᠬᠡᠴᠡ ᠨᠢ ᠤᠰᠤᠨ ᠤ ᠰᠦᠢᠳᠬᠡᠯ ᠢ ᠲᠠᠳᠠᠪᠤᠷᠢᠯᠠᠬᠤ ᠳᠠᠭᠠᠨ ᠬᠠᠮᠳᠤ ᠳᠤᠨᠢ ᠲᠠᠳᠠᠪᠤᠷᠢᠯᠠᠵᠦ᠂ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠶᠢᠭᠤᠯᠭ᠎ᠠ ᠳᠤ ᠨᠢᠬᠡᠳᠦᠯᠳᠡᠢ ᠲᠤᠰᠢᠶᠠᠬᠤ ᠬᠡᠷᠡᠭᠳᠡᠢ᠃      ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠬᠠᠩᠭᠠᠬᠤ ᠤᠰᠤᠨ ᠤ ᠦᠨ᠎ᠠ ᠬᠠᠩᠰᠢ ᠳᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠪᠠᠭᠳᠠᠭᠠᠵᠦ᠂ ᠤᠰᠤ ᠬᠠᠩᠭᠠᠬᠤ ᠬᠠᠮᠢᠶᠠᠷᠤᠯᠳᠠ ᠶᠢᠨ ᠨᠢᠬᠡᠴᠡ ᠨᠢ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠶᠢᠭᠤᠯᠭ᠎ᠠ ᠳᠤ ᠨᠢᠬᠡᠳᠦᠯᠳᠡᠢ ᠲᠤᠰᠢᠶᠠᠬᠤ ᠬᠡᠷᠡᠭᠳᠡᠢ᠃      ᠬᠤᠷᠢᠳᠤᠭᠠᠷ ᠵᠦᠢᠯ    ᠠᠵᠦ ᠠᠬᠤᠶᠢᠯᠠᠯ ᠤᠨ ᠲᠤᠰᠢᠶᠠᠬᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠦᠢᠯᠡᠳᠪᠦᠷᠢᠯᠡᠯ᠂ ᠡᠵᠡᠩᠨᠡᠯᠳᠡ ᠶᠢᠨ ᠦᠪᠡᠷ ᠤᠨ ᠦᠷᠳᠡᠭ ᠪᠤᠶᠤ ᠵᠠᠷᠤᠳᠠᠯ ᠳᠤ ᠪᠤᠳᠤᠵᠦ ᠤᠷᠤᠭᠤᠯᠤᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠡ ᠶᠢᠨ ᠲᠤᠰᠢᠶᠠᠬᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠲᠤᠳᠤᠷ᠎ᠠ ᠠᠴᠠ ᠭᠠᠷᠭᠠᠬᠤ ᠬᠡᠷᠡᠭᠳᠡᠢ᠃ ᠬᠡᠬᠦ ᠳᠡᠭᠡᠨ ᠤᠰᠤ ᠲᠠᠳᠠᠬᠤ ᠨᠢᠬᠡᠴᠡ ᠶᠢᠨ ᠲᠦᠯᠦᠪᠯᠡᠭᠡ ᠠᠴᠠ ᠪᠠᠨ ᠬᠡᠳᠦᠷᠡᠭᠦᠯᠦᠭᠰᠡᠨ ᠪᠤᠶᠤ ᠲᠤᠨᠨᠳᠠᠭᠠᠨᠨᠰᠠᠨ ᠨᠤᠷᠮ᠎ᠠ ᠠᠴᠠ ᠬᠡᠳᠦᠷᠡᠬᠦᠯᠦᠨ ᠤᠰᠤ ᠬᠡᠷᠡᠭᠯᠡᠭᠰᠡᠨ ᠤᠰᠤᠨ ᠤ ᠡᠬᠢ ᠰᠤᠷᠪᠤᠯᠵᠢ ᠶᠢᠨ ᠰᠦᠢᠳᠬᠡᠯ ᠪᠤᠶᠤ ᠬᠤᠭᠤᠴᠠᠭ᠎ᠠ ᠰᠠᠭᠠᠳ᠋ᠬᠠᠰᠠᠨ ᠮᠦᠩᠭᠦ ᠶᠢ ᠦᠪᠡᠷ ᠤᠨ ᠦᠷᠳᠡᠭ ᠪᠤᠶᠤ ᠵᠠᠷᠤᠳᠠᠯ ᠳᠤ ᠪᠤᠳᠤᠨ ᠤᠷᠤᠭᠤᠯᠵᠦ ᠪᠤᠯᠬᠤ ᠦᠬᠡᠢ᠃      ᠬᠤᠷᠢᠨ ᠨᠢᠬᠡᠳᠦᠬᠡᠷ ᠵᠦᠢᠯ    ᠶᠠᠮᠠᠷᠪᠠ ᠨᠢᠬᠡᠴᠡ ᠪᠤᠶᠤ ᠬᠤᠪᠢ ᠭᠦᠮᠦᠨ ᠬᠡᠳ ᠤᠰᠤ ᠬᠡᠷᠡᠭᠯᠡᠬᠦ ᠨᠢᠬᠡᠴᠡ ᠪᠠ ᠬᠤᠪᠢ ᠭᠦᠮᠦᠨ ᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠬᠠᠰᠤᠵᠦ ᠬᠤᠷᠢᠶᠠᠬᠤ ᠪᠤᠶᠤ ᠬᠡᠯᠳᠦᠷᠢᠬᠦᠯᠵᠦ ᠪᠤᠯᠬᠤ ᠦᠬᠡᠢ᠃ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠲᠤᠷ᠎ᠠ ᠪᠠᠷ ᠢᠶᠠᠨ ᠬᠠᠰᠤᠵᠦ ᠬᠡᠯᠳᠦᠷᠢᠬᠦᠯᠦᠭᠰᠡᠨ ᠪᠤᠯ ᠲᠡᠬᠡᠳᠦ ᠨᠢᠬᠡ ᠱᠠᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠰᠢᠭᠤᠳ ᠲᠠᠳᠠᠪᠤᠷᠢᠯᠠᠬᠤ ᠶᠢᠨ ᠬᠠᠮᠳᠤ ᠠᠳᠠᠯᠢ ᠱᠠᠳᠤᠨ ᠤ ᠤᠯᠤᠰ ᠤᠨ ᠭᠦᠮᠦᠷᠬᠡ ᠳᠤ ᠲᠤᠰᠢᠶᠠᠬᠤ ᠬᠡᠷᠡᠭᠳᠡᠢ᠃      ᠬᠤᠷᠢᠨ ᠬᠤᠶᠠᠳᠤᠭᠠᠷ ᠵᠦᠢᠯ    ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠳᠤ ᠵᠠᠪᠠᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠨᠢᠬᠡᠳᠦᠯᠳᠡᠢ ᠲᠠᠷᠤᠮᠠᠯᠯᠠᠨ ᠵᠤᠬᠢᠶᠠᠭᠰᠠᠨ ᠲᠤᠰᠬᠠᠢ ᠬᠡᠷᠡᠭᠯᠡᠬᠦ ᠪᠠᠷᠢᠮᠳᠠ ᠶᠢ ᠬᠡᠷᠡᠭᠯᠡᠬᠦ ᠬᠡᠷᠡᠭᠳᠡᠢ᠃ ᠲᠠᠳᠠᠪᠤᠷᠢᠯᠬᠠᠰᠠᠨ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠵᠠᠪᠠᠯ ᠠᠳᠠᠯᠢ ᠱᠠᠳᠤᠨ ᠤ ᠤᠯᠤᠰ ᠤᠨ ᠭᠦᠮᠦᠷᠬᠡ ᠳᠤ ᠪᠦᠭᠦ ᠲᠤᠭ᠎ᠠ ᠪᠠᠷ ᠨᠢ ᠲᠤᠰᠢᠶᠠᠨ ᠤᠷᠤᠭᠤᠯᠵᠦ᠂ ᠡᠳ᠋ ᠤᠨ ᠵᠠᠰᠠᠭ ᠤᠨ ᠲᠦᠰᠦᠪ ᠢᠶᠠᠷ ᠬᠠᠮᠢᠶᠠᠷᠬᠤ᠂ ᠲᠤᠰᠬᠠᠢ ᠲᠠᠩᠰᠠ ᠡᠷᠦᠬᠡ ᠪᠠᠷ ᠨᠢ ᠬᠠᠳᠠᠭᠠᠯᠠᠬᠤ᠂ ︽ᠤᠷᠤᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠳᠠ ᠶᠢ ᠬᠡᠷᠡᠭᠵᠢᠬᠦᠯᠵᠦ᠂ ᠵᠦᠪᠰᠢᠶᠡᠷᠡᠭᠰᠡᠨ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠲᠦᠰᠦᠪ ᠤᠨ ᠶᠤᠰᠤᠭᠠᠷ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠨᠢᠬᠡᠳᠦᠯᠳᠡᠢ ᠲᠦᠯᠦᠪᠯᠡᠨ ᠲᠤᠬᠢᠷᠠᠭᠤᠯᠬᠤ ᠬᠡᠷᠡᠭᠳᠡᠢ᠃      ᠬᠤᠷᠢᠨ ᠭᠤᠷᠪᠠᠳᠤᠭᠠᠷ ᠵᠦᠢᠯ    ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠭᠤᠤᠯᠳᠠᠭᠤ ᠤᠰᠤᠨ ᠤ ᠡᠬᠢ ᠰᠤᠷᠪᠤᠯᠵᠢ ᠶᠢ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠳᠤ ᠬᠡᠷᠡᠭᠯᠡᠨ᠎ᠡ᠂ ᠪᠠᠰᠠ ᠤᠰᠤᠨ ᠤ ᠡᠬᠢ ᠰᠤᠷᠪᠤᠯᠵᠢ ᠶᠢ ᠵᠦᠢ ᠵᠤᠬᠢᠰᠳᠠᠢ ᠨᠡᠬᠡᠬᠡᠬᠦ ᠳᠤ ᠬᠡᠷᠡᠭᠯᠡᠭᠰᠡᠨ ᠴᠤ ᠪᠤᠯᠤᠨ᠎ᠠ᠃ ᠪᠤᠳᠠᠳᠠᠢ ᠬᠡᠷᠡᠭᠯᠡᠬᠦ ᠬᠡᠪᠴᠢᠶ᠎ᠡ ᠨᠢ ᠲᠤᠤᠷᠠᠬᠢ ᠮᠡᠳᠦ᠄      ︵ᠨᠢᠬᠡ︶ ᠤᠰᠤᠨ ᠤ ᠡᠬᠢ ᠰᠤᠷᠪᠤᠯᠵᠢ ᠶᠢ ᠪᠠᠶᠢᠴᠠᠭᠠᠨ ᠦᠨᠡᠯᠡᠬᠦ᠂ ᠮᠡᠳᠡᠭᠡ ᠵᠠᠩᠬᠢ ᠴᠤᠨᠨᠯᠠᠭᠤᠯᠬᠤ᠂ ᠤᠷᠳᠤ ᠪᠠ ᠤᠷᠳᠤᠪᠳᠤᠷ ᠬᠤᠭᠤᠴᠠᠭᠠᠨ ᠤ ᠤᠰᠤᠨ ᠤ ᠬᠠᠩᠭᠠᠯᠭ᠎ᠠ ᠬᠡᠷᠡᠭᠴᠡᠬᠡᠨ ᠤ ᠲᠦᠯᠦᠪᠵᠢᠬᠦᠯᠬᠡ ᠵᠢᠴᠢ ᠲᠦᠷᠦ ᠎ ᠶᠢᠨ ᠪᠤᠳᠤᠯᠭ᠎ᠠ ᠬᠠᠤᠯᠢ ᠲᠤᠨᠨᠳᠠᠭᠠᠯ ᠢ ᠰᠤᠳᠤᠯᠬᠤ︔      ︵ᠬᠤᠶᠠᠷ︶ ᠤᠰᠤᠨ ᠤ ᠡᠬᠢ ᠰᠤᠷᠪᠤᠯᠵᠢ ᠶᠢᠨ ᠬᠢᠨᠠᠯᠳᠠ ᠬᠠᠮᠢᠶᠠᠷᠤᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠵᠢᠴᠢ ᠠᠵᠢᠯᠯᠠᠭᠠᠨ ᠤ ᠬᠠᠮᠠᠭᠠᠯᠠᠯᠳᠠ︔      ︵ᠭᠤᠷᠪᠠ︶ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠪᠠ ᠮᠡᠷᠬᠡᠵᠢᠯ ᠤᠨ ᠠᠵᠢᠯᠳᠠᠨ ᠤ ᠪᠤᠯᠪᠠᠰᠤᠷᠠᠭᠤᠯᠤᠯ ᠵᠢᠴᠢ ᠤᠰᠤᠨ ᠤ ᠬᠠᠤᠯᠢ ᠲᠤᠨᠨᠳᠠᠭᠠᠯ ᠤᠨ ᠤᠬᠠᠭᠤᠯᠭ᠎ᠠ ᠭᠦᠮᠦᠵᠢᠯ︔      ︵ᠲᠦᠷᠪᠡ︶ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨ᠋ᠬᠠᠰᠠᠨ᠂ ᠬᠠᠮᠠᠭᠠᠯᠬᠠᠰᠠᠨ ᠪᠠ ᠬᠠᠮᠢᠶᠠᠷᠤᠨᠨᠰᠠᠨ ᠤ ᠱᠠᠩᠨᠠᠯ ᠵᠢᠴᠢ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠶᠢᠨ ᠵᠠᠷᠤᠳᠠᠯ ᠤᠨ ᠨᠦᠭᠦᠪᠦᠷᠢ︔      ︵ᠲᠠᠪᠤ︶ ᠤᠰᠤ ᠲᠠᠳᠠᠬᠤ ᠠᠮᠠᠰᠠᠷ ᠤᠨ ᠪᠠᠶᠢᠭ᠎ᠠ ᠭᠠᠵᠠᠷ ᠤᠨ ᠤᠰᠤᠨ ᠤ ᠡᠬᠢ ᠰᠤᠷᠪᠤᠯᠵᠢ ᠶᠢ ᠬᠢᠨᠠᠨ ᠬᠡᠮᠵᠢᠬᠦ ᠪᠠ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ︔      ︵ᠵᠢᠷᠭᠤᠭ᠎ᠠ︶ ᠤᠯᠤᠰ ᠠᠴᠠ ᠲᠤᠨᠨᠳᠠᠭᠠᠨᠨᠰᠠᠨ ᠪᠤᠰᠤᠳ ᠬᠡᠷᠡᠭᠯᠡᠬᠦ ᠬᠡᠪᠴᠢᠶ᠎ᠡ᠃      ᠬᠤᠷᠢᠨ ᠲᠦᠷᠪᠡᠳᠦᠬᠡᠷ ᠵᠦᠢᠯ    ᠤᠰᠤᠨ ᠤ ᠡᠬᠢ ᠰᠤᠷᠪᠤᠯᠵᠢ ᠶᠢᠨ ᠬᠡᠷᠡᠭᠯᠡᠯᠳᠡ ᠳᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠨ ᠤ ᠬᠡᠷᠡᠭᠯᠡᠬᠦ ᠲᠦᠯᠦᠪᠯᠡᠭᠡ ᠪᠠᠨ ᠨᠠᠶᠢᠷᠠᠭᠤᠯᠤᠨ ᠵᠤᠬᠢᠶᠠᠵᠦ᠂ ᠠᠳᠠᠯᠢ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠬᠦᠯᠵᠦ ᠬᠢᠨᠠᠨ ᠲᠤᠨᠨᠳᠠᠭᠠᠯᠭᠠᠨᠨᠰᠠᠨ ᠤ ᠲᠠᠷᠠᠭ᠎ᠠ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠪᠠᠭᠤᠯᠭᠠᠨᠨᠰᠠᠨ ᠲᠦᠯᠦᠪᠯᠡᠭᠡ ᠶᠤᠰᠤᠭᠠᠷ ᠬᠡᠷᠡᠭᠯᠡᠬᠦ ᠬᠡᠷᠡᠭᠳᠡᠢ᠃      ᠲᠠᠪᠤᠳᠤᠭᠠᠷ ᠪᠦᠯᠦᠭ    ᠬᠢᠨᠠᠯᠳᠠ ᠬᠠᠮᠢᠶᠠᠷᠤᠯᠳᠠ      ᠬᠤᠷᠢᠨ ᠲᠠᠪᠤᠳᠤᠭᠠᠷ ᠵᠦᠢᠯ    ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠤᠰᠤ ᠲᠠᠳᠠᠬᠤ ᠎ ᠶᠢ ᠵᠦᠪᠰᠢᠶᠡᠷᠡᠬᠦ ᠶᠢᠨ ᠬᠢᠨᠠᠯᠳᠠ ᠪᠠᠶᠢᠴᠠᠭᠠᠯᠳᠠ ᠶᠢᠨ ᠲᠦᠷᠢᠮ ᠢ ᠪᠠᠶᠢᠭᠤᠯᠵᠦ᠂ ᠬᠢᠨᠠᠨ ᠵᠦᠪᠰᠢᠶᠡᠷᠡᠭᠰᠡᠨ ᠤᠰᠤ ᠲᠠᠳᠠᠬᠤ ᠵᠦᠪᠰᠢᠶᠡᠷᠡᠯ ᠵᠢᠴᠢ ᠲᠤᠤᠷᠠᠳᠤ ᠱᠠᠳᠤᠨ ᠤ ᠤᠰᠤ ᠲᠠᠳᠠᠬᠤ ᠵᠦᠪᠰᠢᠶᠡᠷᠡᠯ ᠤᠨ ᠲᠦᠷᠢᠮ ᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠵᠦ ᠬᠠᠮᠢᠶᠠᠷᠬᠤ ᠬᠡᠷᠡᠭᠳᠡᠢ᠃      ᠬᠤᠷᠢᠨ ᠵᠢᠷᠭᠤᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠤ ᠤᠯᠤᠰ ᠪᠠ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠤᠨ ᠪᠠᠷᠢᠮᠵᠢᠶ᠎ᠠ ᠶᠤᠰᠤᠭᠠᠷ ᠤᠰᠤᠨ ᠤ ᠲᠡᠩᠴᠡᠬᠦᠷᠢ ᠶᠢᠨ ᠬᠡᠮᠵᠢᠨ ᠰᠢᠯᠭᠠᠯᠳᠠ ᠬᠢᠬᠦ ᠶᠢ ᠲᠦᠯᠦᠪᠯᠡᠭᠡ ᠲᠠᠢ ᠪᠠᠷ ᠵᠢᠭᠠᠨ ᠵᠢᠯᠤᠭᠤᠳᠴᠤ᠂ ᠤᠰᠤ ᠬᠡᠷᠡᠭᠯᠡᠬᠦ ᠤᠷ᠎ᠠ ᠮᠡᠷᠬᠡᠰᠢᠯ ᠢ ᠨᠢ ᠰᠠᠶᠢᠵᠢᠷᠠᠭᠤᠯᠵᠦ᠂ ᠤᠰᠤ ᠶᠢ ᠡᠷᠬᠢᠯᠳᠦᠬᠦᠯᠦᠨ ᠠᠰᠢᠨᠨᠯᠠᠬᠤ ᠨᠤᠷᠮ᠎ᠠ ᠪᠠ ᠬᠠᠶᠠᠭᠳᠠᠮᠠᠯ ᠪᠤᠬᠢᠷ ᠤᠰᠤ ᠶᠢ ᠡᠬᠡᠬᠦᠯᠦᠨ ᠬᠡᠷᠡᠭᠯᠡᠬᠦ ᠨᠤᠷᠮ᠎ᠠ ᠶᠢ ᠲᠡᠬᠡᠭᠰᠢᠯᠡᠬᠦᠯᠬᠦ ᠬᠡᠷᠡᠭᠳᠡᠢ᠃      ᠬᠤᠷᠢᠨ ᠲᠤᠯᠤᠳᠤᠭᠠᠷ ᠵᠦᠢᠯ    ᠤᠯᠠᠨ ᠨᠡᠶᠢᠳᠡ ᠶᠢᠨ ᠪᠠ ᠠᠷᠠᠳ ᠤᠨ ᠬᠡᠷᠡᠭᠯᠡᠬᠡᠨ ᠤ ᠪᠠᠷᠢᠯᠭ᠎ᠠ ᠵᠡᠷᠬᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠨᠢ ᠤᠰᠤ ᠠᠷᠪᠢᠯᠠᠬᠤ ᠪᠡᠯᠡᠳᠬᠡᠮᠵᠢ ᠶᠢ ᠲᠦᠭᠦᠷᠵᠢᠬᠦᠯᠦᠨ ᠪᠠᠶᠢᠭᠤᠯᠵᠦ᠂ ᠤᠰᠤ ᠠᠷᠪᠢᠯᠠᠬᠤ ᠪᠠᠭᠠᠵᠢ ᠬᠡᠷᠡᠭᠯᠡᠬᠦᠷ ᠤᠨᠨᠰᠠᠷᠠᠵᠦ᠂ ᠪᠠᠷᠢᠯᠭ᠎ᠠ ᠶᠢᠨ ᠠᠵᠢᠯ ᠲᠠᠭᠤᠰᠤᠨᠨᠰᠠᠨ ᠤ ᠲᠠᠷᠠᠭ᠎ᠠ ᠲᠦᠷᠦᠯ ᠵᠦᠢᠯ ᠤᠨ ᠪᠠᠶᠢᠭ᠎ᠠ ᠭᠠᠵᠠᠷ ᠤᠨ ᠤᠰᠤ ᠠᠷᠪᠢᠯᠠᠨ ᠬᠡᠷᠡᠭᠯᠡᠬᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠰᠤ ᠠᠷᠪᠢᠯᠠᠬᠤ ᠲᠤᠰᠬᠠᠢ ᠵᠦᠢᠯ ᠤᠨ ᠰᠢᠯᠭᠠᠨ ᠠᠪᠬᠤ ᠶᠢ ᠵᠤᠬᠢᠶᠠᠨ ᠪᠠᠶᠢᠭᠤᠯᠬᠤ ᠬᠡᠷᠡᠭᠳᠡᠢ᠃      ᠬᠤᠷᠢᠨ ᠨᠠᠢᠮᠠᠳᠤᠭᠠᠷ ᠵᠦᠢᠯ    ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠪᠤᠴᠠᠭᠠᠬᠤ ᠤᠰᠤᠨ ᠤ ᠴᠢᠨᠠᠷ ᠲᠤ ᠲᠤᠨᠨᠳᠠᠭᠠᠯ ᠶᠤᠰᠤᠭᠠᠷ ᠬᠢᠨᠠᠨ ᠬᠡᠮᠵᠢᠯᠳᠡ ᠬᠢᠬᠦ ᠦᠬᠡᠢ ᠪᠤᠯ᠂ ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠬᠦ ᠬᠢᠨᠠᠨ ᠬᠡᠮᠵᠢᠬᠦ ᠨᠢᠬᠡᠴᠡ ᠶᠢ ᠵᠢᠭᠠᠨ ᠲᠤᠨᠨᠳᠠᠭᠠᠵᠦ ᠬᠢᠨᠠᠨ ᠬᠡᠮᠵᠢᠯᠳᠡ ᠬᠢᠯᠬᠡᠵᠦ᠂ ᠵᠠᠷᠤᠳᠠᠯ ᠢ ᠨᠢ ᠤᠰᠤ ᠲᠠᠳᠠᠬᠤ ᠨᠢᠬᠡᠴᠡ ᠪᠤᠶᠤ ᠬᠤᠪᠢ  ᠭᠦᠮᠦᠨ  ᠡᠭᠦᠷᠬᠡᠯᠡᠬᠦ  ᠬᠡᠷᠡᠭᠳᠡᠢ᠃      ᠬᠤᠷᠢ ᠶᠢᠰᠦᠳᠦᠬᠡᠷ ᠵᠦᠢᠯ    ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠤᠯᠤᠰ ᠤᠨ ᠮᠡᠷᠬᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠤᠨᠨᠰᠠᠷᠠᠬᠤ ᠶᠢᠨ ᠬᠠᠮᠳᠤ᠂ ᠲᠤᠨᠨᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠤᠶᠤ ᠬᠢᠨᠠᠨ ᠰᠢᠯᠭᠠᠵᠦ᠂ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠶᠢᠨ ᠬᠡᠪ ᠤᠨ ᠬᠡᠷᠡᠭᠯᠡᠯᠳᠡ ᠬᠢᠬᠡᠳ ᠰᠢᠨᠵᠢᠯᠡᠬᠦ ᠤᠬᠠᠭᠠᠨᠴᠢ ᠪᠠᠷ ᠬᠡᠮᠵᠢᠬᠦ ᠶᠢ ᠪᠠᠳᠤᠯᠠᠬᠤ ᠬᠡᠷᠡᠭᠳᠡᠢ᠂ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠶᠢ ᠲᠤᠷ᠎ᠠ ᠪᠠᠷ ᠢᠶᠠᠨ ᠰᠠᠯᠭᠠᠬᠤ ᠪᠤᠶᠤ ᠰᠤᠯᠢᠵᠦ ᠪᠤᠯᠬᠤ ᠦᠬᠡᠢ᠃      ᠭᠤᠴᠢᠳᠤᠭᠠᠷ ᠵᠦᠢᠯ    ᠲᠤᠤᠷᠠᠬᠢ ᠪᠠᠶᠢᠳᠠᠯ ᠤᠨ ᠨᠢᠬᠡ ᠨᠢ ᠪᠠᠶᠢᠪᠠᠯ ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠤᠰᠤ ᠲᠠᠳᠠᠬᠤ ᠪᠡᠯᠡᠳᠬᠡᠮᠵᠢ ᠶᠢᠨ ᠵᠢᠷᠤᠨᠨᠯᠠᠨ ᠲᠦᠯᠦᠪᠯᠡᠭᠰᠡᠨ ᠤᠰᠤ ᠲᠠᠳᠠᠬᠤ ᠬᠠᠮᠤᠭ ᠤᠨ ᠶᠡᠭᠡ ᠴᠢᠳᠠᠪᠤᠷᠢ ᠪᠠᠷ ᠤᠰᠤ ᠲᠠᠳᠠᠬᠤ ᠬᠡᠮᠵᠢᠶ᠎ᠡ ᠶᠢ ᠪᠤᠳᠤᠵᠦ ᠪᠤᠯᠤᠨ᠎ᠠ᠄      ︵ᠨᠢᠬᠡ︶ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠤᠨᠨᠰᠠᠷᠠᠭᠠᠳᠤᠢ ᠪᠤᠶᠤ ᠤᠰᠤ ᠲᠠᠳᠠᠬᠤ ᠬᠡᠮᠵᠢᠭᠦᠷ ᠤᠨ ᠪᠡᠯᠡᠳᠬᠡᠮᠵᠢ ᠨᠢ ᠬᠡᠪ ᠤᠨ ᠶᠤᠰᠤᠭᠠᠷ ᠠᠵᠢᠯᠯᠠᠵᠦ ᠲᠡᠶᠢᠯᠬᠦ ᠦᠬᠡᠢ ᠪᠤᠯᠤᠨᠨᠰᠠᠨ︔      ︵ᠬᠤᠶᠠᠷ︶ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠤᠰᠤ ᠲᠠᠳᠠᠬᠤ ᠬᠡᠮᠵᠢᠬᠦᠷ ᠤᠨ ᠲᠤᠭ᠎ᠠ ᠪᠠᠷᠢᠮᠳᠠ ᠶᠢᠨ ᠮᠠᠲ᠋ᠧᠷᠢᠶᠠᠯ ᠢᠶᠠᠨ ᠬᠠᠩᠭᠠᠬᠤ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠢᠶᠠᠷ ᠵᠤᠬᠢᠶᠠᠭᠰᠠᠨ᠃      ᠭᠤᠴᠢᠨ ᠨᠢᠬᠡᠳᠦᠬᠡᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠲᠠᠳᠠᠬᠤ ᠶᠢ ᠲᠠᠩᠰᠠᠯᠠᠨ ᠲᠡᠮᠳᠡᠭᠯᠡᠬᠦ ᠲᠦᠷᠢᠮ ᠪᠠᠶᠢᠭᠤᠯᠵᠦ᠂ ᠤᠰᠤ ᠲᠠᠳᠠᠬᠤ ᠶᠢ ᠬᠢᠨᠠᠨ ᠵᠦᠪᠰᠢᠶᠡᠷᠡᠵᠦ ᠦᠨᠡᠮᠯᠡᠯ ᠤᠯᠭᠤᠨᠨᠰᠠᠨ ᠪᠠᠶᠢᠳᠠᠯ ᠢᠶᠠᠨ ᠵᠢᠯ ᠪᠦᠷᠢ ᠲᠤᠨᠨᠳᠠᠮᠠᠯ ᠬᠤᠭᠤᠴᠠᠭ᠎ᠠ ᠲᠠᠢ ᠪᠠᠷ ᠨᠡᠶᠢᠬᠡᠮ ᠳᠤ ᠵᠠᠷᠯᠠᠨ ᠨᠡᠶᠢᠳᠡᠯᠡᠬᠦ ᠶᠢᠨ ᠬᠠᠮᠳᠤ᠂ ᠲᠡᠬᠡᠳᠦ ᠨᠢᠬᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠠᠭᠤᠯᠤᠨ ᠢᠯᠡᠬᠡᠬᠦ ᠬᠡᠷᠡᠭᠳᠡᠢ᠃      ᠵᠢᠷᠭᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠬᠤᠶᠠᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠲᠤᠨᠨᠳᠠᠭᠠᠯ ᠠᠴᠠ ᠵᠦᠷᠢᠴᠡᠨ ᠤᠰᠤ ᠲᠠᠳᠠᠬᠤ ᠵᠦᠪᠰᠢᠶᠡᠷᠡᠯ ᠢ ᠬᠡᠷᠡᠭᠵᠢᠬᠦᠯᠦᠭᠰᠡᠨ ᠪᠤᠶᠤ ᠲᠤᠨᠨᠳᠠᠭᠠᠯ ᠢ ᠦᠯᠦ ᠵᠢᠷᠤᠮᠯᠠᠨ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ᠂ ᠬᠠᠮᠢᠶᠠᠷᠬᠤ ᠪᠠ ᠬᠡᠷᠡᠭᠯᠡᠭᠰᠡᠨ ᠪᠤᠯ ︽ᠲᠦᠷᠢᠮ︾᠎ ᠤᠨ ᠲᠤᠨᠨᠳᠠᠭᠠᠯ ᠢ ᠦᠨᠳᠦᠰᠦᠯᠡᠨ ᠰᠶᠢᠳᠪᠦᠷᠢᠯᠡᠬᠦ ᠬᠡᠷᠡᠭᠳᠡᠢ᠃      ᠭᠤᠴᠢᠨ ᠭᠤᠷᠪᠠᠳᠤᠭᠠᠷ ᠵᠦᠢᠯ    ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠳᠤ ᠲᠤᠤᠷᠠᠬᠢ ᠦᠢᠯᠡ ᠠᠵᠢᠯᠯᠠᠭ᠎ᠠ ᠶᠢᠨ ᠨᠢᠬᠡ ᠨᠢ ᠪᠠᠶᠢᠪᠠᠯ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠠᠴᠠ ᠵᠠᠷᠯᠢᠨᠨᠳᠠᠵᠦ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ᠂ 5000 ᠲᠦᠭᠦᠷᠢᠭ ᠠᠴᠠ ᠲᠡᠬᠡᠭᠰᠢ 3 ᠲᠦᠮᠡᠨ ᠲᠦᠭᠦᠷᠢᠭ ᠠᠴᠠ ᠲᠤᠷᠤᠨᠨᠰᠢ ᠵᠤᠭᠤᠰ ᠢᠶᠠᠷ ᠲᠤᠷᠭᠠᠵᠦ ᠪᠤᠯᠤᠨ᠎ᠠ᠄      ︵ᠨᠢᠬᠡ︶ ᠤᠰᠤ ᠠᠷᠪᠢᠯᠠᠬᠤ ᠪᠡᠯᠡᠳᠬᠡᠮᠵᠢ ᠪᠠ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠶᠢᠨ ᠬᠡᠷᠡᠭᠯᠡᠬᠦ ᠎ ᠶᠢ ᠲᠤᠷ᠎ᠠ ᠪᠠᠷ ᠢᠶᠠᠨ ᠵᠤᠨᠨᠰᠤᠭᠠᠨᠨᠰᠠᠨ᠃      ︵ᠬᠤᠶᠠᠷ︶ ᠤᠰᠤ ᠲᠠᠳᠠᠬᠤ ᠬᠡᠮᠵᠢᠬᠦᠷ ᠤᠨ ᠲᠤᠭ᠎ᠠ ᠪᠠᠷᠢᠮᠳᠠ ᠶᠢᠨ ᠮᠠᠲ᠋ᠧᠷᠢᠶᠠᠯ ᠢ ᠲᠤᠨᠨᠳᠠᠭᠠᠯ ᠶᠤᠰᠤᠭᠠᠷ ᠬᠠᠩᠭᠠᠨᠨᠰᠠᠨ ᠦᠬᠡᠢ ᠪᠤᠶᠤ ᠬᠤᠳᠠᠯ ᠬᠠᠭᠤᠷᠮᠠᠭ ᠢᠶᠠᠷ ᠬᠠᠩᠭᠠᠨᠨᠰᠠᠨ᠃      ︵ᠭᠤᠷᠪᠠ︶ ᠪᠤᠴᠠᠭᠠᠬᠤ ᠤᠰᠤᠨ ᠤ ᠴᠢᠨᠠᠷ ᠢ ᠲᠤᠨᠨᠳᠠᠭᠠᠯ ᠶᠤᠰᠤᠭᠠᠷ ᠬᠢᠨᠠᠨ ᠬᠡᠮᠵᠢᠭᠰᠡᠨ ᠦᠬᠡᠢ ᠪᠤᠶᠤ ᠬᠤᠳᠠᠯ ᠬᠠᠭᠤᠷᠮᠠᠭ ᠬᠢᠨᠠᠨ ᠬᠡᠮᠵᠢᠭᠰᠡᠨ ᠲᠤᠭ᠎ᠠ ᠪᠠᠷᠢᠮᠳᠠ ᠬᠠᠩᠭᠠᠨᠨᠰᠠᠨ᠃      ᠲᠤᠯᠤᠳᠤᠭᠠᠷ ᠪᠦᠯᠦᠭ    ᠲᠠᠭᠠᠯᠳᠤᠭᠤᠯᠤᠯ ᠲᠦᠷᠢᠮ      ᠭᠤᠴᠢᠨ ᠲᠦᠷᠪᠡᠳᠦᠬᠡᠷ ᠵᠦᠢᠯ    ᠲᠤᠰ ᠠᠷᠭ᠎ᠠ ᠶᠢ 2008 ᠤᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ᠃ 2000 ᠤᠨ ᠤ 10 ᠳ᠋ᠤᠭᠠᠷ ᠰᠠᠷ᠎ᠠ ᠶᠢᠨ 31᠎ ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤ ᠲᠠᠳᠠᠬᠤ ᠵᠦᠪᠰᠢᠶᠡᠷᠡᠯ ᠤᠨ ᠲᠦᠷᠢᠮ ᠤᠨ ᠬᠡᠷᠡᠭᠵᠢᠬᠦᠯᠬᠦ ᠨᠠᠷᠢᠨ ᠲᠦᠷᠢᠮ︾ ︵106 ᠳ᠋ᠤᠭᠠᠷ ᠲᠤᠭᠠᠳᠤ ᠵᠠᠷᠯᠢᠭ︶᠎ ᠢ ᠬᠠᠮᠳᠤ ᠳᠤᠨᠢ ᠭᠦᠴᠦᠨ ᠦᠬᠡᠢ ᠪᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号