1 — 4 ᠳ᠋ᠦ᠋ᠭᠡᠷ ᠰᠠᠷ᠎ᠠ ᠳᠤ ᠪᠥᠬᠦ ᠣᠷᠣᠨ ᠤ ᠴᠠᠬᠢᠯᠭᠠᠨ ᠭᠠᠷᠭᠠᠬᠤ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2018-06-27
     1 — 4 ᠳ᠋ᠦ᠋ᠭᠡᠷ ᠰᠠᠷ᠎ᠠ ᠳᠤ᠂ ᠪᠥᠬᠦ ᠣᠷᠣᠨ ᠤ 6000 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ ᠨᠡᠶᠢᠯᠡᠭᠡᠳ 1580.6 ᠳ᠋ᠥᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17%᠎ ᠪᠠᠷ ᠨᠡᠮᠡᠭᠳᠡᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 6.5 ᠵᠠᠭᠤᠨ ᠤ ᠴᠡᠭ ᠦᠨᠳᠦᠷ ᠪᠣᠯᠪᠠ᠃ ᠡᠯ᠎ᠡ ᠴᠠᠬᠢᠯᠭᠠᠨ ᠭᠠᠷᠭᠠᠬᠤ ᠲᠥᠷᠥᠯ ᠬᠡᠯᠪᠡᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ ᠪᠦᠷ ᠨᠡᠯᠢᠶᠡᠳ ᠲᠦᠷᠭᠡᠨ ᠨᠡᠮᠡᠭᠳᠡᠵᠦ᠂ ᠭᠠᠯ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠤᠨ ᠴᠠᠬᠢᠯᠭᠠᠨ᠂ ᠤᠰᠤᠨ ᠴᠠᠬᠢᠯᠭᠠᠨ ᠤ ᠴᠠᠬᠢᠯᠭᠠᠨ ᠭᠠᠷᠭᠠᠭᠰᠠᠨ ᠬᠡᠮᠵᠢᠶ᠎ᠡ ᠨᠢ ᠲᠤᠰ ᠲᠤᠰ 1301.7 ᠳ᠋ᠥᠩᠰᠢᠭᠤᠷ ᠺᠢᠯᠣᠸᠠᠲ ᠴᠠᠭ᠂ 229.8 ᠳ᠋ᠥᠩᠰᠢᠭᠤᠷ ᠺᠢᠯᠣᠸᠠᠲ ᠴᠠᠭ᠂ 39.4 ᠳ᠋ᠥᠩᠰᠢᠭᠤᠷ ᠺᠢᠯᠣᠸᠠᠲ ᠴᠠᠭ ᠪᠣᠯᠣᠨ 9.6 ᠳ᠋ᠥᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 14.9%᠂ 29.6%᠂ 16.3% ᠪᠣᠯᠣᠨ 37.5%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号