ᠵᠤᠨ ᠠᠴᠠ ᠨᠠᠰᠢ᠂ ᠥᠪᠥᠷ ᠮᠣᠩᠭᠤᠯ ᠤᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠬᠢᠭᠡᠳ ᠵᠡᠭᠦᠨ | ᠬᠡᠰᠡᠭ ᠤᠨ ᠬᠡᠰᠡᠭ ᠭᠠᠵᠠᠷ ᠣᠷᠣᠨ ᠳᠤ ᠬᠤᠷ᠎ᠠ ᠲᠣᠨᠣᠳᠠᠰᠤ ᠪᠠᠭᠠᠰᠴᠤ᠂ ᠠᠭᠠᠷ ᠤᠨ ᠳᠤᠯᠠᠭᠠᠨ ᠨᠢ ᠥᠨᠳᠥᠷ ᠪᠣᠯᠵᠤ᠂ | ᠠᠳᠠᠯᠢ ᠪᠤᠰᠤ ᠬᠡᠮᠵᠢᠶ᠎ᠡ ᠪᠠᠷ ᠭᠠᠩᠳᠠᠪᠠ᠂ ᠢᠯᠠᠩᠭᠤᠶ᠎ᠠ ᠤᠶᠢᠷ᠎ᠠ ᠶᠢᠨ ᠬᠤᠭᠤᠴᠠᠭᠠᠨ ᠳᠤ ᠬᠠᠯᠠᠭᠤᠨ | ᠥᠷᠭᠦᠯᠵᠢᠯᠡᠭᠰᠡᠨ ᠠᠴᠠ ᠪᠣᠯᠵᠤ ᠭᠠᠩ ᠬᠠᠭᠰᠠᠷᠠᠭᠠᠨ ᠰᠢᠷᠦᠭᠦᠰᠬᠦ ᠶᠢᠨ ᠬᠠᠮᠲᠤ ᠪᠦᠬᠦ ᠣᠷᠣᠨ ᠳᠤ ᠦᠷᠪᠢᠰᠬᠦ | ᠬᠠᠨᠳᠤᠰᠢ ᠲᠠᠢ ᠪᠣᠯᠪᠠ᠃ ᠬᠥᠨᠳᠦ ᠭᠠᠩᠳᠠᠭᠰᠠᠨ ᠳᠤᠮᠳᠠ ᠪᠠᠷᠠᠭᠤᠨ ᠬᠡᠰᠡᠭ ᠤᠨ ᠮᠠᠯᠵᠢᠬᠤ ᠣᠷᠣᠨ ᠬᠢᠭᠡᠳ ᠵᠡᠭᠦᠨ | ᠬᠡᠰᠡᠭ ᠤᠨ ᠬᠡᠰᠡᠭ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠨᠡᠯᠢᠶᠡᠳ ᠶᠡᠭᠡ ᠪᠠᠷ | ᠨᠥᠯᠥᠭᠡᠯᠡᠭᠳᠡᠵᠡᠢ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ | ᠵᠢᠯᠣᠭᠤᠳᠬᠤ ᠭᠠᠵᠠᠷ ᠠᠴᠠ 6 ᠳ᠋ᠤᠭᠠᠷ ᠰᠠᠷ᠎ᠠ ᠶᠢᠨ 23 ᠤ ᠡᠳᠦᠷ ᠤᠨ 18 ᠴᠠᠭ ᠠᠴᠠ ᠡᠬᠢᠯᠡᠨ᠂ ᠥᠪᠡᠷᠲᠡᠭᠡᠨ | ᠵᠠᠰᠠᠬᠤ ᠣᠷᠣᠨ ᠤ ᠭᠠᠩ ᠲᠠᠢ ᠲᠡᠮᠡᠴᠡᠬᠦ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠬᠡᠷᠡᠭᠵᠢᠭᠦᠯᠬᠦ | ᠪᠠᠷ ᠲᠣᠭᠲᠠᠪᠠ᠃ | ᠴᠠᠭ ᠠᠭᠤᠷ ᠪᠣᠯᠤᠨ ᠤᠰᠤᠨ ᠰᠢᠨᠵᠢᠯᠡᠭᠡ ᠶᠢᠨ ᠰᠠᠯᠠᠭ᠎ᠠ ᠮᠥᠴᠢᠷ ᠤᠨ ᠲᠦᠰᠦᠭᠡᠯᠡᠯ ᠢ ᠦᠨᠳᠦᠰᠦᠯᠡᠪᠡᠯ᠂ | ᠣᠶᠢᠷ᠎ᠠ ᠳᠤ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠤᠷ᠎ᠠ ᠲᠣᠨᠣᠳᠠᠰᠤ ᠮᠥᠨ ᠯᠡ ᠪᠠᠭᠠᠰᠴᠤ᠂ | ᠭᠠᠩ ᠬᠠᠭᠰᠠᠷᠠᠭᠠᠨ ᠤ ᠪᠠᠶᠢᠳᠠᠯ ᠤᠯᠠᠮ ᠴᠢᠨᠠᠭᠰᠢᠳᠠ ᠬᠥᠨᠳᠦᠷᠡᠨ᠂ ᠭᠠᠩ ᠬᠠᠭᠰᠠᠷᠠᠭᠠᠨ ᠲᠠᠢ ᠲᠡᠮᠡᠴᠡᠬᠦ ᠡᠭᠦᠷᠭᠡ | ᠬᠠᠲᠠᠭᠤ ᠪᠡᠷᠬᠡ ᠪᠣᠯᠣᠭᠠᠳ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠬᠤᠯᠪᠣᠭᠳᠠᠯ ᠪᠥᠬᠦᠢ | ᠲᠣᠭᠲᠠᠭᠠᠯ ᠢ ᠦᠨᠳᠦᠰᠦᠯᠡᠵᠦ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠠᠷᠠᠳ ᠤᠨ ᠶᠠᠪᠤᠳᠠᠯ᠂ | ᠴᠠᠭ ᠠᠭᠤᠷ ᠪᠣᠯᠣᠨ ᠤᠰᠤᠨ ᠰᠢᠨᠵᠢᠯᠡᠭᠡᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠬᠦ ᠪᠠᠷ ᠳᠠᠮᠵᠢᠭᠠᠳ᠂ | ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ | ᠭᠠᠵᠠᠷ ᠠᠴᠠ 6 ᠳ᠋ᠤᠭᠠᠷ ᠰᠠᠷ᠎ᠠ ᠶᠢᠨ 23 ᠤ ᠡᠳᠦᠷ ᠤᠨ 18 ᠴᠠᠭ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ | ᠭᠠᠩ ᠲᠠᠢ ᠲᠡᠮᠡᠴᠡᠬᠦ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠬᠡᠷᠡᠭᠵᠢᠭᠦᠯᠬᠦ ᠪᠠᠷ ᠪᠣᠯᠪᠠ᠃ | ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ | ᠭᠠᠵᠠᠷ ᠠᠴᠠ ᠱᠠᠭᠠᠷᠳᠠᠭᠰᠠᠨ ᠨᠢ᠂ ᠨᠢᠭᠡ ᠳᠤ ᠭᠠᠩ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠬᠦ ᠬᠡᠷᠡᠭᠲᠡᠢ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠣᠳᠣᠬᠢ ᠭᠠᠩ ᠭᠠᠮᠰᠢᠭ ᠤᠨ ᠬᠦᠨᠳᠦ ᠬᠡᠴᠡᠭᠦᠦ | ᠴᠢᠨᠠᠷ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠪᠠ ᠭᠦᠢᠴᠡᠳ ᠲᠠᠨᠢᠵᠤ᠂ ᠶᠡᠷᠦᠩᠬᠡᠶ ᠱᠦᠵᠢ | ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠳᠠᠶᠠᠭᠠᠷ ᠢ ᠵᠣᠬᠢᠶᠠᠨ ᠪᠠᠶᠢᠭᠤᠯᠤᠨ | ᠳᠠᠶᠢᠴᠢᠯᠠᠵᠤ ᠪᠠᠶᠢᠭᠠᠳ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠦᠷᠨᠢᠭᠦᠯᠬᠦ | ᠬᠡᠷᠡᠭᠲᠡᠢ ᠃ ᠬᠤᠶᠠᠷ ᠲᠤ ᠠᠷᠭ᠎ᠠ ᠪᠦᠬᠦᠨ ᠢ ᠰᠦᠪᠡᠭᠴᠢᠯᠡᠨ ᠬᠥᠮᠦᠨ ᠮᠠᠯ ᠤᠨ ᠠᠮᠢᠳᠤᠷᠠᠯ ᠦᠢᠯᠡᠳᠪᠦᠷᠢᠯᠡᠯ ᠳᠤ | ᠬᠡᠷᠡᠭᠯᠡᠬᠦ ᠤᠰᠤ ᠶᠢ ᠪᠠᠲᠤᠯᠠᠵᠤ᠂ ᠤᠤᠭᠤᠬᠤ ᠤᠰᠤᠨ ᠤ ᠲᠠᠯ᠎ᠠ ᠪᠠᠷ ᠣᠨᠴᠣᠭᠤᠢ ᠬᠦᠴᠢᠷᠳᠡᠯ ᠲᠠᠢ ᠮᠠᠯᠵᠢᠬᠤ | ᠣᠷᠣᠨ ᠳᠤ᠂ ᠬᠤᠯᠪᠣᠭᠳᠠᠯ ᠪᠦᠬᠦᠢ ᠭᠠᠵᠠᠷ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ | ᠵᠢᠯᠣᠭᠤᠳᠬᠤ ᠭᠠᠵᠠᠷ ᠠᠴᠠ ᠤᠰᠤ ᠬᠦᠷᠭᠡᠬᠦ ᠲᠡᠷᠭᠡ ᠬᠥᠰᠬᠡ ᠶᠢ ᠴᠠᠭ ᠲᠤᠬᠠᠶ ᠳᠤᠨᠢ ᠲᠣᠬᠢᠷᠠᠭᠤᠯᠤᠨ ᠤᠰᠤ | ᠲᠡᠭᠡᠭᠡᠵᠦ ᠬᠦᠷᠭᠡᠬᠦ ᠬᠡᠷᠡᠭᠲᠡᠶ᠃ ᠮᠠᠯ ᠠᠵᠤ ᠠᠬᠤᠶ ᠶᠢᠨ ᠦᠢᠯᠡᠳᠪᠦᠷᠢᠯᠡᠯ ᠢ ᠵᠦᠢ ᠵᠣᠬᠢᠰᠲᠠᠶ ᠲᠣᠬᠢᠷᠠᠭᠤᠯᠤᠨ᠂ | ᠮᠠᠯᠴᠢᠳ ᠢ ᠬᠦᠲᠦᠯᠦᠨ ᠵᠢᠯᠣᠭᠤᠳᠴᠤ ᠪᠠᠶᠢᠭᠠᠳ ᠤᠷᠢᠳᠴᠢᠯᠠᠨ ᠪᠣᠷᠣᠯᠠᠭᠤᠯᠬᠤ ᠪᠠ ᠲᠦᠷᠭᠡᠨ ᠪᠣᠷᠣᠯᠠᠭᠤᠯᠵᠤ᠂ | ᠲᠡᠵᠢᠭᠡᠯ ᠡᠪᠡᠰᠦ ᠪᠣᠷᠳᠤᠭ᠎ᠠ ᠰᠢᠯᠵᠢᠭᠦᠯᠦᠨ ᠵᠥᠭᠡᠭᠡᠪᠦᠷᠢᠯᠡᠬᠦ ᠶᠢ ᠤᠷᠢᠳᠴᠢᠯᠡᠨ ᠲᠥᠯᠥᠪᠯᠡᠵᠦ᠂ ᠲᠠᠷᠢᠶᠠᠯᠠᠩ ᠮᠠᠯ | ᠠᠵᠤ ᠠᠬᠤᠶ ᠶᠢᠨ ᠬᠤᠬᠢᠷᠠᠯ ᠢ ᠴᠢᠷᠮᠠᠶᠢᠨ ᠬᠥᠩᠭᠡᠷᠡᠭᠦᠯᠵᠦ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠦᠨᠡᠨ | ᠬᠦ ᠪᠠᠲᠤᠯᠠᠬᠤ ᠬᠡᠷᠡᠭᠲᠡᠢ᠃ ᠭᠤᠷᠪᠠ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠭᠠᠩ ᠬᠠᠭᠰᠠᠷᠠᠭᠠᠨ ᠲᠠᠢ | ᠲᠡᠮᠡᠴᠡᠬᠦ ᠤᠰᠤᠨ ᠰᠤᠷᠪᠤᠯᠵᠢ ᠶᠢ ᠵᠦᠢ ᠵᠣᠬᠢᠰᠲᠠᠶ ᠠᠰᠢᠭᠯᠠᠬᠤ ᠬᠡᠷᠡᠭᠲᠡᠢ᠃ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠳ ᠭᠠᠩ ᠲᠠᠢ ᠲᠡᠮᠡᠴᠡᠬᠦ ᠤᠰᠤᠨ ᠰᠤᠷᠪᠤᠯᠵᠢ ᠶᠢ ᠨᠠᠷᠢᠨ ᠨᠢᠮᠪᠠᠶ ᠰᠠᠶᠢᠲᠤᠷ ᠲᠣᠬᠢᠷᠠᠭᠤᠯᠵᠤ᠂ ᠭᠠᠩ | ᠬᠠᠭᠰᠠᠷᠠᠭᠠᠨ ᠲᠠᠢ ᠲᠡᠮᠡᠴᠡᠬᠦ ᠳᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠵᠡᠭᠦᠯᠬᠦ ᠭᠤᠣᠯᠯᠠᠭᠴᠢ | ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠤᠰᠤᠨ ᠴᠥᠭᠦᠷᠥᠮ᠂ ᠮᠠᠰᠢᠨ ᠬᠤᠳᠳᠤᠭ᠂ ᠬᠥᠭᠡᠷᠭᠡ ᠶᠢᠨ ᠦᠷᠲᠡᠭᠡ | ᠵᠡᠷᠭᠡ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠪᠦᠬᠦ ᠲᠠᠯ᠎ᠠ ᠪᠠᠷ ᠭᠠᠩ ᠬᠠᠭᠰᠠᠷᠠᠭᠠᠨ ᠲᠠᠢ ᠲᠡᠮᠡᠴᠡᠬᠦ ᠳᠤ | ᠣᠷᠣᠯᠴᠠᠭᠤᠯᠵᠤ᠂ ᠬᠢᠵᠠᠭᠠᠷᠲᠠᠶ ᠤᠰᠤᠨ ᠰᠤᠷᠪᠤᠯᠵᠢ ᠶᠢ ᠲᠥᠪᠯᠡᠷᠡᠭᠦᠯᠦᠨ ᠰᠠᠶᠢᠲᠤᠷ ᠲᠣᠬᠢᠷᠠᠭᠤᠯᠤᠨ᠂ ᠬᠥᠮᠦᠨ | ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠤᠰᠤᠯᠠᠯᠲᠠ ᠶᠢᠨ ᠲᠠᠯᠠᠪᠠᠶ ᠶᠢ | ᠴᠢᠷᠮᠠᠶᠢᠨ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠤᠬᠢᠷᠠᠯ ᠢ ᠴᠢᠳᠠᠬᠤ ᠶᠢᠨ ᠬᠢᠷᠢ ᠪᠠᠷ ᠬᠥᠩᠭᠡᠷᠡᠭᠦᠯᠬᠦ | ᠬᠡᠷᠡᠭᠲᠡᠢ᠃ ᠲᠦᠷᠪᠡ ᠳᠤ ᠨᠢᠭᠲᠠ ᠬᠠᠮᠵᠢᠯᠴᠠᠨ᠂ ᠭᠠᠩ ᠬᠠᠭᠰᠠᠷᠠᠭᠠᠨ ᠲᠠᠢ ᠲᠡᠮᠡᠴᠡᠬᠦ ᠨᠡᠶᠢᠯᠡᠮᠡᠯ ᠬᠦᠴᠦᠨ ᠢ ᠪᠤᠢ | ᠪᠣᠯᠭᠠᠬᠤ ᠬᠡᠷᠡᠭᠲᠡᠶ᠃ ᠡᠯ᠎ᠡ ᠱᠠᠲᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ | ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠢᠶᠠᠨ | ᠭᠤᠣᠯᠳᠠᠯᠭ᠎ᠠ ᠲᠠᠢ ᠭᠠᠩᠳᠠᠭᠰᠠᠨ ᠣᠷᠣᠨ ᠳᠤ ᠭᠦᠨᠵᠡᠭᠡᠶᠢᠷᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ | ᠬᠤᠯᠪᠣᠭᠳᠠᠯ ᠪᠥᠬᠦᠢ ᠲᠣᠭᠲᠠᠭᠠᠯ ᠢᠶᠠᠷ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠨ᠂ ᠬᠦᠴᠦ ᠪᠠᠨ | ᠬᠠᠮᠲᠤᠳᠬᠠᠨ ᠬᠠᠮᠵᠢᠯᠴᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠢ᠃ | ᠲᠠᠪᠤ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠦᠶᠡᠷ ᠢ ᠰᠡᠷᠭᠡᠶᠢᠯᠡᠵᠦ ᠭᠠᠩ ᠲᠠᠢ | ᠲᠡᠮᠡᠴᠡᠬᠦ ᠠᠵᠢᠯ ᠤᠨ ᠰᠠᠯᠠᠭ᠎ᠠ ᠮᠥᠴᠢᠷ ᠤᠳ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠮᠡᠳᠡᠭᠡ ᠵᠠᠩᠭᠢ ᠶᠢ ᠴᠠᠭ | ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠡᠭᠦᠨ ᠤ ᠵᠡᠷᠭᠡᠴᠡᠭᠡᠪᠡᠷ᠂ ᠬᠡᠰᠡᠭ ᠭᠠᠵᠠᠷ ᠲᠤ ᠰᠢᠷᠦᠭᠦᠨ ᠪᠣᠷᠣᠭᠠᠨ | ᠣᠷᠣᠵᠤ ᠠᠭᠤᠯᠠᠨ ᠦᠶᠡᠷ ᠤᠨ ᠭᠠᠶ ᠭᠠᠮᠰᠢᠭ ᠡᠭᠦᠰᠬᠦ ᠶᠢ ᠰᠠᠶᠢᠲᠤᠷ ᠰᠡᠷᠭᠡᠶᠢᠯᠡᠵᠦ᠂ ᠭᠠᠩ ᠲᠠᠢ ᠲᠡᠮᠡᠴᠡᠬᠦ ᠠᠵᠢᠯ ᠢ | ᠰᠠᠶᠢᠲᠤᠷ ᠬᠢᠬᠦ ᠶᠢᠨ ᠳᠠᠭᠠᠤ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠭᠠᠩ ᠦᠶᠡᠷ ᠤᠨ | ᠭᠠᠮᠰᠢᠭ ᠠᠴᠠ ᠪᠣᠯᠬᠤ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠬᠦᠴᠦᠯᠡᠨ | ᠴᠢᠷᠮᠠᠶᠢᠬᠤ ᠬᠡᠷᠡᠭᠲᠡᠢ ᠭᠡᠵᠡᠢ᠃ | | |