ᠪᠦᠬᠦ ᠤᠷᠤᠨ ᠤ ᠤᠯᠤᠰ ᠤᠨ ᠭᠠᠶᠢᠯᠢ ᠤᠷᠤᠨ ᠨᠤᠳᠤᠭ ᠤᠨ ᠭᠠᠶᠢᠯᠢ ᠶᠢᠨ ᠲᠠᠳᠠᠪᠤᠷᠢᠯᠠᠬᠤ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠧᠯᠸᠢᠰ ᠳ᠋ᠢᠶᠠᠩᠬᠤᠸᠠ ᠬᠤᠷᠡᠯ ᠬᠤᠷᠡᠯᠳᠤᠪᠠ  ᠵᠠᠩ ᠵᠢᠶᠠᠨ ᠮᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/6/29
     6 ᠳ᠋ᠤᠭᠠᠷ ᠰᠠᠷ᠎ᠠ ᠶᠢᠨ 25᠎ ᠤ ᠡᠳᠤᠷ᠂ ᠦᠪᠡᠷᠳᠡᠭᠡᠨ ᠵᠠᠰᠠᠬᠤ ᠤᠷᠤᠨ ᠪᠦᠬᠦ ᠤᠷᠤᠨ ᠤ ᠤᠯᠤᠰ ᠤᠨ ᠭᠠᠶᠢᠯᠢ ᠤᠷᠤᠨ ᠨᠤᠳᠤᠭ ᠤᠨ ᠭᠠᠶᠢᠯᠢ ᠶᠢᠨ ᠲᠠᠳᠠᠪᠤᠷᠢᠯᠠᠬᠤ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠧᠯᠸᠢᠰ ᠳ᠋ᠢᠶᠠᠩᠬᠤᠸᠠ ᠬᠤᠷᠡᠯ ᠬᠤᠷᠡᠯᠳᠤᠭᠤᠯᠵᠥ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠡᠨ ᠤ ᠤᠯᠤᠰ ᠤᠨ ᠭᠠᠶᠢᠯᠢ ᠤᠷᠤᠨ ᠨᠤᠳᠤᠭ ᠤᠨ ᠭᠠᠶᠢᠯᠢ ᠶᠢᠨ ᠲᠠᠳᠠᠪᠤᠷᠢᠯᠠᠬᠤ ᠬᠠᠮᠢᠶᠠᠷᠬᠤ ᠪᠠᠶᠢᠭᠤᠯᠤᠮᠵᠢ ᠎ ᠶᠢᠨ ᠦᠭᠡᠷᠡᠴᠢᠯᠡᠯᠳᠡ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠲᠤᠤᠱᠯᠠᠭᠤᠯᠵᠥ᠂ ︽ᠤᠯᠤᠰ ᠎ ᠤᠨ ᠭᠠᠶᠢᠯᠢ ᠤᠷᠤᠨ ᠨᠤᠳᠤᠭ ᠤᠨ ᠭᠠᠶᠢᠯᠢ ᠶᠢᠨ ᠲᠠᠳᠠᠪᠤᠷᠢᠯᠠᠬᠤ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠳᠡ ᠎ ᠶᠢᠨ ᠲᠦᠰᠦᠯ︾ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠡᠯ ᠵᠢᠴᠢ ᠯᠢ ᠵᠢᠢ ᠡᡁᠧᠩ ᠱᠦᠵᠢ᠂ ᠪᠦ᠋ ᠰᠢᠶᠤᠤ ᠯᠢᠨ ᠲᠡᠷᠢᠬᠦᠯᠡᠭᠴᠢ ᠶᠢᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠤᠨ ᠦᠭᠡᠷᠡᠴᠢᠯᠡᠯᠳᠡ ᠶᠢᠨ  ᠠᠵᠢᠯ ᠢ  ᠳᠠᠶᠢᠴᠢᠯᠠᠨ  ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠭᠠᠶᠢᠯᠢ ᠤᠷᠤᠨ ᠨᠤᠳᠤᠭ ᠤᠨ ᠭᠠᠶᠢᠯᠢ ᠶᠢᠨ ᠲᠠᠳᠠᠪᠤᠷᠢᠯᠠᠬᠤ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠰᠬᠠᠢ ᠳᠤᠭᠤᠶᠢᠯᠠᠩ ᠤᠨ ᠲᠠᠷᠤᠭ᠎ᠠ ᠵᠠᠩ ᠵᠢᠶᠠᠨ ᠮᠢᠨ ᠬᠤᠷᠡᠯ ᠳᠤ ᠤᠷᠤᠯᠴᠠᠵᠥ ᠶᠠᠷᠢᠶ᠎ᠠ ᠲᠠᠯᠪᠢᠪᠠ᠃ ᠤᠯᠤᠰ ᠤᠨ ᠭᠠᠶᠢᠯᠢ ᠎ ᠶᠢᠨ ᠶᠠᠪᠤᠳᠠᠯ ᠤᠨ ᠶᠡᠷᠤᠩᠬᠡᠢ ᠲᠤᠪᠴᠢᠶ᠎ᠠ ᠶᠢᠨ ᠲᠤᠮᠢᠯᠠᠨ ᠰᠠᠭᠤᠭ᠎ᠠ ᠬᠤᠯᠪᠤᠭ᠎ᠠ ᠠᠪᠬᠤ ᠱᠠᠭᠠᠷᠳᠠᠨ ᠵᠢᠯᠤᠭᠤᠳᠬᠤ ᠳᠤᠭᠤᠶᠢᠯᠠᠩ ᠤᠨ ᠪᠠᠶᠢᠩᠭᠤ ᠶᠢᠨ ᠲᠡᠳ᠋ ᠲᠠᠷᠤᠭ᠎ᠠ ᠵᠦ ᠶᠢᠨ ᠬᠤᠷᠡᠯ ᠳᠤ ᠤᠷᠤᠯᠴᠠᠵᠠᠢ᠃      ᠬᠤᠷᠠᠯ ᠠᠴᠠ ᠵᠢᠭᠠᠭᠰᠠᠨ ᠨᠢ᠂ ᠤᠯᠤᠰ ᠤᠨ ᠭᠠᠶᠢᠯᠢ ᠤᠷᠤᠨ ᠨᠤᠲᠤᠬ ᠤᠨ ᠭᠠᠶᠢᠯᠢ ᠶᠢᠨ ᠲᠠᠲᠠᠪᠤᠷᠢᠯᠠᠬᠤ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠨᠢᠭᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠠᠴᠠ ᠲᠤᠭᠲᠠᠭᠠᠭᠰᠠᠨ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠮᠦᠨ᠃ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠪᠤᠯᠤᠨ ᠡᠯ᠎ᠡ ᠭᠠᠵᠠᠷ ᠤᠷᠤᠨ ᠤ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠦᠵᠡᠯ ᠲᠠᠨᠢᠯᠲᠠ ᠪᠠᠨ ᠨᠢᠭᠡᠳᠬᠡᠵᠦ᠂ ᠦᠭᠡᠷᠡᠴᠢᠯᠡᠯᠲᠡ ᠶᠢᠨ ᠴᠢᠬᠤᠯᠠ ᠴᠢᠨᠠᠷ᠂ ᠪᠤᠳᠤᠯᠢᠶᠠᠨᠲᠠᠢ ᠴᠢᠨᠠᠷ ᠪᠤᠯᠤᠨ ᠪᠠᠴᠢᠮ ᠴᠢᠨᠠᠷ ᠢ ᠭᠦᠢᠴᠡᠳ ᠲᠠᠨᠢᠵᠤ᠂ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠤᠰᠤᠭᠠᠷ ᠨᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠪ ᠬᠤᠷᠢᠶᠠᠨ ᠤ ᠱᠠᠭᠠᠷᠳᠠᠯᠭ᠎ᠠ ᠶᠢ ᠤᠨᠤᠪᠴᠢᠲᠠᠢ ᠡᠵᠡᠮᠳᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠪᠤᠲᠠᠲᠠᠢ ᠬᠡᠷᠡᠭᠵᠢᠭᠦᠯᠬᠦ ᠠᠯᠬᠤᠮ ᠳᠠᠷᠠᠭ᠎ᠠ ᠪᠤᠯᠤᠨ ᠲᠤᠬᠲᠠᠬᠰᠠᠨ ᠴᠠᠬ ᠬᠤᠭᠤᠴᠠᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠮᠬᠢ ᠵᠠᠮᠪᠠᠷᠠᠭ᠎ᠠ ᠲᠠᠢ ᠪᠠᠷ ᠡᠯ᠎ᠡ ᠲᠦᠷᠦᠯ ᠤᠨ ᠠᠵᠢᠯ ᠢ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠦᠭᠡᠷᠡᠴᠢᠯᠡᠯᠲᠡ ᠶᠢᠨ ᠡᠭᠦᠷᠭᠡ ᠶᠢᠨ ᠪᠡᠶᠡᠯᠡᠭᠳᠡᠯ ᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠳ ᠬᠡᠷᠡᠭᠵᠢᠭᠦᠯᠬᠦ ᠭᠤᠤᠯ ᠴᠤᠭᠴᠠ ᠪᠤᠯᠤᠭᠰᠠᠨ ᠤ ᠬᠤᠪᠢ ᠳᠤ᠂ ᠦᠭᠡᠷᠡᠴᠢᠯᠡᠯᠲᠡ ᠶᠢ ᠵᠤᠬᠢᠶᠠᠨ ᠪᠠᠶᠢᠭᠤᠯᠤᠨ ᠠᠬᠢᠭᠤᠯᠬᠤ ᠶᠢ ᠰᠠᠶᠢᠲᠤᠷ ᠠᠳᠬᠤᠵᠤ᠂ ᠡᠯ᠎ᠡ ᠭᠠᠵᠠᠷ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠠᠵᠢᠯ ᠢᠶᠠᠨ ᠰᠠᠶᠢᠲᠤᠷ ᠬᠠᠮᠵᠢᠯᠴᠠᠨ ᠬᠢᠵᠦ᠂ ᠦᠭᠡᠷᠴᠢᠯᠡᠯᠲᠡ ᠶᠢ ᠬᠠᠮᠲᠤ ᠪᠠᠷ ᠠᠳᠬᠤᠬᠤ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠭᠦᠨ ᠤ ᠬᠠᠮᠲᠤ᠂ ᠵᠤᠬᠢᠶᠠᠨ ᠪᠠᠶᠢᠭᠤᠯᠤᠯᠲᠠ ᠶᠢᠨ ᠡᠨᠡᠬᠦ ᠰᠢᠵᠢᠮ ᠢ ᠢᠮᠠᠭᠲᠠ ᠴᠢᠩᠭ᠎ᠠ ᠠᠳᠬᠤᠵᠤ᠂ ︽ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ︾᠎ ᠶᠢ ᠦᠨᠡᠨᠬᠦ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号