ᠵᠠᠩ ᠵᠢᠶᠠᠨ ᠮᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ  ᠪᠥᠬᠦ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠦᠶᠡᠷ ᠤᠰᠤᠲᠤᠯ ᠲᠠᠢ ᠲᠡᠮᠡᠴᠡᠬᠦ ᠠᠵᠢᠯ ᠤᠨ ᠬᠤᠯᠪᠤᠭᠳᠠᠯ ᠪᠦᠬᠦᠢ ᠶᠠᠪᠤᠳᠠᠯ ᠢ ᠰᠤᠳᠤᠯᠵᠠᠢ
ᠨᠡᠶᠢᠲᠡᠯᠡᠭᠰᠡᠨ ᠴᠠᠭ᠄
2018/6/29
     2018 ᠣᠨ ᠤ 6 ᠳ᠋ᠤᠭᠠᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠣᠳᠣᠬᠠᠨ ᠤ ᠪᠥᠬᠦ ᠣᠷᠣᠨ ᠤ ᠭᠠᠩ ᠬᠠᠭᠰᠠᠷᠠᠭᠠᠨ ᠵᠢᠴᠢ ᠦᠶᠡᠷ ᠤᠰᠤᠲᠤᠯ ᠤᠨ ᠭᠠᠮᠰᠢᠭ ᠤᠨ ᠪᠠᠶᠢᠳᠠᠯ ᠢ ᠵᠠᠳᠠᠯᠵᠤ᠂ ᠳᠠᠷᠠᠭ᠎ᠠ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠤᠷᠤᠯᠴᠠᠵᠠᠢ᠃      ᠬᠤᠷᠠᠯ ᠠᠴᠠ ᠵᠢᠭᠠᠭᠰᠠᠨ ᠨᠢ᠂ ᠡᠨᠡ ᠬᠠᠪᠤᠷ ᠠᠴᠠ ᠨᠠᠰᠢ᠂ ᠮᠠᠨ ᠤ ᠣᠷᠣᠨ ᠤ ᠶᠡᠬᠡᠩᠬᠢ ᠬᠡᠰᠡᠭ ᠭᠠᠵᠠᠷ ᠲᠤ ᠦᠷᠬᠦᠯᠵᠢᠯᠡᠨ ᠭᠠᠩᠳᠠᠵᠤ᠂ ᠵᠡᠭᠦᠨ ᠬᠡᠰᠡᠭ ᠤᠨ ᠵᠠᠷᠢᠮ ᠭᠠᠵᠠᠷ ᠤᠷᠤᠨ ᠳᠤ ᠰᠢᠷᠦᠭᠦᠨ ᠪᠣᠷᠣᠭᠠᠨ ᠠᠴᠠ ᠪᠤᠯᠵᠤ ᠦᠶᠡᠷ ᠤᠰᠤᠲᠤᠯ ᠤᠨ ᠭᠠᠮᠰᠢᠭ ᠡᠭᠦᠰᠴᠡᠢ᠃ ᠭᠠᠮᠰᠢᠭ ᠭᠠᠷᠤᠭᠰᠠᠨ ᠤ ᠳᠠᠷᠠᠭ᠎ᠠ᠂ ᠯᠢ ᠵᠢᠶ ᠡᡁᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠲᠡᠷᠡ ᠳᠠᠷᠤᠶ ᠳᠤᠨᠢ ᠴᠢᠬᠤᠯᠠ ᠴᠣᠬᠤᠯᠠᠪᠤᠷᠢ ᠦᠭᠴᠦ᠂ ᠭᠠᠩ ᠬᠠᠭᠰᠠᠷᠠᠭᠠᠨ ᠲᠠᠢ ᠲᠡᠮᠡᠴᠡᠬᠦ ᠦᠶᠡᠷ ᠤᠰᠤᠲᠤᠯ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠶ ᠪᠠᠷ ᠡᠷᠴᠢᠮᠲᠡᠢ ᠠᠷᠭ᠎ᠠ ᠬᠡᠮᠵᠢᠶ᠎ᠡ ᠠᠪᠴᠤ ᠭᠠᠮᠰᠢᠭ ᠲᠠᠢ ᠲᠡᠮᠡᠴᠡᠨ ᠭᠠᠮᠰᠢᠭ ᠠᠴᠠ ᠠᠪᠤᠷᠠᠵᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠵᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠦᠵᠡᠯ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠣᠳᠣᠬᠠᠨ ᠤ ᠭᠠᠩ ᠤᠨ ᠪᠠᠶᠢᠳᠠᠯ ᠪᠠ ᠦᠶᠡᠷ ᠤᠰᠤᠲᠤᠯ ᠤᠨ ᠭᠠᠮᠰᠢᠭ ᠤᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠲᠣᠳᠣᠷᠬᠠᠶ ᠣᠶᠢᠯᠠᠭᠠᠵᠤ᠂ ᠬᠤᠳᠠᠯ ᠢᠶᠠᠷ ᠮᠡᠳᠡᠭᠦᠯᠬᠦ᠂ ᠳᠤᠲᠠᠭᠤ ᠮᠡᠳᠡᠭᠦᠯᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠭᠠᠮᠰᠢᠭᠳᠠᠭᠰᠠᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠭᠠᠮᠰᠢᠭᠳᠠᠭᠰᠠᠨ ᠣᠷᠣᠨ ᠤ ᠬᠥᠮᠦᠨ ᠮᠠᠯ ᠤᠨ ᠤᠤᠭᠤᠬᠤ ᠤᠰᠤᠨ ᠤ ᠠᠰᠠᠭᠤᠳᠠᠯ ᠪᠠ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠤᠶᠢᠯ ᠤᠨ ᠤᠨᠤᠪᠴᠢᠲᠠᠢ ᠶᠠᠳᠠᠭᠤ ᠠᠴᠠ ᠠᠩᠭᠢᠵᠢᠷᠠᠭᠤᠯᠬᠤ ᠠᠵᠢᠯ ᠲᠠᠢ ᠤᠶᠠᠯᠳᠤᠭᠤᠯᠤᠨ ᠬᠦᠨᠳᠦ ᠭᠠᠮᠰᠢᠭᠳᠠᠭᠰᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯ ᠲᠠᠢ ᠡᠷᠦᠬᠡ ᠶᠢ ᠭᠤᠤᠯᠳᠠᠯᠭ᠎ᠠ ᠲᠠᠢ ᠠᠪᠤᠷᠠᠨ ᠲᠡᠳᠬᠦᠬᠦ ᠬᠡᠷᠡᠭᠲᠡᠢ᠃ ᠮᠠᠯ ᠤᠨᠤᠭ᠎ᠠ ᠪᠠᠨ ᠬᠤᠳᠠᠯᠳᠤᠵᠤ ᠰᠢᠢᠳᠪᠦᠷᠢᠯᠡᠬᠦ ᠶᠢ ᠵᠤᠷᠢᠭᠵᠢᠭᠤᠯᠬᠤ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠶᠢ ᠲᠤᠭᠲᠠᠭᠠᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠯ ᠤᠨᠤᠭ᠎ᠠ ᠶᠢ ᠨᠢ ᠲᠦᠷᠭᠡᠨ ᠬᠤᠳᠠᠯᠳᠤᠨ ᠪᠤᠷᠤᠯᠠᠭᠤᠯᠵᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠶ᠃ ᠤᠯᠤᠰ ᠠᠴᠠ ᠨᠥᠬᠦᠪᠥᠷᠢ ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠥᠷᠨᠢᠭᠦᠯᠦᠨ᠂ ᠬᠤᠣᠰᠯᠠᠵᠤ ᠠᠪᠤᠷᠠᠨ ᠲᠡᠳᠬᠦᠬᠦ ᠪᠠ ᠭᠠᠮᠰᠢᠭ ᠢ ᠲᠡᠮᠡᠴᠡᠬᠦ ᠲᠤᠰᠠᠯᠠᠮᠵᠢ ᠬᠦᠷᠭᠡᠬᠦ ᠵᠡᠷᠭᠡ ᠠᠵᠢᠯᠯᠠᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠬᠤ ᠬᠡᠷᠡᠭᠲᠡᠢ᠃ ᠭᠠᠮᠰᠢᠭᠳᠠᠭᠰᠠᠨ ᠮᠠᠯᠴᠢᠨ ᠲᠠᠷᠢᠶᠠᠴᠢᠨ ᠎ ᠳᠤ ᠵᠢᠭᠡᠯᠡᠯᠭᠡ ᠦᠭᠬᠦ ᠳᠡᠮᠵᠢᠯᠭᠡ ᠶᠢᠨ ᠡᠷᠴᠢᠮ ᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠰᠠᠯᠠᠭ᠎ᠠ ᠮᠦᠴᠢᠷ ᠤᠳ ᠬᠠᠮᠲᠤᠷᠠᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠡᠯ᠎ᠡ ᠭᠠᠵᠠᠷ ᠢ ᠵᠢᠯᠣᠭᠤᠳᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠮᠠᠨ ᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠦᠶᠡᠷ ᠤᠰᠤᠲᠤᠯ ᠲᠠᠢ ᠲᠡᠮᠡᠴᠡᠬᠦ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号