ᠥᠪᠥᠷ ᠮᠣᠩᠭᠤᠯ ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠥᠭᠬᠦ ᠦᠢᠯᠡᠴᠢᠯᠡᠭᠡᠨ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2018/6/29
     6 ᠳ᠋ᠤᠭᠠᠷ ᠰᠠᠷ᠎ᠠ ᠶᠢᠨ 25᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠳᠤᠮᠳᠠᠳᠤ ᠤᠯᠤᠰ ᠤᠨ ᠫᠢᠩ ᠠᠨ ᠨᠡᠷᠡᠮᠵᠢᠲᠦ ᠳᠠᠭᠠᠳᠬᠠᠯ ᠵᠡᠷᠭᠡ ᠥᠪᠡᠷᠲᠡᠭᠡᠨ ᠵᠠᠰᠠᠬᠤ ᠣᠷᠣᠨ ᠤ ᠳᠣᠲᠤᠷᠠᠬᠢ 17 ᠳᠠᠭᠠᠳᠬᠠᠯ ᠤᠨ ᠺᠣᠮᠫᠠᠨᠢ᠂ ᠬᠥᠬᠡᠬᠤᠲᠠ ᠳᠤ ︽ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠥᠭᠬᠦ ᠲᠦᠷᠦᠯ ᠵᠦᠢᠯ︾᠎ ᠤᠨ ᠬᠠᠮᠲᠤᠷᠠᠯᠴᠠᠭᠠᠨ ᠤ ᠪᠣᠷᠣ ᠲᠥᠰᠦᠪ ᠤᠨ ᠵᠥᠪᠳᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠬᠢᠵᠦ᠂ ᠳᠠᠭᠠᠳᠬᠠᠯ ᠤᠨ ᠬᠡᠷᠡᠭ ᠤᠨ ᠲᠠᠷᠠᠭ᠎ᠠ ᠲᠥᠯᠥᠪᠦᠷᠢ ᠥᠭᠬᠦ ᠡᠭᠦᠷᠭᠡ ᠴᠢᠳᠠᠪᠤᠷᠢ ᠶᠢ ᠤᠷᠢᠳᠴᠢᠯᠠᠭᠤᠯᠤᠨ ᠰᠢᠷᠬᠠᠲᠤᠭᠰᠠᠳ ᠲᠦᠷᠭᠡᠨ ᠠᠪᠤᠷᠠᠵᠤ ᠡᠮᠨᠡᠭᠦᠯᠬᠦ ᠦᠶ᠎ᠡ ᠳᠤ ᠥᠭᠬᠦ ᠪᠣᠯᠭᠠᠵᠤ᠂ ᠳᠠᠭᠠᠳᠬᠠᠯ ᠤᠨ ᠲᠥᠯᠥᠪᠦᠷᠢ ᠶᠢ ᠬᠠᠮᠤᠭ ᠲᠦᠷᠭᠡᠨ ᠳᠡᠭᠡᠨ 3 ᠡᠳᠦᠷ ᠤᠨ ᠳᠣᠲᠣᠷ᠎ᠠ ᠪᠣᠳᠠᠲᠠᠶᠢᠵᠢᠭᠤᠯᠬᠤ ᠪᠣᠯᠭᠠᠪᠠ᠃ ᠨᠢᠳᠤᠨᠤᠨ ᠤ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠠᠳᠡᠯ ᠭᠠᠷᠤᠭᠰᠠᠨ ᠤ ᠳᠠᠷᠠᠭᠠᠬᠢ ᠡᠮᠴᠢᠯᠡᠭᠡᠨ ᠤ ᠵᠠᠷᠤᠳᠠᠯ ᠤᠨ ᠲᠤᠭ᠎ᠠ ᠬᠡᠮᠵᠢᠶ᠎ᠡ ᠶᠡᠭᠡ᠂ ᠲᠥᠯᠥᠪᠦᠷᠢ ᠥᠭᠬᠦ ᠥᠶᠡᠯᠡᠯ ᠤᠨ ᠬᠤᠭᠤᠴᠠᠭ᠎ᠠ ᠤᠷᠳᠤ ᠪᠠᠶᠢᠬᠤ ᠵᠡᠷᠭᠡ ᠠᠰᠠᠭᠤᠳᠠᠯ ᠤᠨ ᠲᠤᠬᠠᠢ᠂ ︽ᠬᠥᠮᠦᠨ ᠰᠢᠷᠬᠠᠲᠤᠭᠰᠠᠨ ᠡ᠊ᠨᠳᠡᠯ ᠤᠨ ᠲᠥᠯᠥᠪᠦᠷᠢ ᠥᠭᠬᠦ ᠪᠡᠯᠡ ᠮᠥᠩᠭᠦ ᠶᠢ ᠤᠷᠢᠳᠴᠢᠯᠠᠨ ᠥᠭᠬᠦ︾ ᠰᠡᠳᠭᠢᠮᠵᠢ ᠶᠢ ᠳᠤᠷᠠᠳᠴᠤ᠂ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠠᠢ ᠬᠠᠮᠲᠤᠷᠠᠨ ︽ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠥᠭᠬᠦ︾ ᠲᠤᠷᠰᠢᠯᠲᠠ ᠶᠢᠨ ᠦᠢᠯᠡᠴᠢᠯᠡᠭᠡᠨ ᠢ ᠭᠠᠷᠭᠠᠪᠠ᠃ ᠡᠨᠡ ᠤᠳᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠨᠢ ᠮᠠᠨ ᠤ ᠣᠷᠣᠨ ᠤ ᠵᠠᠮ ᠬᠠᠷᠢᠯᠴᠠᠭᠠᠨ ᠤ ᠠᠳᠡᠯ ᠢ ᠰᠢᠶᠳᠪᠦᠷᠢᠯᠡᠬᠦ ᠠᠵᠢᠯ ᠪᠣᠯᠣᠨ ᠮᠠᠰᠢᠨ ᠲᠡᠷᠭᠡᠨ ᠤ ᠳᠠᠭᠠᠳᠬᠠᠯ ᠤᠨ ᠲᠥᠯᠥᠪᠦᠷᠢ ᠥᠭᠬᠦ ᠦᠢᠯᠡᠴᠢᠯᠡᠭᠡ ᠤᠯᠠᠮ ᠴᠠᠰᠢ ᠭᠦᠨᠵᠡᠭᠡᠢ ᠬᠠᠮᠲᠤᠷᠠᠯᠴᠠᠬᠤ ᠱᠠᠲᠤᠨ ᠳᠤ ᠣᠷᠤᠵᠤ᠂ ᠵᠠᠮ ᠬᠠᠷᠢᠯᠴᠠᠭᠠᠨ ᠤ ᠠᠳᠡᠯ ᠤᠨ ᠨᠡᠩ ᠤᠯᠠᠨ ᠬᠤᠬᠢᠷᠠᠯ ᠠᠮᠰᠠᠭᠴᠢ ᠳᠤ ᠴᠠᠭ ᠲᠤᠬᠠᠶ ᠳᠤᠨᠢ᠂ ᠪᠦᠬᠦ ᠲᠠᠯ᠎ᠠ ᠪᠠᠷ ᠡᠮᠨᠡᠨ ᠵᠠᠰᠠᠬᠤ ᠦᠢᠯᠡᠴᠢᠯᠡᠭᠡᠨ ᠬᠦᠷᠲᠡᠭᠡᠵᠦ᠂ ᠬᠦᠮᠦᠰ ᠤᠨ ᠠᠳᠡᠯ ᠠᠴᠠ ᠪᠣᠯᠵᠤ ᠠᠮᠢ ᠪᠠᠨ ᠠᠯᠳᠠᠬᠤ᠂ ᠵᠡᠮᠳᠡᠭ ᠪᠣᠯᠬᠤ ᠶᠢ ᠪᠠᠭᠠᠰᠬᠠᠨ᠂ ᠨᠡᠶᠢᠭᠡᠮ ᠤᠨ ᠵᠥᠷᠢᠴᠡᠯ ᠢ ᠠᠷᠢᠯᠭᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠣᠭᠰᠠᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号