ᠪᠠᠶᠠᠨᠨᠠᠭᠤᠷ ᠬᠤᠲᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠤᠢ
ᠨᠡᠶᠢᠲᠡᠯᠡᠭᠰᠡᠨ ᠴᠠᠭ᠄
2018/6/29
       ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠥᠨᠥ ᠵᠢᠯ᠂ ᠪᠠᠶᠠᠨᠨᠠᠭᠤᠷ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠤᠶᠢᠯ ᠤᠨ ᠣᠨᠣᠪᠴᠢᠲᠠᠢ ᠬᠦᠴᠦᠯᠡᠵᠦ᠂ ᠦᠷ᠎ᠡ ᠪᠦᠲᠦᠮᠵᠢᠲᠡᠢ ᠠᠷᠭ᠎ᠠ ᠬᠡᠮᠵᠢᠶ᠎ᠠ ᠠᠪᠴᠤ᠂ ᠪᠦᠬᠦ ᠣᠷᠣᠨ ᠤ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ 36154 ᠬᠥᠮᠥᠨ ᠠᠮᠠ ᠶᠢ ᠪᠦᠬᠦᠨ ᠢ ᠬᠤᠲᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠳᠠᠭᠠᠳᠬᠠᠯ ᠎ ᠳᠤ ᠣᠷᠣᠭᠤᠯᠵᠤ᠂ ᠬᠤᠪᠢ ᠬᠥᠮᠥᠨ ᠤ ᠪᠡᠯᠡ ᠴᠤᠭᠯᠠᠭᠤᠯᠭ᠎ᠠ ᠶᠢᠨ ᠪᠦᠬᠦ ᠲᠤᠭ᠎ᠠ ᠶᠢ ᠵᠠᠰᠠᠭ ᠤᠨ ᠣᠷᠳᠣᠨ ᠠᠴᠠ ᠨᠥᠬᠦᠪᠦᠷᠢ ᠥᠭᠴᠦ ᠳᠠᠭᠠᠭᠠᠴᠢᠯᠠᠬᠤ ᠪᠠᠷ ᠪᠣᠯᠪᠠ᠃ ᠶᠠᠳᠠᠭᠤ ᠶᠢ ᠲᠡᠳᠬᠦᠬᠦ ᠰᠠᠯᠠᠭ᠎ᠠ ᠮᠥᠴᠢᠷ 569 ᠲᠦᠮᠡᠨ ᠲᠥᠭᠦᠷᠢᠭ ᠲᠣᠬᠢᠷᠠᠭᠤᠯᠵᠤ᠂ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠤᠳᠠᠯᠳᠤᠭᠠᠨ ᠤ ᠨᠥᠬᠦᠪᠦᠷᠢ ᠳᠠᠭᠠᠳᠬᠠᠯ ᠨᠡᠮᠡᠵᠦ ᠥᠭᠪᠡ᠃ ᠡᠭᠦᠨ ᠤ ᠬᠠᠮᠲᠤ᠂ ᠪᠠᠶᠠᠨᠨᠠᠭᠤᠷ ᠬᠤᠲᠠ ᠪᠠᠰᠠ ᠶᠠᠳᠠᠭᠤ ᠬᠦᠴᠢᠷᠳᠡᠯᠲᠡᠢ ᠬᠥᠮᠥᠨ ᠠᠮᠠ ᠳᠤ ᠡᠪᠡᠳᠴᠢᠨ ᠦᠵᠡᠭᠦᠯᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠪᠡ᠃ ᠨᠢᠭᠡ ᠳᠤ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠳᠤ ︽ᠬᠤᠶᠠᠷ ᠢ ᠳᠡᠭᠡᠭᠰᠢᠯᠡᠭᠦᠯᠵᠦ᠂ ᠬᠤᠶᠠᠷ ᠢ ᠪᠠᠭᠤᠷᠠᠭᠤᠯᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠡᠯ᠎ᠡ ᠱᠠᠲᠤᠨ ᠤ ᠲᠣᠭᠲᠠᠭᠰᠠᠨ ᠡᠮᠨᠡᠯᠭᠡ ᠶᠢᠨ ᠪᠠᠶᠢᠭᠤᠯᠤᠮᠵᠢ ᠳᠤ ᠡᠮᠨᠡᠯᠭᠡ ᠳᠤ ᠰᠠᠭᠤᠵᠦ ᠡᠮᠨᠡᠭᠦᠯᠬᠦ᠂ ᠦᠨᠳᠦᠰᠦᠨ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠡᠬᠢᠯᠡᠯᠲᠡ ᠶᠢᠨ ᠱᠤᠭᠤᠮ ᠢ ᠲᠤᠰ ᠲᠤᠰ 50% ᠪᠠᠭᠤᠷᠠᠭᠤᠯᠵᠤ᠂ ᠳᠠᠩᠰᠠ ᠲᠠᠶᠢᠯᠬᠤ ᠬᠠᠷᠢᠴᠠᠯ ᠢ ᠲᠤᠰ ᠲᠤᠰ 5% ᠳᠡᠭᠡᠭᠰᠢᠯᠡᠭᠦᠯᠪᠡ᠃ ᠬᠤᠶᠠᠷ ᠲᠤ ᠳᠠᠭᠠᠭᠠᠨ ᠪᠠᠲᠤᠯᠠᠬᠤ ᠲᠣᠭᠲᠠᠴᠠ ᠶᠢ ᠪᠠᠶᠢᠭᠤᠯᠪᠠ᠃ 2416 ᠲᠦᠮᠡᠨ ᠲᠥᠭᠦᠷᠢᠭ ᠤᠨ ᠪᠡᠯᠡ ᠴᠤᠭᠯᠠᠭᠤᠯᠵᠤ᠂ ᠬᠤᠰᠢᠭᠤ ᠰᠢᠶᠠᠨ ᠲᠣᠭᠤᠷᠢᠭ ᠢᠶᠠᠷ ᠨᠢᠭᠡᠴᠡ ᠪᠣᠯᠭᠠᠭᠰᠠᠨ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠶᠡᠭᠡ ᠡᠪᠡᠳᠴᠢᠨ ᠢ ᠠᠪᠤᠷᠠᠨ ᠲᠤᠰᠠᠯᠠᠬᠤ ᠰᠠᠭᠤᠷᠢ ᠮᠥᠩᠭᠦ ᠪᠠᠶᠢᠭᠤᠯᠵᠤ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮᠨᠡᠯᠭᠡ ᠳᠤ ᠰᠠᠭᠤᠵᠤ ᠡᠮᠴᠢᠯᠡᠨ ᠵᠠᠰᠠᠬᠤ ᠵᠠᠷᠤᠳᠠᠯ ᠢ ᠨᠢ ᠪᠠᠲᠤᠯᠠᠨ ᠳᠠᠭᠠᠭᠠᠪᠠ᠃ ᠭᠤᠷᠪᠠ ᠳᠤ ᠤᠷᠢᠳᠠᠪᠠᠷ ᠡᠮᠨᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ ᠨᠢᠭᠡ ᠥᠷᠲᠡᠭᠡᠨ ᠤ ᠬᠡᠯᠪᠡᠷᠢ ᠶᠢᠨ ᠳ᠋ᠦᠩᠨᠡᠨ ᠪᠣᠳᠣᠬᠤ ᠦᠢᠯᠡᠴᠢᠯᠡᠭᠡ ᠶᠢ ᠥᠷᠨᠢᠭᠦᠯᠪᠡ᠃ ᠳᠠᠩᠰᠠ ᠲᠠᠶᠢᠯᠬᠤ ᠴᠤᠪᠤᠷᠠᠯ ᠢ ᠳᠥᠭᠦᠮᠴᠢᠯᠡᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠵᠦ᠂ ᠪᠦᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠪᠠᠶᠢᠭᠤᠯᠤᠮᠵᠢ ᠪᠦᠬᠦᠨ ᠶᠠᠳᠠᠭᠤ ᠬᠦᠴᠢᠷᠳᠡᠯᠲᠡᠢ ᠡᠪᠡᠳᠴᠢᠲᠡᠨ ᠳᠤ ᠤᠷᠢᠳᠠᠪᠠᠷ ᠡᠮᠨᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠡᠪᠡᠳᠴᠢᠲᠡᠨ ᠡᠮᠨᠡᠯᠭᠡ ᠳᠤ ᠰᠠᠭᠤᠬᠤ ᠳᠤ ᠪᠠᠷᠢᠴᠠᠭᠠᠨ ᠤ ᠮᠥᠩᠭᠦ ᠲᠤᠰᠢᠶᠠᠬᠤ ᠴᠢᠬᠤᠯᠠ ᠦᠭᠡᠢ ᠪᠣᠯᠭᠠᠵᠤ᠂ ᠰᠢᠶᠠᠨ ᠤ ᠬᠡᠪᠴᠢᠶᠡᠨ ᠳᠠᠬᠢ ᠡᠮᠨᠡᠯᠭᠡ ᠶᠢᠨ ᠪᠠᠶᠢᠭᠤᠯᠤᠮᠵᠢ ᠳᠤ ᠡᠮᠨᠡᠯᠭᠡ ᠶᠢᠨ ᠳᠠᠭᠠᠳᠬᠠᠯ ᠢ ᠳᠠᠩᠰᠠ ᠲᠠᠶᠢᠯᠬᠤ᠂ ᠬᠦᠨᠳᠦ ᠡᠪᠡᠳᠴᠢᠨ ᠤ ᠳᠠᠭᠠᠳᠬᠠᠯ ᠢ ᠨᠥᠬᠦᠪᠦᠷᠢᠯᠡᠬᠦ᠂ ᠬᠤᠳᠠᠯᠳᠤᠭᠠᠨ ᠤ ᠨᠥᠬᠦᠪᠦᠷᠢ ᠳᠠᠭᠠᠳᠬᠠᠯ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠬᠦᠨᠳᠦ ᠡᠪᠡᠳᠴᠢᠨ ᠢ ᠪᠠᠲᠤᠯᠠᠨ ᠳᠠᠭᠠᠭᠠᠬᠤ ᠨᠢᠭᠡ ᠥᠷᠲᠡᠭᠡᠨ ᠤ ᠬᠡᠯᠪᠡᠷᠢ ᠶᠢᠨ ᠳ᠋ᠦᠩᠨᠡᠨ ᠪᠣᠳᠣᠬᠤ ᠶᠢ ᠪᠡᠶᠡᠯᠡᠭᠦᠯᠵᠦ᠂ ᠡᠪᠡᠳᠴᠢᠲᠡᠨ ᠡᠮᠨᠡᠯᠭᠡ ᠠᠴᠠ ᠭᠠᠷᠬᠤ ᠳᠤ ᠵᠥᠪᠬᠡᠨ 10%᠎ ᠶᠢᠨ ᠥᠪᠡᠷ ᠢᠶᠠᠨ ᠬᠠᠷᠢᠭᠤᠴᠠᠬᠤ ᠡᠮᠨᠡᠯᠭᠡ ᠶᠢᠨ ᠵᠠᠷᠤᠳᠠᠯ ᠢᠶᠠᠨ ᠯᠡ ᠲᠤᠰᠢᠶᠠᠵᠤ᠂ 5000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠪᠠ᠃ ᠳᠥᠷᠪᠡ ᠳᠤ ︽ᠭᠤᠷᠪᠠᠨ ᠨᠢᠭᠡ ᠪᠦᠯᠦᠭ︾ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ ᠡᠪᠡᠳᠴᠢᠲᠡᠨ ᠳᠤ ᠲᠥᠷᠥᠯ ᠬᠤᠪᠢᠶᠠᠨ ᠡᠮᠨᠡᠨ ᠵᠠᠰᠠᠬᠤ ᠶᠢ ᠬᠡᠷᠡᠭᠵᠢᠭᠦᠯᠪᠡ᠃ ᠨᠢᠭᠡ ᠪᠦᠯᠦᠭ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠵᠤ᠂ ᠥᠪᠡᠷᠲᠡᠭᠡᠨ ᠵᠠᠰᠠᠬᠤ ᠣᠷᠣᠨ ᠠᠴᠠ ᠲᠤᠭᠲᠠᠭᠠᠭᠰᠠᠨ 14 ᠵᠦᠢᠯ ᠤᠨ ᠬᠦᠨᠳᠦ ᠡᠪᠡᠳᠴᠢᠨ ᠤ ᠰᠠᠭᠤᠷᠢᠨ ᠳᠡᠭᠡᠷ᠎ᠡ᠂ ᠪᠠᠶᠠᠨᠨᠠᠭᠤᠷ ᠬᠤᠲᠠ ︽ᠳᠤᠮᠳᠠ ᠴᠢᠮᠦᠭᠡᠨ ᠤ ᠦᠬᠦᠰᠢᠷᠡᠯ︾ ᠪᠠ ︽ᠴᠠᠭᠠᠨ ᠬᠠᠷᠠᠩ︾ ᠬᠤᠶᠠᠷ ᠵᠦᠢᠯ ᠤᠨ ᠡᠪᠡᠳᠴᠢᠨ ᠤ ᠵᠦᠢᠯ ᠢ ᠨᠡᠮᠡᠵᠦ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮᠨᠡᠯᠭᠡ ᠶᠢᠨ ᠵᠠᠷᠤᠳᠠᠯ ᠢ ᠨᠢ ᠳᠠᠭᠠᠭᠠᠨ ᠪᠠᠲᠤᠯᠠᠵᠤ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮᠨᠡᠯᠭᠡ ᠶᠢᠨ ᠵᠠᠷᠤᠳᠠᠯ ᠤᠨ ᠪᠤᠳᠠᠲᠠᠢ ᠳᠠᠩᠰᠠ ᠲᠠᠶᠢᠯᠬᠤ ᠬᠠᠷᠢᠴᠠᠯ ᠢ ᠨᠢ 90%᠎ ᠠᠴᠠ ᠳᠡᠭᠡᠭᠰᠢ ᠪᠣᠯᠭᠠᠬᠤ ᠶᠢ ᠪᠠᠲᠤᠯᠠᠪᠠ᠃ ᠨᠢᠭᠡ ᠪᠦᠯᠦᠭ ᠤᠵᠢᠭ ᠡᠪᠡᠳᠴᠢᠨ ᠳᠤ ᠭᠡᠷᠡᠲᠦ ᠦᠢᠯᠡᠴᠢᠯᠡᠭᠡᠨ ᠤ ᠬᠠᠮᠢᠶᠠᠷᠤᠯᠲᠠ ᠬᠢᠵᠦ᠂ ᠦᠨᠳᠦᠰᠦᠨ ᠱᠠᠲᠤᠨ ᠤ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ 628 ᠪᠦᠯᠬᠦᠮ ᠲᠠᠢ ᠭᠡᠷ᠎ᠡ ᠲᠤᠭᠲᠠᠨ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠥᠷᠨᠢᠭᠦᠯᠵᠦ᠂ ᠳᠠᠩᠰᠠᠨ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠬᠥᠮᠥᠨ ᠠᠮᠠ᠂ ᠲᠠᠪᠤᠨ ᠪᠠᠲᠤᠯᠠᠭᠠᠲᠤ ᠡᠷᠦᠬᠡ᠂ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ ᠶᠢ ᠭᠡᠷᠡᠲᠦ ᠦᠢᠯᠡᠴᠢᠯᠡᠭᠡ ᠳᠤ ᠡᠩ ᠲᠡᠷᠢᠭᠦᠨ ᠳᠤ ᠪᠣᠳᠣᠯᠬᠢᠯᠠᠵᠤ᠂ ᠭᠡᠷ᠎ᠡ ᠲᠣᠭᠲᠠᠭᠰᠠᠨ ᠨᠤᠷᠮ᠎ᠠ 100%᠎ ᠳᠤ ᠬᠦᠷᠪᠡ᠃ ᠨᠢᠭᠡ ᠪᠦᠯᠦᠭ ᠬᠦᠨᠳᠦ ᠡᠪᠡᠳᠴᠢᠨ ᠢ ᠪᠠᠲᠤᠯᠠᠨ ᠳᠠᠭᠠᠭᠠᠬᠤ ᠶᠢ ᠪᠥᠬᠦᠨ ᠳᠤ ᠪᠦᠷᠬᠦᠭᠦᠯᠬᠦ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号