ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠤᠨ ᠤ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠷᠭ᠎ᠠ
ᠨᠡᠶᠢᠲᠡᠯᠡᠭᠰᠡᠨ ᠴᠠᠭ᠄
2018-06-29
     ︵2015 ᠣᠨ ᠤ 6 ᠳ᠋ᠤᠭᠠᠷ ᠰᠠᠷ᠎ᠠ ᠶᠢᠨ 30᠎ ᠤ ᠡᠳᠤᠷ ᠦᠪᠡᠷᠳᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠵᠠᠷᠯᠢᠭ 214 ᠳ᠋ᠤᠭᠡᠷ ᠲᠣᠭᠠᠲᠤ ᠪᠠᠷ ᠨᠡᠶᠢᠲᠡᠯᠡᠪᠡ 2018 ᠣᠨ ᠤ 1 ᠳ᠋ᠤᠭᠡᠷ ᠰᠡᠷ᠎ᠡ ᠶᠢᠨ 16᠎ ᠤ ᠡᠳᠤᠷ ︽ᠵᠠᠰᠠᠭ ᠤᠨ ᠣᠷᠳᠣᠨ ᠤ ᠬᠡᠰᠡᠭ ᠳᠥᠷᠢᠮ ᠲᠣᠭᠲᠠᠭᠠᠯ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠎ ᠢ ᠦᠨᠳᠦᠰᠦᠯᠡᠨ ᠵᠠᠰᠠᠪᠤᠷᠢ ᠣᠷᠤᠭᠤᠯᠪᠠ︶      ᠨᠢᠭᠡᠳᠣᠭᠡᠷ ᠪᠦᠯᠦᠭ ᠶᠡᠷᠦᠩᠭᠡᠢ ᠳᠦᠷᠢᠮ      ᠨᠢᠭᠡᠳᠣᠭᠡᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠪᠦᠳᠦᠮᠵᠢᠲᠠᠢ ᠬᠠᠮᠠᠭᠠᠯᠠᠬᠤ ᠪᠠ ᠵᠤᠬᠢᠰᠲᠠᠢ ᠨᠡᠭᠡᠭᠡᠨ ᠠᠰᠢᠭᠯᠠᠵᠤ᠂ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠣᠯᠢ︾ ᠵᠡᠷᠭᠡ ᠬᠤᠯᠪᠣᠭᠳᠠᠯ ᠪᠦᠬᠦᠢ ᠬᠠᠣᠯᠢ ᠴᠠᠭᠠᠵᠠ᠂ ᠬᠠᠣᠯᠢ ᠲᠣᠭᠳᠠᠭᠠᠯ ᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠣᠳᠠᠲᠠᠢ ᠲᠠᠢ ᠤᠶᠠᠯᠳᠣᠭᠤᠯᠤᠨ᠂ ᠲᠤᠰ ᠠᠷᠭ᠎ᠠ ᠎ ᠶᠢ ᠲᠣᠭᠳᠠᠭᠠᠪᠠ᠃      ᠬᠤᠶᠠᠳᠤᠭᠠᠷ ᠵᠦᠢᠯ ᠦᠪᠡᠷᠳᠡᠭᠡᠨ ᠵᠠᠰᠠᠬᠤ ᠣᠷᠤᠨ ᠤ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠬᠢᠭᠰᠡᠳ ᠲᠤᠰ ᠠᠷᠭ᠎ᠠ ᠶᠢ ᠵᠢᠷᠤᠮᠯᠠᠬᠤ ᠬᠡᠷᠡᠭᠲᠡᠢ᠃      ᠠᠭᠤᠷ ᠠᠮᠢᠰᠬᠤᠯ ᠤᠨ ᠡᠬᠢ ᠪᠠᠶᠠᠯᠢᠭ ᠭᠡᠳᠡᠭ ᠪᠣᠯ ᠠᠭᠠᠷ ᠮᠠᠨᠳᠠᠯ ᠤᠨ ᠳᠣᠳᠣᠷ᠎ᠠ ᠠᠴᠠ ᠬᠦᠮᠦᠨ ᠲᠦᠷᠦᠯᠬᠢᠳᠡᠨ ᠤ ᠦᠢᠯᠡᠳᠪᠦᠷᠢᠯᠡᠯ ᠠᠮᠢᠳᠤᠷᠠᠯ ᠳᠤ ᠠᠰᠢᠭᠯᠠᠭᠳᠠᠬᠤ ᠨᠠᠷᠠᠨ ᠤ ᠭᠡᠷᠡᠯ ᠤᠨ ᠣᠶᠢᠯᠳᠠ᠂ ᠰᠠᠯᠬᠢ᠂ ᠬᠤᠷ᠎ᠠ ᠶᠢᠨ ᠡᠬᠦᠯᠡ᠂ ᠢᠯᠴᠢ ᠶᠢᠨ ᠬᠡᠮᠵᠢᠶ᠎ᠡ ᠵᠡᠷᠭᠡ ᠪᠠᠶᠢᠭᠠᠯᠢ ᠶᠢᠨ ᠪᠣᠳᠠᠰ ᠪᠤᠯᠤᠨ ᠡᠨᠧᠷᠬᠢ ᠶᠢ ᠵᠢᠭᠠᠵᠤ ᠪᠤᠢ᠃     ᠭᠤᠷᠪᠠᠳᠤᠭᠠᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠨᠢᠭᠡᠳᠦᠯᠲᠠᠢ ᠲᠦᠯᠦᠪᠯᠡᠨ ᠲᠦᠯᠦᠪᠵᠢᠭᠦᠯᠬᠦ᠂ ᠬᠠᠮᠠᠭᠠᠯᠠᠬᠤ ᠶᠢ ᠡᠩ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠨᠡᠭᠡᠭᠡᠬᠦ᠂ ᠵᠣᠬᠢᠰᠲᠠᠢ ᠠᠰᠢᠭᠯᠠᠬᠤ ᠵᠠᠷᠴᠢᠮ ᠢ ᠪᠠᠷᠢᠮᠳᠠᠯᠠᠬᠤ ᠬᠡᠷᠡᠭᠲᠡᠢ᠃      ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠡᠭᠦᠨ ᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠥᠯᠥᠪᠵᠢᠭᠦᠯᠭᠡ ᠳᠤ ᠣᠷᠤᠭᠤᠯᠬᠤ ᠬᠡᠷᠡᠭᠲᠡᠢ᠃      ᠲᠠᠪᠤᠳᠣᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠲᠣᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠳᠤ ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠃      ᠬᠦᠭᠵᠢᠭᠦᠯᠦᠯᠳᠡ ᠦᠭᠡᠷᠡᠴᠢᠯᠡᠯᠳᠡ᠂ ᠣᠷᠤᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠤᠳᠡ ᠬᠦᠳᠡᠭᠡ ᠶᠢᠨ ᠲᠦᠯᠦᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠳᠠ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠵᠡᠷᠭᠡ ᠰᠠᠯᠠᠭ᠎ᠠ ᠮᠦᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠤᠭᠠᠷ᠂ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢᠨ ᠬᠠᠮᠢᠶ᠎ᠠ ᠪᠦᠬᠦᠢ ᠠᠵᠢᠯ ᠢ ᠰᠠᠶᠢᠳᠣᠷ ᠬᠢᠬᠦ ᠬᠡᠷᠡᠭᠲᠡᠢ᠃     ᠵᠢᠷᠭᠤᠳᠤᠭᠠᠷ ᠵᠦᠢᠯ ᠦᠪᠡᠷᠳᠡᠭᠡᠨ ᠵᠠᠰᠠᠬᠤ ᠣᠷᠣᠨ ᠠᠴᠠ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠯᠤᠭ᠎ᠠ ᠬᠠᠮᠢᠶ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠪᠠ ᠬᠡᠷᠡᠭᠯᠡᠬᠦ ᠶᠢ ᠵᠣᠷᠢᠬᠵᠢᠭᠤᠯᠤᠨ ᠲᠡᠮᠵᠢᠨ᠎ᠡ᠃      ᠲᠣᠯᠣᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠬᠠᠤᠯᠢ ᠴᠠᠭᠠᠵᠠ᠂ ᠬᠠᠣᠯᠢ ᠲᠣᠭᠳᠠᠭᠠᠯ᠂ ᠲᠦᠷᠥ ᠶᠢᠨ ᠪᠣᠳᠤᠯᠭ᠎ᠠ ᠵᠢᠴᠢ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠤᠯ ᠢ ᠦᠷᠨᠢᠭᠦᠯᠵᠤ᠂ ᠨᠡᠶᠢᠳᠠ ᠣᠯᠠᠨ ᠤ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠬᠦ ᠬᠡᠷᠡᠭᠲᠡᠢ᠃      ᠬᠤᠶᠠᠳᠤᠭᠠᠷ ᠪᠦᠯᠦᠭ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠪᠠ ᠣᠷᠤᠨ ᠬᠤᠪᠢᠶᠠᠷᠢᠯᠠᠬᠤ      ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠣᠷᠤᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠠᠴᠠ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠶᠢᠨ ᠬᠡᠮᠵᠢᠬᠦ ᠠᠵᠢᠯ ᠢ ᠨᠢᠭᠡᠳᠤᠯᠲᠠᠢ ᠵᠤᠬᠢᠶᠠᠨ ᠪᠠᠶᠢᠭᠤᠯᠵᠤ᠂ ᠵᠣᠬᠢᠴᠠᠭᠤᠯᠬᠤ ᠬᠡᠷᠡᠭᠲᠡᠢ᠃      ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠳᠤ ᠬᠠᠷᠢᠶᠠᠯᠠᠭᠳᠠᠬᠤ ᠴᠠᠭ ᠠᠭᠤᠷ ᠤᠨ ᠬᠤᠷᠢᠶ᠎ᠡ ᠥᠷᠳᠡᠭᠡ ᠨᠦᠭᠦᠳ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠶᠢᠨ ᠬᠡᠮᠵᠢᠬᠦ ᠡᠭᠦᠷᠭᠡ ᠶᠢ ᠡᠭᠦᠷᠭᠡᠯᠡᠬᠦ ᠬᠡᠷᠡᠭᠲᠡᠢ᠃ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠠᠷᠢᠶᠠᠯᠠᠬᠳᠠᠬᠤ ᠴᠠᠭ ᠠᠭᠤᠷ ᠤᠨ ᠬᠤᠷᠢᠶ᠎ᠠ ᠦᠷᠳᠡᠭᠡ ᠨᠦᠭᠦᠳ ᠵᠤᠬᠢᠬᠤ ᠡᠬᠦᠷᠬᠡ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠶᠢᠨ ᠬᠡᠮᠵᠢᠬᠦ ᠡᠬᠦᠷᠬᠡ ᠶᠢ ᠡᠬᠦᠷᠬᠡᠯᠡᠬᠦ ᠬᠡᠷᠡᠭᠳᠡᠢ᠃      ᠶᠢᠰᠦᠳᠦᠭᠡᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠳᠤ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠲᠤᠭᠳᠠᠭᠠᠭᠰᠠᠨ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠠᠷᠭ᠎ᠠ᠂ ᠪᠠᠷᠢᠮᠵᠢᠶ᠎ᠠ ᠪᠣᠯᠣᠨ ᠵᠢᠷᠤᠮᠵᠢᠯ ᠢ ᠬᠡᠷᠡᠭᠵᠢᠭᠦᠯᠵᠦ᠂ ᠬᠢᠨᠠᠨ ᠪᠠᠶᠢᠴᠠᠭᠠᠯᠳᠠ ᠪᠠᠷ ᠬᠢᠷᠢ ᠲᠡᠩᠴᠡᠭᠰᠡᠨ ᠴᠠᠭ ᠠᠭᠤᠷ ᠤᠨ ᠲᠣᠰᠬᠠᠢ ᠬᠡᠷᠡᠭᠯᠡᠭᠡᠨ ᠤ ᠮᠡᠷᠭᠡᠵᠢᠯ ᠤᠨ ᠲᠣᠨᠤᠭ ᠲᠦᠬᠦᠭᠡᠷᠦᠮᠵᠢ ᠪᠣᠯᠣᠨ ᠰᠢᠯᠭᠠᠨ ᠲᠣᠭᠳᠠᠭᠠᠯᠳᠠ ᠪᠠᠷ ᠬᠢᠷᠢ ᠲᠡᠩᠴᠡᠭᠰᠡᠨ ᠴᠠᠭ ᠠᠭᠤᠷ ᠤᠨ ᠬᠡᠮᠵᠢᠭᠦᠷ ᠪᠠᠭᠠᠵᠢ ᠶᠢ ᠬᠡᠷᠡᠭᠯᠡᠭᠡᠳ ᠣᠯᠣᠭᠰᠠᠨ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠮᠠᠲ᠋ᠧᠷᠢᠶᠠᠯ ᠢᠶᠠᠨ ᠤᠯᠤᠰ ᠤᠨ ᠬᠠᠮᠢᠶ᠎ᠠ ᠪᠦᠬᠦᠢ ᠲᠣᠭᠳᠠᠭᠠᠯ ᠢᠶᠠᠷ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃      ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠮᠠᠲ᠋ᠧᠷᠢᠶᠠᠯ ᠢ ᠬᠤᠷᠠᠮᠳᠤᠭᠤᠯᠬᠤ᠂ ᠬᠢᠨᠠᠨ ᠬᠠᠷᠭᠤᠭᠤᠯᠬᠤ᠂ ᠰᠢᠢᠳᠪᠦᠷᠢᠯᠡᠬᠦ᠂ ᠬᠠᠳᠠᠭᠠᠯᠠᠬᠤ᠂ ᠳᠠᠮᠵᠢᠭᠤᠯᠤᠨ ᠶᠠᠪᠤᠭᠤᠯᠬᠤ᠂ ᠨᠡᠶᠢᠳᠡᠯᠡᠬᠦ ᠵᠡᠷᠭᠡ ᠳᠤ ᠤᠯᠤᠰ ᠤᠨ ᠬᠤᠯᠪᠤᠭᠳᠠᠯ ᠪᠦᠬᠦᠢ ᠮᠡᠷᠭᠡᠵᠢᠯ ᠤᠨ ᠵᠢᠷᠤᠮᠵᠢᠯ ᠪᠠ ᠨᠢᠭᠤᠴᠠ ᠶᠢ ᠬᠠᠮᠠᠭᠠᠯᠠᠬᠤ ᠲᠣᠭᠳᠠᠭᠠᠯ ᠢ ᠵᠢᠷᠤᠮᠯᠠᠬᠤ ᠬᠡᠷᠡᠭᠲᠡᠢ᠃      ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠤᠯᠤᠰ ᠤᠨ ᠬᠤᠯᠪᠤᠭᠳᠠᠯ ᠪᠦᠬᠦᠢ ᠲᠣᠭᠳᠠᠭᠠᠯ ᠢᠶᠠᠷ ᠪᠣᠰᠤᠳ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠠᠵᠢᠯ ᠬᠢᠵᠤ ᠪᠠᠶᠢᠭ᠎ᠠ ᠪᠠᠶᠢᠭᠤᠯᠤᠮᠵᠢ ᠯᠤᠭ᠎ᠠ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠣᠯᠢᠯᠴᠠᠬᠤ ᠬᠡᠷᠡᠭᠲᠡᠢ᠃      ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠮᠠᠲ᠋ᠧᠷᠢᠶᠠᠯ ᠳᠤ ᠬᠤᠷᠢᠶᠠᠩᠭᠤᠶᠢᠯᠠᠯ ᠬᠢᠵᠤ᠂ ᠠᠭᠤᠷ ᠠᠮᠢᠰᠬᠤᠯ ᠤᠨ ᠡᠬᠢ ᠪᠠᠶᠠᠯᠢᠭ ᠤᠨ ᠳ᠋ᠠᠶᠢᠲ᠋ᠠ ᠬᠦᠮᠦᠷᠭᠡ ᠶᠢ ᠪᠠᠶᠢᠭᠤᠯᠵᠤ᠂ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠶᠢᠨ ᠬᠠᠮᠳᠤ᠂ ᠤᠯᠤᠰ ᠤᠨ ᠬᠤᠯᠪᠤᠭᠳᠠᠯ ᠪᠦᠬᠦᠢ ᠲᠣᠭᠳᠠᠭᠠᠯ ᠢᠶᠠᠷ ᠨᠡᠶᠢᠭᠡᠮ ᠳᠤ ᠨᠡᠶᠢᠳᠡᠯᠡᠬᠦ ᠬᠡᠷᠡᠭᠲᠡᠢ᠃      ᠠᠷᠪᠠᠨ ᠨᠢᠭᠡᠳᠤᠭᠡᠷ ᠵᠦᠢᠯ ᠦᠪᠡᠷᠳᠡᠭᠡᠨ ᠵᠠᠰᠠᠬᠤ ᠣᠷᠤᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠠᠴᠠ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠪᠠᠶᠢᠳᠠᠯ ᠢ ᠦᠨᠳᠦᠰᠦᠯᠡᠨ᠂ ᠠᠭᠤᠷ ᠠᠮᠢᠰᠬᠤᠯ ᠤᠨ ᠪᠠᠶᠢᠳᠠᠯ ᠤᠨ ᠠᠯᠪᠠᠨ ᠮᠡᠳᠡᠭᠡ ᠶᠢ ᠲᠣᠭᠳᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠳᠡᠯᠡᠬᠦ ᠬᠡᠷᠡᠭᠲᠡᠢ᠃      ᠶᠠᠮᠠᠷᠪᠠ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠬᠡᠳ ᠠᠭᠤᠷ ᠠᠮᠢᠰᠬᠤᠯ ᠤᠨ ᠪᠠᠶᠢᠳᠠᠯ ᠤᠨ ᠠᠯᠪᠠᠨ ᠮᠡᠳᠡᠭᠡ ᠶᠢ ᠨᠡᠶᠢᠭᠡᠮ ᠳᠤ ᠨᠡᠶᠢᠳᠡᠯᠡᠵᠤ ᠪᠣᠯᠬᠤ ᠦᠭᠡᠢ᠃      ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠣᠯᠣᠰ᠂ ᠦᠪᠡᠷᠳᠡᠭᠡᠨ ᠵᠠᠰᠠᠬᠤ ᠣᠷᠤᠨ ᠤ ᠴᠠᠭ ᠠᠭᠤᠷ ᠤᠨ ᠬᠤᠷᠢᠶ᠎ᠡ ᠥᠷᠳᠡᠭᠡ ᠶᠢᠨ ᠬᠠᠶᠢᠨ ᠬᠡᠮᠵᠢᠬᠦ ᠣᠷᠴᠢᠨ ᠲᠤᠭᠤᠷᠢᠨ ᠢ ᠬᠠᠤᠯᠢ ᠶᠣᠰᠤᠭᠠᠷ ᠬᠠᠮᠠᠭᠠᠯᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠤᠨ ᠶᠡᠷᠦᠩᠬᠡᠶᠢᠯᠡᠭᠰᠡ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠶᠡᠷᠦᠩᠬᠡᠶᠢᠯᠡᠡ ᠪᠠᠶᠢᠴᠠᠭᠠᠭᠰᠠᠨ ᠦᠷ᠎ᠡ ᠳ᠋ᠦᠩ ᠢᠶᠠᠨ ᠳᠡᠭᠡᠳᠤ ᠨᠢᠭᠡ ᠱᠠᠳᠤᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠢ᠃      ᠠᠷᠪᠠᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠠᠳᠠᠯᠢ ᠱᠠᠳᠤᠨ ᠤ ᠠᠷᠠᠳ ᠤᠨ ᠵᠠᠰᠠᠭ ᠤᠨ ᠣᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ᠂ ᠠᠭᠤᠷ ᠠᠮᠢᠰᠬᠤᠯ ᠤᠨ ᠡᠬᠢ ᠪᠠᠶᠠᠯᠢᠭ ᠤᠨ ᠳ᠋ᠠᠶᠢᠲ᠋ᠠ ᠬᠦᠮᠦᠷᠭᠡ ᠪᠣᠯᠣᠨ ᠠᠭᠤᠷ ᠠᠮᠢᠰᠬᠤᠯ ᠤᠨ ᠡᠬᠢ ᠪᠠᠶᠠᠯᠢᠭ ᠢ ᠶᠡᠷᠦᠩᠬᠡᠶᠢᠯᠡᠡ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠬᠤ ᠬᠡᠷᠡᠭᠲᠡᠢ᠃      ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠳᠤ ᠳᠣᠣᠷᠠᠬᠢ ᠠᠭᠤᠯᠭ᠎ᠠ ᠶᠢ ᠪᠠᠭᠳᠠᠭᠠᠬᠤ ᠬᠡᠷᠡᠭᠲᠡᠢ᠄      ︵ᠨᠢᠭᠡ︶ ᠣᠷᠤᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠭᠰᠠᠨ ᠠᠬᠤᠢ ᠪᠠᠶᠢᠳᠠᠯ ᠵᠢᠴᠢ ᠠᠴᠢ ᠬᠤᠯᠪᠣᠭᠳᠠᠯ︔      ︵ᠬᠤᠶᠠᠷ︶ ᠲᠤᠰ ᠵᠠᠰᠠᠭ ᠵᠠᠬᠢᠷᠭᠠᠨ ᠤ ᠣᠷᠤᠨ ᠤ ᠠᠭᠤᠷ ᠠᠮᠢᠰᠬᠤᠯ ᠤᠨ ᠡᠬᠢ ᠪᠠᠶᠠᠯᠢᠭ ᠤᠨ ᠲᠠᠷᠬᠠᠯᠲᠠ ᠎ ᠶᠢᠨ ᠪᠠᠶᠢᠳᠠᠯ︔      ︵ᠭᠤᠷᠪᠠ︶ ᠣᠷᠤᠨ ᠤ ᠬᠤᠪᠢᠶᠠᠷᠢᠯᠠᠯ ᠤᠨ ᠭᠦᠢᠴᠡᠳᠭᠡᠯ ᠲᠤᠭ᠎ᠠ︔      ︵ᠳᠥᠷᠪᠡ︶ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠮᠠᠭᠠᠯᠠᠬᠤ ᠭᠤᠣᠯᠳᠠᠯᠭ᠎ᠠ ᠪᠣᠯᠣᠨ ᠴᠢᠭᠯᠡᠯ︔      ︵ᠲᠠᠪᠤ︶ ᠡᠯ᠎ᠡ ᠣᠷᠣᠨ ᠪᠦᠰᠡ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠶᠢᠨ ᠳᠠᠪᠠᠭᠤᠯᠢᠭ ᠵᠢᠴᠢ ᠨᠡᠭᠡᠭᠡᠨ ᠠᠰᠢᠭᠯᠠᠬᠤ ᠶᠢᠨ ᠳᠠᠯᠳᠠ ᠬᠦᠴᠦᠨ ᠵᠡᠷᠭᠡ ᠶᠢ ᠣᠷᠣᠨ ᠬᠤᠪᠢᠶᠠᠷᠢᠯᠠᠨ ᠦᠨᠡᠯᠡᠨ ᠲᠣᠭᠠᠴᠢᠬᠤ︔      ︵ᠵᠢᠷᠭᠤᠭ᠎ᠠ︶ ᠬᠠᠷᠢᠭᠤᠴᠠᠬᠤ ᠪᠣᠳᠤᠯᠭ᠎ᠠ ᠪᠣᠯᠣᠨ ᠰᠠᠨᠠᠭᠤᠯᠭ᠎ᠠ᠃      ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠬᠤ ᠳᠤ ᠤᠯᠤᠰ ᠤᠨ ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠢᠶᠠᠷ ᠬᠢᠬᠦ ᠬᠡᠷᠡᠭᠲᠡᠢ᠃      ᠭᠤᠷᠪᠠᠳᠤᠭᠠᠷ ᠪᠦᠯᠦᠭ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ      ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠬᠤ ᠶᠢᠨ ᠬᠠᠮᠳᠤ ᠬᠡᠷᠡᠭᠵᠢᠭᠦᠯᠬᠦ ᠬᠡᠷᠡᠭᠲᠡᠢ᠃      ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠦᠯᠦᠪᠵᠢᠭᠦᠯᠭᠡ ᠨᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠲᠠᠢ ᠨᠡᠶᠢᠴᠡᠵᠤ᠂ ᠬᠤᠳᠠ ᠬᠦᠳᠡᠭᠡ ᠶᠢᠨ ᠲᠦᠯᠦᠪᠵᠢᠭᠦᠯᠭᠡ᠂ ᠣᠷᠴᠢᠨ ᠲᠣᠭᠤᠷᠢᠨ ᠢ ᠬᠠᠮᠠᠭᠠᠯᠠᠬᠤ ᠲᠦᠯᠦᠪᠵᠢᠭᠦᠯᠭᠡ᠂ ᠣᠰᠤᠨ ᠤ ᠡᠬᠢ ᠰᠤᠷᠪᠤᠯᠵᠢ ᠶᠢᠨ ᠲᠦᠯᠦᠪᠵᠢᠭᠦᠯᠭᠡ ᠵᠡᠷᠭᠡ ᠯᠦᠭᠡ ᠬᠠᠷᠢᠯᠴᠠᠨ ᠵᠣᠯᠭᠠᠯᠳᠣᠭᠰᠠᠨ ᠪᠠᠶᠢᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠨᠢ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠦᠯᠦᠪᠵᠢᠭᠦᠯᠭᠡ ᠳᠤ ᠨᠡᠶᠢᠴᠡᠭᠰᠡᠨ ᠪᠠᠶᠢᠬᠤ ᠎ ᠶᠢᠨ ᠬᠠᠮᠳᠤ᠂ ᠤᠯᠤᠰ ᠪᠤᠯᠤᠨ ᠦᠪᠡᠷᠳᠡᠭᠡᠨ ᠵᠠᠰᠠᠬᠤ ᠣᠷᠤᠨ ᠤ ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠤᠯᠤᠨ ᠳᠦᠷᠢᠮ ᠲᠣᠭᠳᠠᠭᠠᠯ ᠢ ᠵᠢᠷᠤᠮᠯᠠᠨ ᠰᠠᠬᠢᠬᠰᠡᠨ ᠪᠠᠶᠢᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠰᠠᠯᠬᠢᠨ ᠡᠨᠧᠷᠭᠢ ᠶᠢᠨ ᠡᠬᠢ ᠪᠡᠶᠠᠯᠢᠭ ᠢᠶᠠᠷ ᠡᠯᠪᠡᠭ ᠭᠠᠵᠠᠷ ᠣᠷᠣᠨ ᠢ ᠵᠤᠷᠢᠬᠵᠢᠭᠤᠯᠤᠨ ᠳᠡᠮᠵᠢᠵᠦ᠂ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠢ ᠦᠨᠳᠦᠰᠦᠯᠡᠨ᠂ ᠰᠠᠯᠬᠢᠨ ᠡᠨᠧᠷᠭᠢ ᠶᠢᠨ ᠡᠬᠢ ᠪᠡᠶᠠᠯᠢᠭ ᠢ ᠤᠷᠢᠳᠠᠪᠠᠷ ᠨᠡᠭᠡᠭᠡᠨ ᠠᠰᠢᠭᠯᠠᠵᠤ᠂ ᠰᠠᠯᠬᠢᠨ ᠡᠨᠧᠷᠭᠢ ᠶᠢ ᠨᠡᠭᠡᠭᠡᠨ ᠠᠰᠢᠭᠯᠠᠬᠤ ᠲᠦᠷᠦᠯ ᠵᠦᠢᠯ ᠢ ᠨᠢᠭᠡᠳᠤᠯᠲᠠᠢ ᠲᠦᠯᠦᠪᠯᠡᠨ᠂ ᠳᠠᠪᠬᠤᠴᠠᠭᠤᠯᠤᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠬᠤᠳᠡ ᠶᠢᠨ ᠲᠦᠯᠦᠪᠵᠢᠭᠦᠯᠭᠡ ᠪᠤᠯᠤᠨ ᠪᠦᠳᠦᠭᠡᠨ ᠪᠠᠶᠢᠭᠤᠯᠤᠯᠳᠠ ᠳᠤ ᠠᠭᠠᠷ ᠮᠠᠨᠳᠠᠯ ᠤᠨ ᠰᠠᠯᠬᠢᠨ ᠬᠦᠴᠦᠨ ᠢᠶᠠᠷ ᠦᠪᠡᠷ ᠢ ᠪᠠᠨ ᠴᠡᠪᠡᠷᠰᠢᠭᠦᠯᠬᠦ ᠴᠢᠳᠠᠪᠣᠷᠢ ᠶᠢ ᠠᠰᠢᠭᠯᠠᠵᠤ᠂ ᠰᠠᠯᠬᠢ ᠨᠡᠪᠳᠡᠷᠡᠬᠦ ᠵᠠᠮ ᠢ ᠵᠣᠬᠢᠰᠲᠠᠢ ᠪᠠᠶᠢᠷᠢᠯᠠᠭᠤᠯᠤᠨ ᠳᠣᠬᠢᠷᠠᠭᠤᠯᠵᠤ᠂ ᠠᠭᠠᠷ ᠮᠠᠨᠳᠠᠯ ᠤᠨ ᠪᠣᠬᠢᠷᠳᠤᠯ ᠡᠳ᠋ ᠤᠨ ᠦᠯᠡᠳᠡᠭᠳᠡᠬᠦ ᠠᠴᠠ ᠵᠠᠶᠢᠯᠠᠭᠤᠯᠬᠤ ᠪᠣᠶᠤ ᠬᠦᠩᠭᠡᠷᠡᠭᠦᠯᠬᠦ ᠬᠡᠷᠡᠭᠲᠡᠢ᠃      ᠠᠷᠪᠠ ᠶᠢᠰᠦᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠨᠠᠷᠠᠨ ᠡᠨᠧᠷᠭᠢ ᠶᠢ ᠠᠰᠢᠭᠯᠠᠨ ᠴᠠᠬᠢᠯᠭᠠᠨ ᠭᠠᠷᠭᠠᠬᠤ᠂ ᠨᠠᠷᠠᠨ ᠡᠨᠧᠷᠭᠢ ᠪᠠᠷ ᠢᠯᠴᠢ ᠬᠠᠩᠭᠠᠬᠤ᠂ ᠳᠤᠯᠠᠭᠠᠯᠠᠬᠤ ᠪᠠ ᠬᠦᠯᠳᠡᠭᠡᠬᠦ᠂ ᠨᠠᠷᠠᠨ ᠡᠨᠧᠷᠭᠢ ᠪᠠᠷ ᠤᠰᠤ ᠬᠠᠯᠠᠭᠠᠬᠤ ᠢᠨᠵᠧᠨ᠋ᠷᠢᠩ ᠵᠡᠷᠭᠡ ᠨᠠᠷᠠᠨ ᠡᠨᠧᠷᠭᠢ ᠶᠢᠨ ᠠᠰᠢᠭᠯᠠᠮᠵᠢ ᠶᠢᠨ ᠮᠡᠷᠭᠡᠵᠢᠯ ᠢ ᠵᠤᠷᠢᠬᠵᠢᠭᠤᠯᠬᠤ ᠪᠠ ᠳᠡᠮᠵᠢᠬᠦ ᠬᠡᠷᠡᠭᠲᠡᠢ᠃      ᠬᠤᠷᠢᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠡ ᠨᠦᠭᠦᠳ ᠤᠯᠤᠰ ᠪᠣᠯᠣᠨ ᠦᠪᠡᠷᠳᠡᠭᠡᠨ ᠵᠠᠰᠠᠬᠤ ᠣᠷᠤᠨ ᠤ ᠬᠤᠯᠪᠤᠭᠳᠠᠯ ᠪᠦᠬᠦᠢ ᠮᠡᠷᠭᠡᠵᠢᠯ ᠤᠨ ᠵᠢᠷᠤᠮᠵᠢᠯ ᠢ ᠦᠨᠳᠦᠰᠦᠯᠡᠨ᠂ ᠪᠠᠷᠢᠯᠭ᠎ᠠ ᠶᠢ ᠵᠢᠷᠤᠭᠯᠠᠨ ᠲᠦᠯᠦᠪᠯᠡᠬᠦ ᠪᠠ ᠪᠠᠷᠢᠯᠭ᠎ᠠ ᠪᠠᠷᠢᠬᠤ ᠳᠤᠮᠳᠠ᠂ ᠨᠠᠷᠠᠨ ᠡᠨᠧᠷᠭᠢ ᠶᠢ ᠠᠰᠢᠭᠯᠠᠬᠤ ᠳᠤ ᠵᠠᠪᠠᠯ ᠪᠦᠷᠢᠯᠳᠦᠭᠦᠯᠬᠦ ᠨᠦᠬᠦᠴᠡᠯ ᠢ ᠬᠠᠩᠭᠠᠬᠤ ᠬᠡᠷᠡᠭᠲᠡᠢ᠃ ᠠᠳᠠᠯ ᠠᠬᠤᠢ ᠶᠢᠨ ᠠᠵᠤ ᠠᠬᠤᠶᠢᠯᠠᠯ ᠤᠳ ᠦᠮᠴᠢᠳᠡᠨ ᠤ ᠲᠦᠯᠦᠪᠵᠢᠭᠦᠯᠦᠨ ᠵᠢᠷᠤᠭᠯᠠᠭᠰᠠᠨ ᠱᠠᠭᠠᠷᠳᠠᠯᠭ᠎ᠠ ᠯᠤᠭ᠎ᠠ ᠨᠡᠶᠢᠴᠡᠭᠰᠡᠨ ᠨᠠᠷᠠᠨ ᠡᠨᠧᠷᠭᠢ ᠶᠢᠨ ᠠᠰᠢᠭᠯᠠᠮᠵᠢ ᠶᠢᠨ ᠰᠢᠰᠲ᠋ᠧᠮ ᠢ ᠤᠭᠰᠠᠷᠠᠬᠤ ᠳᠤ ᠳᠦᠭᠦᠮ ᠦᠵᠡᠭᠦᠯᠬᠦ ᠬᠡᠷᠡᠭᠲᠡᠢ᠃      ᠬᠤᠷᠢᠨ ᠨᠢᠭᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠬᠦᠮᠦᠨ ᠤ ᠬᠦᠴᠦᠨ ᠢᠶᠠᠷ ᠴᠠᠭ ᠠᠭᠠᠷ ᠢ ᠨᠦᠯᠦᠭᠡᠯᠡᠬᠦ ᠶᠢ ᠬᠠᠶᠢᠨ ᠬᠡᠮᠵᠢᠬᠦ ᠲᠦᠬᠦᠭᠡᠷᠤᠮᠵᠢ᠂ ᠠᠵᠢᠯᠯᠠᠬᠤ ᠲᠣᠨᠤᠭ ᠲᠦᠬᠦᠭᠡᠷᠤᠮᠵᠢ ᠪᠣᠯᠣᠨ ᠠᠵᠢᠯᠯᠠᠬᠤ ᠥᠷᠳᠡᠭᠡ ᠴᠢᠬ ᠵᠡᠷᠭᠡ ᠰᠠᠭᠤᠷᠢ ᠪᠡᠯᠡᠳᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠲᠡᠢ᠃      ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠭᠠᠩ ᠬᠠᠭᠰᠠᠷᠭᠠᠨ ᠢ ᠡᠰᠡᠷᠭᠦᠴᠡᠬᠦ᠂ ᠤᠰᠤ ᠬᠠᠳᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠪᠠ ᠬᠡᠢ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ᠂ ᠴᠠᠭ ᠠᠭᠤᠷ ᠤᠨ ᠭᠠᠮᠰᠢᠬ ᠬᠦᠨᠦᠭᠡᠯ ᠢ ᠡᠰᠡᠷᠭᠦᠴᠡᠨ ᠬᠤᠷᠢᠭᠯᠠᠬᠤ ᠵᠡᠷᠭᠡ ᠬᠡᠷᠡᠭᠴᠡᠭᠡ ᠶᠢ ᠦᠨᠳᠦᠰᠦᠯᠡᠨ᠂ ᠬᠦᠮᠦᠨ ᠤ ᠬᠦᠴᠦᠨ ᠢᠶᠠᠷ ᠪᠣᠷᠣᠭᠠᠨ ︵ᠴᠠᠰᠤ︶ ᠨᠡᠮᠡᠭᠳᠡᠭᠦᠯᠤᠨ ᠮᠦᠨᠳᠣᠷ ᠰᠡᠷᠭᠡᠶᠢᠯᠡᠬᠦ ᠠᠵᠢᠯᠯᠠᠭᠠᠨ ᠢ ᠳᠣᠬᠢᠲᠠᠢ ᠵᠣᠬᠢᠶᠠᠨ ᠪᠠᠶᠢᠭᠤᠯᠤᠨ ᠦᠷᠨᠢᠭᠦᠯᠵᠤ᠂ ᠬᠤᠷ᠎ᠠ ᠶᠢᠨ ᠡᠬᠦᠯᠡ ᠶᠢᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠴᠢᠳᠠᠪᠤᠷᠢ ᠪᠣᠯᠣᠨ ᠶᠡᠷᠦᠩᠬᠡᠢ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃      ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠤᠨ ᠦᠷ᠎ᠡ ᠪᠦᠳᠦᠮᠵᠢ ᠶᠢ ᠠᠰᠢᠭᠯᠠᠨ᠂ ᠲᠠᠷᠢᠶᠠᠯᠠᠩ ᠮᠠᠯ ᠠᠵᠤ ᠠᠬᠤᠢ ᠶᠢᠨ ᠪᠠᠶᠢᠷᠢᠰᠢᠭᠤᠯᠤᠯ ᠳᠤ ᠲᠣᠬᠢᠷᠠᠭᠤᠯᠤᠯᠳᠠ ᠬᠢᠵᠤ᠂ ᠲᠠᠷᠢᠮᠠᠯ᠂ ᠬᠠᠳᠤᠯᠠᠩ ᠪᠡᠯᠴᠢᠭᠡᠷ ᠤᠨ ᠲᠠᠷᠢᠬᠤ ᠪᠦᠳᠦᠴᠡ ᠶᠢ ᠰᠢᠯᠢᠳᠡᠭᠵᠢᠭᠦᠯᠬᠦ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠬᠤᠯᠪᠤᠭᠳᠠᠯ ᠪᠦᠬᠦᠢ ᠲᠦᠷᠦᠯ ᠵᠦᠢᠯ ᠢ ᠨᠢᠭᠡᠳᠤᠯᠲᠠᠢ ᠲᠦᠯᠦᠪᠯᠡᠵᠤ᠂ ᠮᠠᠯᠴᠢᠨ ᠲᠠᠷᠢᠶᠠᠴᠢᠨ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠲᠡ ᠶᠢᠨ ᠵᠤᠬᠢᠶᠠᠨ ᠪᠠᠶᠢᠭᠤᠯᠤᠯᠳᠠ ᠶᠢ ᠬᠦᠳᠦᠯᠦᠨ ᠵᠢᠯᠣᠭᠤᠳᠴᠤ ᠪᠠᠶᠢᠭᠠᠳ ᠭᠦᠯᠡᠮᠵᠢ᠂ ᠫᠧᠩ ᠰᠠᠷᠠᠪᠴᠢ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠪᠡᠯᠡᠳᠭᠡᠮᠵᠢ ᠶᠢ ᠪᠦᠳᠦᠭᠡᠨ ᠪᠠᠶᠢᠭᠤᠯᠵᠤ᠂ ᠲᠣᠬᠠᠢ ᠶᠢᠨ ᠭᠠᠵᠠᠷ ᠤᠨ ᠢᠯᠴᠢ ᠶᠢᠨ ᠬᠡᠮᠵᠢᠶ᠎ᠡ ᠶᠢᠨ ᠡᠬᠢ ᠪᠠᠶᠠᠯᠢᠭ ᠢ ᠵᠤᠬᠢᠰᠳᠠᠢ ᠨᠡᠭᠡᠭᠡᠨ ᠠᠰᠢᠭᠯᠠᠬᠤ ᠬᠡᠷᠡᠭᠲᠡᠢ᠃      ᠬᠤᠷᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠮᠦᠰᠦ ᠴᠠᠰᠤ ᠶᠢᠨ ᠦᠵᠡᠮᠵᠢ ᠲᠠᠢ᠂ ᠵᠤᠰᠠᠭᠠᠯ ᠬᠢᠬᠦ ᠠᠭᠤᠷ ᠠᠮᠢᠰᠬᠤᠯ ᠲᠠᠢ ᠭᠠᠵᠠᠷ ᠵᠡᠷᠭᠡ ᠣᠨᠴᠠᠯᠢᠭ ᠪᠦᠬᠦᠢ ᠵᠢᠭᠤᠯᠴᠢᠯᠠᠯ ᠤᠨ ᠠᠭᠤᠷ ᠠᠮᠢᠰᠬᠤᠯ ᠤᠨ ᠡᠬᠢ ᠪᠠᠶᠠᠯᠢᠭ ᠎ ᠢᠶᠠᠷ ᠡᠯᠪᠡᠭ ᠭᠠᠵᠠᠷ ᠣᠷᠤᠨ ᠤ ᠤᠬᠠᠭᠤᠯᠤᠯ ᠢ ᠴᠢᠩᠭᠠᠳᠬᠠᠨ᠂ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠎ ᠶᠢ ᠠᠬᠢᠭᠤᠯᠬᠤ ᠬᠡᠷᠡᠭᠲᠡᠢ᠃      ᠳᠦᠷᠪᠡᠳᠦᠭᠡᠷ ᠪᠦᠯᠦᠭ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ      ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠢᠶᠠᠷ ᠡᠯᠪᠡᠭ ᠣᠷᠤᠨ ᠪᠦᠰᠡ ᠪᠣᠶᠤ ᠠᠭᠤᠷ ᠠᠮᠢᠰᠬᠤᠯ ᠎ ᠢᠶᠠᠷ ᠬᠦᠨᠳᠡᠭᠦᠷ ᠣᠷᠤᠨ ᠪᠦᠰᠡ ᠳᠤ᠂ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠬᠦᠷᠢᠶ᠎ᠠ ᠬᠡᠪᠴᠢᠶ᠎ᠠ ᠎ ᠶᠢ ᠬᠤᠪᠢᠶᠠᠷᠢᠯᠠᠨ ᠲᠤᠭᠳᠠᠭᠠᠬᠤ ᠬᠡᠷᠡᠭᠲᠡᠢ᠃ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠬᠦᠷᠢᠶ᠎ᠠ ᠬᠡᠪᠴᠢᠶᠠᠨ ᠳᠤ ᠠᠭᠤᠷ ᠠᠮᠢᠰᠬᠤᠯ ᠤᠨ ᠡᠬᠢ ᠪᠠᠶᠠᠯᠢᠭ ᠢ ᠡᠪᠳᠡᠬᠦ ᠲᠦᠷᠦᠯ ᠵᠦᠢᠯ ᠢ ᠪᠦᠳᠦᠭᠡᠨ ᠪᠠᠶᠢᠭᠤᠯᠵᠤ ᠪᠣᠯᠬᠤ ᠦᠭᠡᠢ᠃      ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠤᠭᠤᠳ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠠ ᠶᠢ ᠪᠠᠭᠠᠰᠬᠠᠬᠤ᠂ ᠬᠤᠳᠠ ᠬᠦᠳᠡᠭᠡ ᠶᠢ ᠣᠶᠢᠵᠢᠭᠤᠯᠵᠤ ᠨᠤᠭᠤᠭᠠᠷᠠᠭᠤᠯᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠠᠪᠴᠤ᠂ ᠣᠢ ᠰᠢᠭᠤᠢ᠂ ᠨᠣᠳᠤᠭ ᠪᠡᠯᠴᠢᠭᠡᠷ᠂ ᠨᠠᠭᠤᠷ᠂ ᠨᠤᠭᠤ ᠭᠠᠵᠠᠷ ᠵᠡᠷᠭᠡ ᠠᠮᠢ ᠠᠬᠤᠢ ᠎ ᠶᠢᠨ ᠰᠢᠰᠲ᠋ᠧᠮ ᠢ ᠬᠠᠮᠠᠭᠠᠯᠠᠬᠤ ᠪᠠ ᠦᠩᠵᠢᠭᠦᠯᠦᠨ ᠰᠡᠷᠭᠦᠭᠡᠬᠦ ᠶᠢ ᠴᠢᠩᠭᠠᠳᠬᠠᠵᠤ᠂ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃      ᠬᠤᠷᠢᠨ ᠳᠣᠯᠣᠳᠣᠭᠠᠷ ᠵᠦᠢᠯ ᠬᠤᠳᠠ ᠶᠢᠨ ᠰᠢᠨ᠎ᠡ ᠲᠤᠭᠤᠷᠢᠭ ᠨᠢ ᠪᠣᠬᠢᠷᠳᠤᠯ ᠦᠭᠡᠢ᠂ ᠠᠮᠢ ᠠᠬᠤᠢ ᠨᠢ ᠰᠠᠶᠢᠨ᠂ ᠳᠣᠣᠷ᠎ᠠ ᠨᠡᠭᠦᠷᠡᠰᠦᠳᠦ᠋ᠷᠦᠭᠴᠢ ᠲᠠᠢ ᠪᠠᠶᠢᠬᠤ ᠣᠨᠣᠯᠵᠢᠬᠤᠨ ᠢᠶᠠᠷ ᠲᠦᠯᠦᠪᠵᠢᠭᠦᠯᠦᠨ ᠵᠢᠷᠤᠭᠯᠠᠵᠤ᠂ ᠪᠣᠬᠢᠷᠳᠤᠯ ᠦᠭᠡᠢ ᠠᠮᠢ ᠠᠬᠤᠢ ᠲᠠᠢ ᠬᠤᠳᠠ ᠶᠢᠨ ᠲᠤᠭᠤᠷᠢᠭ ᠢ ᠪᠦᠳᠦᠭᠡᠨ ᠪᠠᠶᠢᠭᠤᠯᠬᠤ ᠬᠡᠷᠡᠭᠲᠡᠢ᠃      ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠬᠠᠭᠤᠴᠢᠨ ᠬᠤᠳᠡ ᠲᠣᠭᠤᠷᠢᠭ ᠪᠣᠯᠣᠨ ᠳᠦᠭᠦᠮ ᠪᠦᠳᠦᠭᠦᠯᠢᠭ ᠣᠷᠤᠨ ᠰᠠᠭᠤᠴᠠᠲᠤ ᠲᠣᠭᠤᠷᠢᠭ ᠢ ᠦᠭᠡᠷᠡᠴᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠪᠠᠷᠢᠯᠭ᠎ᠠ ᠶᠢ ᠲᠦᠪᠯᠡᠷᠡᠭᠦᠯᠵᠤ ᠵᠠᠯᠭᠠᠯᠳᠤᠭᠤᠯᠤᠨ ᠬᠦᠭᠵᠢᠭᠦᠯᠬᠦ ᠶᠢ ᠵᠤᠷᠢᠬᠵᠢᠭᠤᠯᠬᠤ ᠬᠡᠷᠡᠭᠲᠡᠢ᠃      ᠵᠠᠰᠠᠭ ᠤᠨ ᠣᠷᠳᠤᠨ ᠠᠴᠠ ᠪᠡᠯᠡ ᠣᠷᠤᠭᠤᠯᠤᠭᠰᠠ ᠨᠡᠶᠢᠳᠠ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ ᠵᠢᠴᠢ ᠲᠣᠮᠤ ᠬᠡᠯᠪᠡᠷᠢ ᠶᠢᠨ ᠤᠯᠠᠨ ᠨᠡᠶᠢᠲᠡ ᠶᠢᠨ ᠪᠠᠷᠢᠯᠭ᠎ᠠ ᠶᠢ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠦᠯᠦᠪᠯᠡᠵᠤ᠂ ᠪᠦᠳᠦᠭᠡᠨ ᠪᠠᠶᠢᠭᠤᠯᠬᠤ ᠬᠡᠷᠡᠭᠲᠡᠢ᠃      ᠬᠤᠷᠢᠨ ᠨᠠᠢᠮᠠᠳᠤᠭᠠᠷ ᠵᠦᠢᠯ ᠰᠢᠨ᠎ᠡ ᠪᠠᠷ ᠪᠠᠶᠢᠭᠤᠯᠬᠤ ᠪᠠᠷᠢᠯᠭ᠎ᠠ᠂ ᠪᠠᠷᠢᠮᠠᠯ ᠤᠨ ᠵᠦᠢᠯᠡᠰ ᠨᠢ ᠣᠯᠣᠰ ᠪᠣᠯᠣᠨ ᠦᠪᠡᠷᠳᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠬᠤᠯᠪᠣᠭᠳᠠᠯ ᠪᠦᠬᠦᠢ ᠲᠣᠭᠳᠠᠭᠠᠯ ᠳᠤ ᠨᠡᠶᠢᠴᠡᠵᠤ᠂ ᠬᠠᠮᠠᠭᠠᠯᠠᠬᠤ ᠠᠷᠭ᠎ᠠ ᠬᠡᠮᠵᠢᠶ᠎ᠠ ᠠᠪᠴᠤ᠂ ᠢᠯᠴᠢᠳᠤ ᠠᠷᠠᠯ ᠤᠨ ᠨᠦᠯᠦᠬᠡᠯᠡᠯ᠂ ᠨᠠᠷᠢᠨ ᠬᠠᠪᠴᠢᠯ ᠤᠨ ᠨᠦᠯᠦᠬᠡᠯᠡᠯ ᠪᠣᠯᠣᠨ ᠭᠡᠷᠡᠯ ᠤᠨ ᠪᠣᠬᠢᠷᠳᠤᠯ ᠵᠡᠷᠭᠡ ᠠᠴᠠ ᠵᠠᠶᠢᠯᠠᠭᠤᠯᠬᠤ ᠪᠣᠶᠣ ᠬᠦᠩᠭᠡᠷᠡᠭᠦᠯᠬᠦ ᠬᠡᠷᠡᠭᠲᠡᠢ᠃      ᠬᠤᠷᠢ ᠶᠢᠰᠤᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠬᠤᠳᠡ ᠬᠦᠳᠡᠭᠡ ᠶᠢᠨ ᠲᠦᠯᠦᠪᠵᠢᠭᠦᠯᠭᠡ᠂ ᠣᠯᠣᠰ ᠪᠣᠯᠣᠨ ᠦᠪᠡᠷᠳᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ᠂ ᠴᠢᠬᠤᠯᠠ ᠶᠡᠭᠡ ᠣᠷᠣᠨ ᠪᠦᠰᠡ ᠶᠢᠨ ᠴᠢᠨᠠᠷᠲᠠᠢ ᠠᠵᠤ ᠠᠬᠤᠢ ᠶᠢᠨ ᠨᠡᠭᠡᠭᠡᠯᠳᠡ ᠶᠢᠨ ᠲᠦᠷᠦᠯ ᠵᠦᠢᠯ ᠪᠣᠯᠣᠨ ᠲᠣᠮᠤ ᠬᠡᠯᠪᠡᠷᠢ ᠶᠢᠨ ᠨᠠᠷᠡᠨ ᠡᠨᠧᠷᠭᠢ᠂ ᠰᠠᠯᠬᠢᠨ ᠡᠨᠧᠷᠭᠢ ᠵᠡᠷᠭᠡ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠵᠦᠢᠯ ᠢ ᠵᠤᠬᠢᠶᠠᠨ ᠪᠠᠶᠢᠭᠤᠯᠵᠤ᠂ ᠠᠭᠤᠷ ᠠᠮᠢᠰᠬᠤᠯ ᠤᠨ ᠪᠣᠯᠣᠮᠵᠢᠳᠤ ᠴᠢᠨᠠᠷ ᠤᠨ ᠨᠣᠳᠠᠯᠠᠯ ᠬᠢᠬᠦ ᠬᠡᠷᠡᠭᠲᠡᠢ᠃      ᠭᠤᠴᠢᠳᠤᠭᠠᠷ ᠵᠦᠢᠯ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠬᠦ ᠴᠢᠬᠤᠯᠠ ᠲᠠᠢ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠭᠠᠷᠴᠠᠭ ᠢ ᠨᠠᠶᠢᠷᠠᠭᠤᠯᠤᠨ ᠵᠤᠬᠢᠶᠠᠬᠤ ᠬᠡᠷᠡᠭᠲᠡᠢ᠃      ᠭᠤᠴᠢᠨ ᠨᠢᠭᠡᠳᠤᠭᠡᠷ ᠵᠦᠢᠯ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠢ ᠪᠤᠯ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠠᠴᠠ ᠨᠣᠳᠠᠯᠠᠨ ᠲᠣᠭᠳᠠᠭᠠᠭᠰᠠᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠬᠦ ᠴᠢᠳᠠᠪᠤᠷᠢ ᠲᠠᠢ ᠪᠠᠶᠢᠭᠤᠯᠤᠮᠵᠢ ᠠᠴᠠ ᠬᠢᠬᠦ ᠬᠡᠷᠡᠭᠲᠡᠢ᠃        ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠬᠦ ᠪᠠᠶᠢᠭᠤᠯᠤᠮᠵᠢ ᠠᠴᠠ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠬᠦ ᠳᠤ᠂ ᠤᠯᠤᠰ ᠤᠨ ᠴᠠᠭ ᠠᠭᠤᠷ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠴᠠᠭ ᠠᠭᠤᠷ ᠤᠨ ᠮᠠᠲ᠋ᠧᠷᠢᠶᠠᠯ ᠢ ᠬᠡᠷᠡᠭᠯᠡᠬᠦ ᠬᠡᠷᠡᠭᠲᠡᠢ᠃ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠭᠠᠷᠭᠠᠬᠤ ᠶᠢᠨ ᠬᠠᠮᠳᠤ᠂ ᠨᠤᠳᠠᠯᠠᠯ ᠤᠨ ᠮᠡᠳᠡᠭᠦᠯᠦᠯᠳᠡ ᠶᠢᠨ ᠰᠢᠨᠵᠢᠯᠡᠬᠦ ᠤᠬᠠᠭᠠᠨᠴᠢ ᠴᠢᠨᠠᠷ᠂ ᠦᠨᠡᠨ ᠪᠣᠳᠠᠳᠤ ᠴᠢᠨᠠᠷ ᠲᠤ ᠬᠠᠷᠢᠭᠤᠴᠠᠬᠤ ᠬᠡᠷᠡᠭᠲᠡᠢ᠃      ᠭᠤᠴᠢᠨ ᠬᠤᠶᠠᠳᠤᠭᠠᠷ ᠵᠦᠢᠯ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠳᠤ ᠲᠣᠣᠷᠠᠬᠢ ᠠᠭᠤᠯᠭ᠎ᠠ ᠶᠢ ᠪᠠᠭᠳᠠᠭᠠᠬᠤ ᠬᠡᠷᠡᠭᠲᠡᠢ᠄      ︵ᠨᠢᠭᠡ︶ ᠲᠦᠯᠦᠪᠵᠢᠭᠦᠯᠬᠦ ᠪᠣᠶᠣ ᠪᠦᠳᠦᠭᠡᠨ ᠪᠠᠶᠢᠭᠤᠯᠬᠤ ᠲᠦᠷᠦᠯ ᠵᠦᠢᠯ ᠤᠨ ᠲᠦᠢᠮᠤ ᠪᠠᠶᠢᠳᠠᠯ︔      ︵ᠬᠤᠶᠠᠷ︶ ᠰᠠᠭᠤᠷᠢ ᠮᠠᠲ᠋ᠧᠷᠢᠶᠠᠯ ᠤᠨ ᠢᠷᠡᠯᠳᠡ ᠵᠢᠴᠢ ᠲᠦᠯᠦᠭᠡᠯᠡᠬᠦ ᠴᠢᠨᠠᠷ᠂ ᠪᠣᠯᠣᠮᠵᠢᠳᠤ ᠴᠢᠨᠠᠷ ᠤᠨ ᠲᠣᠳᠣᠷᠬᠠᠶᠢᠯᠠᠯ᠂ ᠲᠣᠬᠠᠢ ᠶᠢᠨ ᠲᠠᠯᠠᠪᠠᠢ ᠶᠢᠨ ᠬᠠᠶᠢᠨ ᠬᠡᠮᠵᠢᠯᠳᠡ ᠪᠠᠷ ᠲᠠᠮᠵᠢᠨ ᠤᠯᠤᠭᠰᠡᠨ ᠮᠠᠲ᠋ᠧᠷᠢᠶᠠᠯ᠂ ᠪᠠᠰᠠ ᠬᠠᠶᠢᠨ ᠬᠡᠮᠵᠢᠬᠦ ᠪᠠᠭᠠᠵᠢ᠂ ᠬᠠᠶᠢᠨ ᠬᠡᠮᠵᠢᠬᠦ ᠠᠷᠭ᠎ᠠ ᠪᠣᠯᠣᠨ ᠬᠠᠶᠢᠨ ᠬᠡᠮᠵᠢᠬᠦ ᠣᠷᠴᠢᠨ ᠲᠣᠭᠤᠷᠢᠨ ᠳᠤ ᠲᠣᠳᠣᠷᠬᠠᠶᠢᠯᠠᠯ ᠬᠢᠬᠦ ᠬᠡᠷᠡᠭᠲᠠᠢ︔      ︵ᠭᠤᠷᠪᠠ︶ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠦᠨᠳᠤᠰᠤᠯᠡᠯ ᠪᠣᠯᠭᠠᠭᠰᠠᠨ ᠪᠠᠷᠢᠮᠵᠢᠶ᠎ᠠ᠂ ᠵᠢᠷᠣᠮᠵᠢᠯ᠂ ᠲᠦᠷᠢᠮ ᠲᠤᠬᠳᠠᠭᠠᠯ ᠪᠠ ᠠᠷᠭ᠎ᠠ︔      ︵ᠲᠦᠷᠪᠡ︶ ᠲᠦᠯᠦᠪᠵᠢᠭᠦᠯᠬᠦ ᠪᠣᠶᠣ ᠪᠦᠳᠦᠭᠡᠨ ᠪᠠᠶᠢᠭᠤᠯᠬᠤ ᠲᠦᠷᠦᠯ ᠵᠦᠢᠯ ᠤᠨ ᠪᠠᠶᠢᠭ᠎ᠠ ᠣᠷᠣᠨ ᠪᠦᠰᠡ ᠎ ᠶᠢᠨ ᠠᠭᠤᠷ ᠠᠮᠢᠰᠬᠤᠯ ᠤᠨ ᠠᠬᠤᠢ ᠪᠠᠶᠢᠳᠠᠯ ᠤᠨ ᠵᠠᠳᠠᠯᠤᠯᠳᠠ︔      ︵ᠲᠠᠪᠤ︶ ᠴᠠᠭ ᠠᠭᠤᠷ ᠤᠨ ᠭᠠᠢ ᠭᠠᠮᠰᠢᠭ ᠤᠨ ᠠᠶᠣᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠳᠡ︔      ︵ᠵᠢᠷᠭᠤᠭ᠎ᠠ︶ ᠨᠦᠯᠦᠭᠡᠯᠡᠯ ᠢ ᠤᠷᠢᠳᠴᠢᠯᠠᠨ ᠰᠡᠷᠭᠡᠶᠢᠯᠡᠬᠦ ᠪᠣᠶᠤ ᠬᠦᠩᠭᠡᠷᠡᠭᠦᠯᠬᠦ ᠳᠤ ᠠᠷᠭᠠᠴᠠᠨ ᠬᠠᠷᠢᠭᠤᠴᠠᠬᠤ ᠠᠷᠭ᠎ᠠ ᠪᠣᠯᠣᠨ ᠰᠠᠨᠠᠭᠤᠯᠭ᠎ᠠ︔      ︵ᠲᠣᠯᠤᠭ᠎ᠠ︶ ᠨᠣᠳᠠᠯᠠᠯ ᠤᠨ ᠦᠷ᠎ᠡ ᠳ᠋ᠦᠩ ᠪᠣᠯᠣᠨ ᠬᠡᠷᠡᠭᠯᠡᠭᠡᠨ ᠤ ᠴᠢᠨᠠᠷ ᠲᠠᠢ ᠲᠣᠳᠣᠷᠬᠠᠶᠢᠯᠠᠯ᠃     ᠭᠤᠴᠢᠨ ᠭᠤᠷᠪᠠᠳᠤᠭᠠᠷ ᠵᠦᠢᠯ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠭᠰᠡᠨ ᠪᠠᠶᠢᠭᠤᠯᠤᠮᠵᠢ ᠨᠢ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠪᠠᠨ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠠᠢ᠃ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠢ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠶᠢ ᠭᠠᠷᠳᠠᠭᠰᠠᠨ ᠡᠳᠣᠷ ᠠᠴᠠ ᠡᠬᠢᠯᠡᠨ ᠭᠤᠴᠢᠨ ᠡᠳᠣᠷ ᠤᠨ ᠲᠣᠳᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠲᠦᠯᠦᠭᠡᠯᠡᠭᠴᠢ ᠪᠣᠯᠣᠨ ᠲᠤᠰᠬᠠᠢ ᠮᠡᠷᠭᠡᠵᠢᠯᠳᠡᠨ ᠢ ᠴᠣᠭᠯᠠᠭᠤᠯᠤᠨ ᠬᠢᠨᠠᠨ ᠲᠤᠭᠳᠠᠭᠠᠬᠤ ᠲᠣᠭᠤᠶᠢᠯᠠᠩ ᠪᠠᠶᠢᠭᠤᠯᠵᠤ᠂ ᠲᠦᠯᠦᠪᠵᠢᠭᠦᠯᠬᠦ ᠪᠣᠶᠣ ᠪᠦᠳᠦᠭᠡᠨ ᠪᠠᠶᠢᠭᠤᠯᠬᠤ ᠲᠦᠷᠦᠯ ᠵᠦᠢᠯ ᠤᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠳᠤ ᠬᠢᠨᠠᠨ ᠲᠤᠭᠳᠠᠭᠠᠯᠳᠠ ᠬᠢᠵᠤ᠂ ᠬᠢᠨᠠᠨ ᠲᠤᠭᠳᠠᠭᠠᠬᠤ ᠲᠣᠭᠤᠶᠢᠯᠠᠩ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠡᠰᠢᠭᠦᠨ ᠢᠶᠠᠷ ᠭᠠᠷ ᠤᠨ ᠦᠰᠦᠭ ᠵᠢᠷᠤᠭᠤᠯᠵᠤ ᠵᠦᠪᠰᠢᠶᠡᠷᠡᠭᠦᠯᠦᠭᠡᠳ᠂ ᠬᠢᠨᠠᠨ ᠲᠤᠭᠳᠠᠭᠠᠬᠤ ᠲᠣᠭᠤᠶᠢᠯᠠᠩ ᠠᠴᠠ ᠬᠢᠨᠠᠨ ᠲᠤᠭᠳᠠᠭᠠᠭᠰᠠᠨ ᠰᠠᠨᠠᠯ ᠢᠶᠠᠨ ᠪᠢᠴᠢᠵᠦ ᠭᠠᠷᠭᠠᠬᠤ ᠬᠡᠷᠡᠭᠲᠡᠢ᠃      ᠭᠤᠴᠢᠨ ᠳᠦᠷᠪᠡᠳᠤᠭᠡᠷ ᠵᠦᠢᠯ ᠬᠤᠳᠡ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠨᠢᠭᠡᠴᠡ ᠨᠦᠭᠦᠳ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠬᠳᠠᠭᠠᠯᠭᠠᠵᠦ ᠪᠠᠳᠣᠯᠠᠭᠰᠠᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠶᠢ ᠨᠢ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠰᠠᠭᠤᠷᠢ ᠮᠠᠲ᠋ᠧᠷᠢᠶᠠᠯ ᠪᠣᠯᠭᠠᠬᠤ ᠬᠡᠷᠡᠭᠲᠡᠢ᠃      ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠭᠠᠷᠴᠠᠭ ᠲᠤ ᠣᠷᠤᠭᠤᠯᠤᠭᠰᠠᠨ ᠪᠦᠳᠦᠭᠡᠨ ᠪᠠᠶᠢᠭᠤᠯᠬᠤ ᠲᠦᠷᠦᠯ ᠵᠦᠢᠯ ᠳᠤ ᠪᠣᠯ᠂ ᠪᠦᠳᠦᠭᠡᠨ ᠪᠠᠶᠢᠭᠤᠯᠬᠤ ᠨᠢᠭᠡᠴᠡ ᠨᠦᠭᠦᠳ ᠤᠨ ᠪᠣᠯᠤᠮᠵᠢᠳᠤ ᠴᠢᠨᠠᠷ ᠲᠠᠢ ᠰᠣᠳᠤᠯᠭᠠᠨ ᠤ ᠮᠡᠳᠡᠭᠦᠯᠦᠯᠳᠡ ᠪᠠᠨ ᠮᠡᠳᠡᠭᠦᠯᠦᠨ ᠬᠦᠷᠭᠡᠬᠦ ᠦᠶ᠎ᠠ ᠳᠤ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠬᠳᠠᠭᠠᠯᠭᠠᠵᠦ ᠪᠠᠳᠣᠯᠠᠭᠰᠠᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠶᠢ ᠳᠠᠭᠠᠯᠳᠣᠭᠤᠯᠬᠤ ᠬᠡᠷᠡᠭᠲᠡᠢ᠃      ᠲᠠᠪᠤᠳᠤᠭᠠᠷ ᠪᠦᠯᠦᠭ ᠬᠠᠣᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠲᠠᠪᠣᠳᠤᠭᠠᠷ ᠵᠦᠢᠯ ᠲᠣᠰ ᠠᠷᠭ᠎ᠠ ᠶᠢᠨ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠣᠯ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠣᠯᠢ︾ ᠵᠡᠷᠭᠡ ᠬᠤᠯᠪᠤᠭᠳᠠᠯ ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠳᠤ ᠨᠢᠭᠡᠨᠳᠡ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠲᠣᠭᠳᠠᠭᠠᠯ ᠭᠠᠷᠭᠠᠭᠰᠠᠨ ᠪᠠᠶᠢᠪᠠᠯ ᠲᠡᠷᠡ ᠲᠣᠭᠲᠠᠭᠠᠯ ᠢᠶᠠᠷ ᠭᠦᠢᠴᠡᠳᠭᠡᠨ᠎ᠡ᠃      ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠪᠣᠯᠣᠨ ᠪᠣᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠠᠵᠢᠯᠳᠠᠳ ᠨᠢ ᠲᠣᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠲᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠤᠭᠴᠢ ᠪᠤᠯᠤᠨ ᠪᠣᠰᠣᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠣᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠣᠯ᠂ ᠬᠠᠣᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔      ︵ᠨᠢᠭᠡ︶ ᠲᠤᠭᠳᠠᠭᠠᠯ ᠶᠤᠰᠤᠭᠠᠷ ᠠᠭᠤᠷ ᠠᠮᠢᠰᠬᠤᠯ ᠤᠨ ᠡᠬᠢ ᠪᠠᠶᠠᠯᠢᠭ ᠢ ᠶᠡᠷᠦᠩᠬᠡᠶᠢᠯᠡᠨ ᠪᠠᠶᠢᠴᠠᠭᠠᠵᠤ᠂ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠭᠰᠠᠨ ᠦᠭᠡᠢ︔      ︵ᠬᠤᠶᠠᠷ︶ ᠲᠣᠭᠲᠠᠭᠠᠯ ᠶᠣᠰᠤᠭᠠᠷ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠭᠰᠠᠨ ᠦᠭᠡᠢ︔      ︵ᠭᠤᠷᠪᠠ︶ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠬᠡᠪᠴᠢᠶᠡᠨ ᠳᠣᠲᠣᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ ᠡᠪᠳᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠬᠤ ᠶᠢ ᠳᠤᠷ᠎ᠠ ᠪᠠᠷ ᠢᠶᠠᠨ ᠵᠦᠪᠰᠢᠶᠡᠷᠡᠭᠰᠡᠨ︔      ︵ᠲᠦᠷᠪᠠ︶ ᠡᠷᠬᠡ ᠲᠣᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠷᠠᠨ ᠣᠰᠤᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠦᠷᠢᠴᠡᠭᠰᠡᠨ ᠪᠣᠰᠣᠳ ᠦᠢᠯᠡ ᠠᠵᠢᠯᠯᠠᠭ᠎ᠠ᠃      ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ      ᠭᠤᠴᠢᠨ ᠳᠣᠯᠣᠳᠣᠭᠠᠷ ᠵᠦᠢᠯ ᠲᠣᠰ ᠠᠷᠭ᠎ᠠ ᠳᠠᠬᠢ ᠳᠣᠣᠷ᠎ᠠ ᠵᠢᠭᠰᠠᠭᠠᠭᠰᠠᠨ ᠦᠭᠡᠰ ᠤᠨ ᠤᠳᠬ᠎ᠠ ᠨᠢ ᠪᠣᠯ᠄      ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠭᠡᠳᠡᠭ ᠨᠢ ᠴᠠᠭ ᠠᠭᠤᠷ ᠤᠨ ᠪᠠᠭᠠᠵᠢ ᠬᠡᠮᠵᠢᠶᠡᠯᠡᠪᠤᠷᠢ ᠪᠠ ᠬᠡᠮᠵᠢᠭᠦᠷᠯᠢᠭ ᠵᠡᠷᠭᠡ ᠠᠵᠢᠭᠯᠠᠨ ᠬᠡᠮᠵᠢᠬᠦ ᠪᠡᠯᠡᠳᠭᠡᠮᠵᠢ᠂ ᠲᠦᠬᠦᠭᠡᠷᠤᠮᠵᠢ ᠶᠢ ᠠᠰᠢᠭᠯᠠᠨ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠮᠢᠶ᠎ᠠ ᠪᠦᠬᠦᠢ ᠴᠠᠭ ᠠᠭᠤᠷ ᠤᠨ ᠬᠦᠴᠦᠨ ᠵᠦᠢᠯ ᠪᠣᠯᠣᠨ ᠦᠵᠡᠭᠳᠡᠯ ᠵᠡᠷᠭᠡ ᠳᠤ ᠰᠢᠰᠲ᠋ᠧᠮ ᠲᠠᠢ ᠠᠵᠢᠭᠯᠠᠬᠤ᠂ ᠬᠡᠮᠵᠢᠶᠡᠯᠡᠬᠦ ᠪᠠ ᠲᠦᠰᠦᠭᠡᠯᠡᠨ ᠪᠤᠳᠤᠬᠤ ᠠᠵᠢᠯᠯᠠᠭ᠎ᠠ ᠬᠢᠭᠰᠡᠨ ᠢ ᠵᠢᠭᠠᠵᠤ ᠪᠤᠢ᠃      ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠭᠡᠳᠡᠭ ᠨᠢ ᠰᠢᠨᠵᠢᠯᠡᠬᠦ ᠤᠬᠠᠭᠠᠨᠴᠢ ᠠᠷᠭ᠎ᠠ ᠪᠠᠷᠢᠯ ᠪᠣᠯᠣᠨ ᠠᠷᠭ᠎ᠠ ᠶᠢ ᠬᠡᠷᠡᠭᠯᠡᠨ᠂ ᠠᠭᠤᠷ ᠠᠮᠢᠰᠬᠤᠯ ᠤᠨ ᠨᠦᠬᠦᠴᠡᠯ ᠯᠦᠭᠡ ᠨᠢᠭᠲᠠ ᠬᠤᠯᠪᠣᠭᠳᠠᠬᠤ ᠲᠦᠯᠦᠪᠵᠢᠭᠦᠯᠭᠡ ᠪᠤᠯᠤᠨ ᠪᠦᠳᠦᠭᠡᠨ ᠪᠠᠶᠢᠭᠤᠯᠬᠤ ᠲᠦᠷᠦᠯ ᠵᠦᠢᠯ ᠳᠤ ᠴᠠᠭ ᠠᠭᠤᠷ ᠤᠨ ᠲᠣᠬᠢᠷᠠᠮᠵᠢᠲᠤ ᠴᠢᠨᠠᠷ᠂ ᠲᠦᠭᠰᠢᠭᠦᠷᠢᠲᠦ ᠴᠢᠨᠠᠷ ᠵᠢᠴᠢ ᠬᠡᠰᠡᠭ ᠭᠠᠵᠠᠷ ᠤᠷᠤᠨ ᠤ ᠠᠭᠤᠷ ᠠᠮᠢᠰᠬᠤᠯ ᠢ ᠨᠦᠯᠦᠭᠡᠯᠡᠵᠤ ᠮᠡᠳᠡᠬᠦ ᠵᠠᠳᠠᠯᠤᠯᠳᠠ᠂ ᠦᠨᠡᠯᠡᠨ ᠵᠢᠱᠢᠯᠳᠠ ᠶᠢᠨ ᠠᠵᠢᠯᠯᠠᠭ᠎ᠠ ᠬᠢᠬᠦ ᠶᠢ ᠵᠢᠭᠠᠵᠤ ᠪᠤᠢ᠃     ᠭᠤᠴᠢᠨ ᠨᠠᠢᠮᠠᠳᠤᠭᠠᠷ ᠵᠦᠢᠯ ᠲᠣᠰ ᠠᠷᠭ᠎ᠠ ᠶᠢ 2015 ᠣᠨ ᠤ 8 ᠳ᠋ᠤᠭᠠᠷ ᠰᠠᠷ᠎ᠠ ᠶᠢᠨ 1᠎ ᠤ ᠡᠳᠤᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号