ᠠᠨᠳᠠᠢ ᠪᠦᠵᠢᠭ ᠢᠶᠠᠨ ᠪᠦᠵᠢᠭᠯᠡᠵᠦ ︽6 · 1︾᠎ ᠢᠶᠠᠨ ᠪᠡᠯᠭᠡᠯᠡᠪᠡ  ᠠᠢ ᠯᠢ ᠬᠤᠸᠠ ᠪᠢᠴᠢᠬᠠᠨ ᠨᠠᠶᠢᠵᠢ ᠨᠠᠷ ᠲᠠᠢ ᠬᠠᠮᠲᠤ ᠬᠡᠤᠬᠡᠳ ᠤᠨ ᠪᠠᠶᠠᠷ ᠢ ᠪᠡᠯᠭᠡᠯᠡᠵᠡᠢ
ᠨᠡᠶᠢᠲᠡᠯᠡᠭᠰᠡᠨ ᠴᠠᠭ᠄
2018/6/4
     6 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠡᠮᠤᠨ᠎ᠠ᠂ ᠬᠦᠬᠡᠬᠤᠳᠠ ᠶᠢᠨ ᠮᠤᠩᠭᠤᠯ ᠦᠨᠳᠦᠰᠦᠳᠡᠨ ᠎ ᠤ ᠬᠡᠥᠬᠡᠳ ᠤᠨ ᠴᠡᠴᠡᠷᠯᠢᠭ ᠤᠨ ᠡᠮᠤᠨ᠎ᠡ ᠳᠤᠭᠤᠷᠢᠭ ᠲᠤ᠂ ᠦᠨᠳᠦᠰᠦᠳᠡᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠬᠰᠠᠨ 150 ᠭᠠᠷᠤᠢ ᠮᠤᠩᠭᠤᠯ ᠦᠨᠳᠦᠰᠦᠳᠡᠨ ᠤ ᠪᠢᠴᠢᠬᠠᠨ ᠨᠠᠶᠢᠵᠢ ᠨᠠᠷ ᠪᠠᠶᠠᠷ ᠪᠠᠶᠠᠰᠤᠯᠳᠠᠢ ᠪᠠᠷ ᠠᠨᠳᠠᠢ ᠪᠦᠵᠢᠭ ᠪᠦᠵᠢᠭᠯᠡᠵᠦ ᠪᠠᠶᠢᠯ᠎ᠠ᠃ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠠᠳᠡ ᠬᠦᠷᠦᠯᠴᠡᠨ ᠢᠷᠡᠵᠥ ᠬᠡᠤᠬᠡᠳ ᠤᠳ ᠲᠠᠢ ᠬᠠᠮᠳᠤ ︽6 · 1︾᠎ ᠤ ᠳᠡᠯᠡᠬᠡᠢ ᠶᠢᠨ ᠬᠡᠥᠬᠡᠳ ᠤᠨ ᠪᠠᠶᠠᠷ ᠢ ᠪᠡᠯᠬᠡᠯᠡᠵᠡᠢ᠃      ᠠᠢ ᠯᠢ ᠬᠤᠸᠠ ᠨᠠᠷ ᠬᠡᠥᠬᠡᠳ ᠤᠨ ᠳᠤᠮᠳᠠ ᠤᠷᠤᠵᠥ᠂ ᠳᠡᠳᠡᠨᠡᠷ ᠲᠠᠢ ᠬᠠᠮᠳᠤ ᠪᠠᠶᠠᠷ ᠤᠨ ᠡᠳᠤᠷ ᠤᠨ ᠪᠠᠶᠠᠷ ᠪᠠᠭ᠋ᠠᠳᠤᠯ ᠢ ᠬᠤᠪᠢᠶᠠᠯᠴᠠᠨ᠎ᠠ᠃ ᠳᠡᠷᠡ ᠡᠩ ᠳᠡᠷᠢᠬᠦᠨ ᠳᠤ ᠬᠡᠥᠬᠡᠳ ᠤᠨ ᠴᠡᠴᠡᠷᠯᠢᠭ ᠤᠨ ᠳᠤᠮᠳᠠ ᠳᠦᠷᠪᠡᠳᠤᠬᠡᠷ ᠠᠩᠬᠢ ᠳᠤ ᠬᠦᠷᠴᠤ᠂ ᠠᠩᠬᠢ ᠳᠠᠭᠠᠨ ᠳᠤᠬᠯᠠᠭᠠᠮ ᠲᠤᠬᠯᠠᠵᠤ ᠪᠠᠶᠢᠭᠰᠠᠨ ᠪᠢᠴᠢᠬᠠᠨ ᠨᠠᠶᠢᠵᠢ ᠨᠠᠷ ᠤᠨ ᠲᠤᠭᠯᠠᠭᠠᠮ ᠳᠤ ᠤᠷᠤᠯᠴᠠᠵᠤ᠂ ᠴᠡᠴᠡᠷᠯᠢᠭ ᠤᠨ ᠪᠠᠭᠰᠢ ᠠᠴᠠ ᠬᠡᠥᠬᠡᠳ ᠤᠨ ᠡᠳᠤᠷ ᠳᠤᠳᠤᠮ ᠤᠨ ᠪᠠᠶᠢᠳᠠᠯ ᠢ ᠠᠰᠠᠭᠤᠨ ᠯᠠᠪᠯᠠᠬᠰᠠᠨ ᠪᠦᠬᠡᠳ ᠪᠢᠴᠢᠬᠠᠨ ᠨᠠᠶᠢᠵᠢ ᠨᠠᠷ ᠲᠤ ᠪᠠᠭᠠᠴᠤᠳ ᠬᠡᠥᠬᠡᠳ ᠤᠨ ᠪᠠᠶᠠᠷ ᠤᠨ ᠡᠳᠤᠷ ᠤᠨ ᠨᠠᠭᠠᠳᠤᠮ ᠤᠨ ᠵᠦᠢᠯ ᠪᠠ ᠪᠡᠯᠡᠭ ᠬᠦᠷᠬᠡᠪᠡ᠃ ᠳᠠᠷᠠᠭ᠎ᠠ ᠳᠤᠨᠢ᠂ ᠳᠡᠷᠡ ᠬᠡᠥᠬᠡᠳ ᠤᠨ ᠴᠡᠴᠡᠷᠯᠢᠭ ᠤᠨ ᠤᠯᠠᠨ ᠴᠢᠳᠠᠮᠵᠢᠳᠤ ᠳᠢᠩᠬᠢᠮ᠂ ᠨᠠᠷᠠᠨ ᠬᠡᠷᠡᠯᠳᠤ ᠳᠢᠩᠬᠢᠮ᠂ ᠪᠦᠳᠦᠬᠡᠯᠴᠢ ᠤᠷᠠᠨ ᠵᠢᠷᠤᠭ ᠤᠨ ᠦᠷᠦᠬᠡ᠂ ᠦᠷᠦᠭᠡ ᠳᠠᠬᠢ ᠬᠦᠳᠡᠯᠬᠡᠬᠡᠨ ᠤ ᠭᠠᠵᠠᠷ ᠵᠡᠷᠬᠡ ᠶᠢ ᠳᠤᠭᠤᠷᠢᠨ ᠦᠵᠡᠵᠥ᠂ ᠪᠠᠰᠠ ᠬᠡᠥᠬᠡᠳ ᠤᠨ ᠴᠡᠴᠡᠷᠯᠢᠭ ᠤᠨ ᠬᠤᠭᠤᠯᠠᠨ ᠳᠠᠩᠬᠢᠮ ᠳᠤ ᠬᠦᠷᠤᠯᠴᠠᠨ ᠢᠷᠡᠵᠥ᠂ ᠵᠠᠭᠤᠰᠢ ᠨᠤᠭᠤᠭ᠎ᠠ ᠬᠢᠵᠦ ᠪᠠᠶᠢᠭ᠎ᠠ ᠳᠠᠰᠤᠭ ᠵᠡᠷᠬᠡ ᠳᠤ ᠤᠷᠤᠵᠥ ᠪᠠᠭᠰᠢ ᠰᠤᠷᠤᠬᠴᠢᠳ ᠤᠨ ᠬᠤᠭᠤᠯᠠ ᠤᠮᠳᠠ ᠶᠢᠨ ᠪᠠᠶᠢᠳᠠᠯ ᠢ ᠠᠰᠠᠭᠤᠨ ᠯᠠᠪᠯᠠᠪᠠ᠃ ᠳᠠᠮᠢᠷ ᠤᠨ ᠳᠠᠯᠠᠪᠤᠷ ᠲᠤ᠂ ᠠᠢ ᠯᠢ ᠬᠤᠸᠠ ᠶᠠᠬ ᠦᠷᠨᠢᠬᠦᠯᠵᠥ ᠪᠠᠶᠢᠭᠰᠠᠨ ᠭᠡᠷ ᠤᠨ ᠠᠬᠠᠮᠠᠳ ᠤᠨ ᠬᠡᠦᠭᠡᠳ ᠲᠠᠢ ᠪᠠᠨ ᠬᠠᠮᠳᠤ ᠤᠷᠤᠯᠴᠠᠬᠰᠡᠨ ᠰᠤᠨᠢᠷᠬᠠᠯᠳᠠᠢ ᠳᠠᠮᠢᠷ ᠤᠨ ᠬᠦᠳᠡᠯᠬᠡᠬᠡᠨ ᠢ ᠦᠵᠡᠵᠥ᠂ ᠬᠡᠥᠬᠡᠳ ᠤᠳ ᠲᠠᠢ ᠬᠠᠮᠳᠤᠪᠡᠷ ᠳᠠᠮᠢᠷ ᠤᠨ ᠪᠠᠶᠠᠷ ᠪᠠᠭ᠋ᠠᠳᠤᠯ ᠢ ᠪᠡᠶᠡᠴᠢᠯᠡᠨ ᠦᠢᠯᠠᠭᠠᠬᠤ ᠶᠢᠨ ᠬᠠᠮᠳᠤ᠂ ᠱᠠᠩᠨᠠᠯ ᠤᠯᠤᠬᠰᠠᠨ ᠳᠤᠭᠤᠶᠢᠯᠠᠩ ᠳᠤ ᠱᠠᠩᠨᠠᠯ ᠭᠠᠷᠳᠠᠭᠤᠯᠪᠠ᠃ ᠬᠠᠮᠤᠭ ᠰᠡᠬᠦᠯ ᠳᠤ᠂ ᠳᠡᠷᠡ ᠬᠡᠥᠬᠡᠳ ᠤᠨ ᠴᠡᠴᠡᠷᠯᠢᠭ ᠤᠨ ᠪᠦᠬᠦ ᠪᠠᠭᠰᠢ ᠠᠵᠢᠯᠳᠠᠳ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ ᠳᠦᠯᠦᠬᠡ ᠤᠯᠠᠨ ᠬᠤᠪᠢ ᠨᠡᠮᠡᠷᠢ ᠦᠵᠡᠬᠦᠯᠬᠦ ᠶᠢ ᠵᠤᠷᠢᠭᠵᠢᠭᠤᠯᠤᠭᠰᠠᠨ ᠤ ᠬᠠᠮᠳᠤ ᠪᠤᠢ ᠪᠦᠬᠦᠢ ᠪᠢᠴᠢᠬᠠᠨ ᠨᠠᠶᠢᠵᠢ ᠨᠠᠷ ᠲᠤ ᠪᠠᠶᠠᠷ ᠤᠨ ᠡᠳᠤᠷ ᠤᠨ ᠵᠦᠩᠨᠡᠯ ᠳᠡᠪᠰᠢᠬᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号