ᠶᠡᠭᠡ ᠬᠢᠩᠭᠠᠨ ᠲᠠᠪᠠᠭ᠎ᠠ ᠶᠢᠨ ᠬᠤᠶᠠᠷ ᠭᠠᠵᠠᠷ ᠲᠤ ᠵᠠᠯᠭᠠᠪᠡᠷ ᠤᠢ ᠰᠢᠭᠤᠢ ᠶᠢᠨ ᠲᠦᠢᠮᠡᠷ ᠭᠠᠷᠪᠠ  ᠯᠢ ᠵᠢᠢ ᠾᠧᠩ ᠪᠦ᠋ ᠰᠢᠶᠤᠤ ᠯᠢᠨ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2018/6/4
     6 ᠳ᠋ᠤᠭᠠᠷ ᠰᠠᠷ᠎ᠠ ᠶᠢᠨ 3᠎ ᠤ ᠡᠳᠦᠷ᠂ ᠰᠤᠷᠪᠤᠯᠵᠢᠯᠠᠬᠴᠢ ᠦᠪᠦᠷ ᠮᠤᠩᠭᠤᠯ ᠤᠨ ᠶᠡᠭᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠢᠯᠤᠭᠤᠳᠬᠤ ᠭᠠᠵᠠᠷ ᠠᠴᠠ ᠤᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠶᠢᠨ 1᠎ ᠤ ᠡᠳᠦᠷ ᠪᠠ 2᠎ ᠤᠨ ᠡᠳᠦᠷ ᠶᠡᠭᠡ ᠬᠢᠩᠭᠠᠨ ᠲᠠᠪᠠᠭ᠎ᠠ ᠶᠢᠨ ᠬᠠᠨᠮᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ ᠬᠤᠶᠢᠲᠤ ᠬᠡᠰᠡᠭ ᠤᠨ ᠪᠠᠯᠠᠷ ᠤᠶᠢᠲᠤ ᠤᠷᠤᠨ ᠤ ᠴᠢᠴᠢᠶᠠᠨ ᠤᠢ ᠰᠢᠭᠤᠢ ᠶᠢᠨ ᠲᠤᠪᠴᠢᠶ᠎ᠠ ᠶᠢᠨ ᠠᠪᠠ ᠭᠤᠤᠯ ᠤᠢ ᠰᠢᠭᠤᠢ ᠶᠢᠨ ᠲᠠᠯᠠᠪᠠᠢ ᠳᠤ ᠵᠠᠯᠭᠠᠪᠠᠷ ᠤᠢ ᠰᠢᠭᠤᠢ ᠶᠢᠨ ᠲᠦᠢᠮᠡᠷ ᠭᠠᠷᠪᠠ᠃      ᠲᠦᠢᠮᠡᠷ ᠭᠠᠷᠤᠬᠰᠠᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠴᠤᠬᠤᠯᠠᠪᠤᠷᠢ ᠦᠭᠪᠡ᠃      ᠲᠤᠬᠠᠢ ᠶᠢᠨ ᠭᠠᠵᠠᠷ ᠤᠨ ᠭᠠᠯ ᠲᠦᠢᠮᠡᠷ ᠢ ᠰᠡᠷᠭᠡᠶᠢᠯᠡᠬᠦ ᠵᠢᠯᠤᠭᠤᠳᠬᠤ ᠰᠠᠯᠠᠭ᠎ᠠ ᠮᠦᠴᠢᠷ ᠤᠨ ᠬᠢᠨ ᠪᠦᠬᠦ ᠬᠦᠴᠦᠨ ᠢᠶᠠᠷ ᠢᠶᠠᠨ ᠲᠦᠢᠮᠡᠷ ᠢ ᠤᠨᠳᠠᠷᠠᠭᠠᠬᠤ ᠠᠵᠢᠯ ᠢ ᠵᠤᠬᠢᠶᠠᠨ ᠪᠠᠶᠢᠭᠤᠯᠵᠤ᠂ 6 ᠳ᠋ᠤᠭᠠᠷ ᠰᠠᠷ᠎ᠠ ᠶᠢᠨ 3᠎ ᠤ ᠦᠷᠯᠦᠭᠡ ᠪᠤᠯᠳᠠᠯ᠎ᠠ᠂ ᠤᠢ ᠰᠢᠭᠤᠢ ᠶᠢᠨ ᠲᠦᠢᠮᠡᠷ ᠢ ᠤᠨᠳᠠᠷᠠᠭᠠᠬᠤ ᠠᠩᠬᠢ᠂ ᠤᠢ ᠰᠢᠭᠤᠢ ᠶᠢᠨ ᠴᠠᠬᠳᠠᠭ᠎ᠠ 3900 ᠭᠠᠷᠤᠢ ᠬᠦᠮᠦᠨ ᠪᠤᠯᠤᠨ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠨᠢᠰᠭᠡᠯ᠂ ᠴᠡᠷᠢᠭ ᠵᠦᠭᠡᠭᠡᠪᠦᠷᠢᠯᠡᠭᠦ ᠮᠠᠰᠢᠨ ᠲᠡᠷᠬᠡ ᠵᠡᠷᠭᠡ ᠲᠤᠮᠤ ᠬᠡᠯᠪᠡᠷᠢ ᠶᠢᠨ ᠲᠦᠭᠦᠭᠡᠷᠦᠮᠵᠢ ᠶᠢ ᠲᠤᠬᠢᠷᠠᠭᠤᠯᠦᠨ ᠲᠦᠢᠮᠡᠷ ᠢ ᠤᠨᠳᠠᠷᠠᠭᠠᠵᠤ ᠪᠤᠢ᠃      ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠪᠠᠴᠢᠮ ᠴᠢᠬᠤᠯᠠ ᠬᠤᠭᠤᠴᠠᠭᠠᠨ ᠳᠤ ᠤᠷᠤᠬᠰᠠᠨ ᠠᠴᠠ ᠨᠠᠰᠢ᠂ ᠶᠡᠭᠡ ᠬᠢᠩᠭᠠᠨ ᠲᠠᠪᠠᠭ᠎ᠠ ᠶᠢᠨ ᠰᠢᠭᠤᠶᠢᠲᠤ ᠤᠷᠤᠨ ᠳᠤ ᠠᠭᠠᠬᠢᠮ᠎ᠠ ᠬᠠᠯᠠᠭᠤᠨ ᠦᠷᠬᠦᠯᠵᠢᠯᠡᠵᠤ ᠬᠤᠷ᠎ᠠ ᠲᠤᠨᠤᠳᠠᠰᠦ ᠴᠦᠭᠡᠨ ᠪᠠᠶᠢᠵᠤ᠂ ᠨᠡᠯᠢᠶᠡᠳ ᠤᠯᠠᠨ ᠭᠠᠵᠠᠷ ᠤᠨ ᠬᠠᠮᠤᠭ ᠤᠨ ᠦᠨᠳᠦᠷ ᠲᠤᠯᠠᠭᠠᠨ ᠤ ᠬᠡᠮᠵᠢᠶ᠎ᠠ 35 ᠭᠷᠠᠳᠦ᠋ᠰ ᠢ ᠲᠠᠪᠠᠨ ᠲᠡᠤᠭᠡ ᠶᠢᠨ ᠠᠳᠠᠯᠢ ᠬᠤᠭᠤᠴᠠᠭᠠᠨ ᠤ ᠬᠠᠮᠤᠭ ᠤᠨ ᠦᠨᠳᠦᠷ ᠬᠡᠮᠵᠢᠶ᠎ᠠ ᠠᠴᠠ ᠲᠠᠪᠠᠪᠠ᠃ ᠡᠭᠦᠨ ᠤ ᠲᠡᠭᠡᠷ᠎ᠠ ᠠᠶᠤᠩᠭ᠎ᠠ ᠴᠠᠬᠢᠯᠭᠠᠨ ᠤᠯᠠᠰᠢᠷᠠᠵᠤ᠂ ᠠᠶᠤᠩᠭ᠎ᠠ ᠨᠢᠷᠬᠡᠯᠳᠡ ᠠᠴᠠ ᠪᠤᠯᠤᠭᠰᠠᠨ ᠭᠠᠯ ᠲᠦᠢᠮᠡᠷ ᠠᠮᠠᠷᠬᠠᠨ ᠡᠭᠦᠰᠭᠦ ᠬᠤᠭᠤᠴᠠᠭᠠᠨ ᠳᠤ ᠤᠷᠤᠵᠤ᠂ ᠲᠦᠢᠮᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠤᠴᠢᠳᠠᠢ ᠪᠤᠯᠵᠠᠢ᠃ ᠬᠠᠨᠮᠠ ᠪᠤᠯᠤᠨ ᠠᠪᠠ ᠭᠤᠤᠯ ᠲᠦᠢᠮᠡᠷ ᠤᠨ ᠲᠠᠯᠠᠪᠠᠢ ᠶᠢᠨ ᠭᠠᠵᠠᠷ ᠤᠨ ᠪᠠᠶᠢᠴᠠ ᠪᠤᠳᠤᠯᠢᠶᠠᠨᠳᠠᠢ᠂ ᠪᠤᠶᠢᠳᠠ ᠪᠦᠭᠯᠡᠭᠦᠦ ᠵᠠᠮ ᠦᠭᠡᠢ ᠮᠦᠷᠳᠡᠬᠡᠨ ᠤᠷᠭᠤᠮᠠᠯ ᠤᠨ ᠬᠤᠴᠢᠯᠭ᠎ᠠ ᠢᠬᠴᠤ ᠰᠠᠬᠤᠯᠢᠭ ᠪᠠᠶᠢᠵᠤ᠂ ᠴᠡᠷᠢᠭ ᠵᠦᠭᠡᠭᠡᠪᠦᠷᠢᠯᠡᠭᠦ ᠳᠤ ᠮᠠᠰᠢ ᠲᠦᠪᠡᠭᠳᠡᠢ ᠪᠠᠶᠢᠨ᠎ᠠ᠃      ᠤᠶᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠨᠢᠭᠡᠨᠳᠡ ᠬᠦᠢᠴᠡᠳ ᠪᠠᠯᠡᠳᠭᠡᠯ ᠬᠢᠵᠤ᠂ ᠴᠠᠭ ᠠᠭᠤᠷ ᠤᠨ ᠨᠦᠬᠦᠴᠡᠯ ᠪᠦᠷᠢᠯᠳᠦᠭᠰᠡᠭᠡᠷ ᠲᠦᠢᠮᠡᠷ ᠤᠨ ᠲᠠᠯᠠᠪᠠᠢ ᠳᠤ ᠬᠦᠮᠦᠨ ᠤ ᠬᠦᠴᠦ ᠪᠠᠷ ᠪᠤᠷᠤᠭᠠᠨ ᠨᠡᠮᠡᠵᠤ ᠤᠷᠤᠭᠤᠯᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号