ᠯᠢ ᠵᠢᠢ ᠾᠧᠩ᠄ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠴᠢᠩᠭ᠎ᠠ ᠠᠴᠠ ᠴᠢᠩᠭ᠎ᠠ ᠪᠤᠳᠠᠳᠠᠢ ᠠᠴᠠ ᠪᠤᠳᠠᠳᠠᠢ ᠪᠠᠷ ᠬᠦᠨᠵᠡᠭᠡᠶᠢᠷᠡᠭᠦᠯᠦᠨ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018/6/4
      6 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠭᠦ ᠤᠳᠤᠷᠢᠳᠬᠤ ᠲᠤᠭᠤᠶᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠶᠠᠳᠠᠭᠤ ᠶᠢ ᠲᠡᠳᠭᠦᠭᠦ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠢᠶᠠᠨ ᠨᠡᠶᠢᠳᠡᠪᠦᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠴᠢᠩᠭ᠎ᠠ ᠠᠴᠠ ᠴᠢᠩᠭ᠎ᠠ᠂ ᠪᠤᠳᠠᠳᠠᠢ ᠠᠴᠠ ᠪᠤᠳᠠᠳᠠᠢ ᠪᠠᠷ ᠬᠦᠨᠵᠡᠭᠡᠶᠢᠷᠡᠭᠦᠯᠦᠨ ᠠᠬᠢᠭᠤᠯᠬᠤ ᠬᠡᠷᠡᠭᠳᠡᠢ ᠬᠡᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠽᠧᠩ ᠢ ᠴᠦᠨ᠂ ᠯᠦᠸᠧ ᠶᠦᠩ ᠭᠠᠩ ᠬᠤᠷᠠᠯ ᠳᠤ ᠤᠷᠤᠯᠴᠠᠵᠠᠢ᠃      ᠬᠤᠷᠠᠯ ᠠᠴᠠ ᠸᠠᠩ ᠶᠠᠩ ᠨᠦᠬᠦᠷ ᠤᠨ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠴᠤᠬᠤᠯᠠᠪᠤᠷᠢ ᠪᠤᠯᠤᠨ ᠬᠤ᠋ ᠴᠦᠨ ᠬᠤᠸᠠ ᠨᠦᠬᠦᠷ ᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠢᠮᠳᠠᠭᠤᠯᠤᠨ ᠪᠠᠶᠢᠴᠠᠭᠠᠬᠤ ᠴᠠᠬᠳᠠᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠳᠡᠭᠡᠷ᠎ᠡ ᠬᠡᠯᠡᠭᠰᠡᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽︿ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠭᠦᠭᠦ ᠬᠠᠮᠵᠢᠯᠴᠠᠭ᠎ᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠭᠤᠷᠪᠠᠨ ᠵᠢᠯ ᠤᠨ ᠠᠵᠢᠯᠯᠠᠭᠠᠨ ᠤ ᠪᠦᠳᠦᠬᠦᠪᠴᠢ ᠬᠡᠯᠡᠯᠴᠡᠭᠡᠷ ﹀᠎ ᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠡᠷᠡᠭᠵᠢᠭᠦᠯᠭᠦ ᠲᠦᠰᠦᠯ ︵2018 — 2020 ᠣᠨ︶︾᠂ ︽ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠭᠦ ᠪᠡᠯᠡ ᠮᠦᠩᠭᠦ ᠶᠢᠨ ᠬᠡᠷᠡᠭᠯᠡᠭᠡ ᠬᠠᠮᠢᠶᠠᠷᠤᠯᠳᠠ ᠶᠢ ᠴᠢᠨᠠᠬᠰᠢᠳᠠ ᠴᠢᠩᠭᠠᠳᠬᠠᠬᠤ ᠲᠤᠬᠠᠢ ᠰᠠᠨᠠᠯ︾᠎ ᠢ ᠶᠠᠷᠢᠯᠴᠠᠵᠦ ᠪᠠᠳᠤᠯᠠᠪᠠ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠡᠯᠳᠡ ᠶᠢ ᠤᠯᠬᠤ ᠨᠢ ᠲᠤᠬᠳᠠᠬᠰᠠᠨ ᠴᠠᠭ ᠲᠠᠭᠠᠨ ᠴᠢᠨᠡᠭᠡᠯᠢᠭ ᠨᠡᠶᠢᠭᠡᠮ ᠢ ᠪᠡᠶᠡᠯᠡᠭᠦᠯᠭᠦ᠂ ᠨᠢᠭᠡᠳᠦᠭᠡᠷ ᠵᠠᠭᠤᠨ ᠵᠢᠯ ᠤᠨ ᠲᠡᠮᠡᠴᠡᠭᠦ ᠬᠠᠷᠠᠯᠳᠠ ᠶᠢ ᠪᠡᠶᠡᠯᠡᠭᠦᠯᠭᠦ ᠳᠤ ᠴᠦᠮ ᠰᠢᠢᠳᠪᠦᠷᠢᠯᠡᠭᠴᠢ ᠴᠢᠨᠠᠷᠳᠠᠢ ᠠᠴᠢ ᠬᠤᠯᠪᠤᠬᠳᠠᠯ ᠲᠠᠢ ᠶᠤᠮ᠃ ᠡᠨᠡᠭᠦ ᠬᠠᠳᠠᠭᠤ ᠲᠠᠶᠢᠯᠠᠯᠳᠤᠭᠠᠨ ᠢ ᠰᠠᠶᠢᠳᠤᠷ ᠬᠢᠵᠤ ᠢᠯᠠᠯᠳᠠ ᠤᠯᠵᠤ ᠲᠠᠶᠢᠯᠬᠦ ᠡᠰᠡᠭᠦ ᠨᠢ ᠴᠢᠳᠠᠪᠤᠷᠢ ᠪᠤᠯᠤᠨ ᠲᠦᠪᠰᠢᠨ ᠢ ᠰᠢᠯᠭᠠᠵᠤ ᠪᠠᠶᠢᠬᠤ ᠮᠦᠷᠳᠡᠭᠡᠨ ᠨᠡᠩ ᠴᠤ ᠦᠨᠡᠨᠴᠢ ᠰᠢᠳᠤᠷᠭᠤ ᠪᠤᠯᠤᠨ ᠬᠠᠷᠢᠭᠤᠴᠠᠯᠭ᠎ᠠ ᠡᠭᠦᠷᠭᠡᠯᠡᠯ ᠢ ᠰᠢᠯᠭᠠᠵᠤ ᠪᠤᠢ᠃ ᠡᠯ᠎ᠠ ᠱᠠᠳᠤᠨ ᠤ ᠬᠢᠨ ᠦᠵᠡᠯ ᠰᠠᠨᠠᠭ᠎ᠠ ᠲᠠᠨᠢᠯᠳᠠ ᠪᠠᠨ ᠴᠢᠨᠠᠬᠰᠢᠳᠠ ᠬᠦᠨᠵᠡᠭᠡᠶᠢᠷᠡᠭᠦᠯᠦᠨ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠢᠴᠢᠭᠦᠷᠢ ᠶᠢ ᠮᠡᠳᠡᠨ ᠵᠤᠷᠢᠬᠳᠠᠢ ᠪᠠᠷ ᠤᠷᠤᠬᠰᠢᠯᠠᠵᠤ ᠬᠦᠨᠳᠦ ᠡᠭᠦᠷᠭᠡ ᠶᠢ ᠡᠭᠦᠷᠭᠡᠯᠡᠨ ᠤᠷᠤᠬᠰᠢᠯᠠᠵᠤ᠂ ᠬᠠᠳᠠᠭᠤ ᠵᠤᠷᠢᠭ ᠰᠢᠭᠤᠳᠤᠨ ᠪᠣᠴᠠᠰᠢ ᠦᠭᠡᠢ ᠪᠠᠷ ᠲᠡᠮᠡᠴᠡᠭᠦ ᠬᠡᠷᠡᠭᠳᠡᠢ᠃ ᠲᠤᠰᠬᠤᠨ ᠳᠤ ᠰᠠᠭᠤᠵᠤ ᠶᠠᠳᠠᠭᠤ ᠶᠢ ᠲᠡᠳᠭᠦᠭᠦ ᠠᠵᠢᠯ ᠢ ᠴᠢᠨᠠᠬᠰᠢᠳᠠ ᠴᠢᠩᠭᠠᠷᠠᠭᠤᠯᠤᠨ᠂ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠰᠢᠯᠢᠳᠡᠭᠵᠢᠭᠦᠯᠦᠨ ᠬᠦᠴᠦᠷᠭᠡᠭᠵᠢᠭᠦᠯᠬᠦ᠂ ᠲᠤᠰᠬᠳ ᠳᠤ ᠢᠳᠡᠵᠤ ᠤᠤᠭᠤᠨ ᠬᠤᠨᠤᠵᠤ ᠬᠡᠪᠳᠡᠬᠦ᠂ ᠪᠡᠶ᠎ᠠ ᠰᠡᠳᠬᠢᠯ ᠢᠶᠠᠨ ᠲᠦᠪᠯᠡᠷᠡᠭᠦᠯᠭᠦ ᠶᠢ ᠦᠨᠡᠨᠬᠦ ᠪᠠᠳᠤᠯᠠᠬᠤ ᠬᠡᠷᠡᠭᠳᠡᠢ᠃ ᠠᠵᠢᠯ ᠤᠨ ᠬᠠᠷᠢᠭᠤᠴᠠᠯᠭ᠎ᠠ ᠪᠠᠨ ᠴᠢᠨᠠᠬᠰᠢᠳᠠ ᠪᠤᠳᠠᠳᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠡᠷᠴᠢᠮᠳᠡᠢ ᠠᠬᠢᠭᠤᠯᠦᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠤᠬᠳᠠᠬᠰᠠᠨ ᠴᠠᠭ ᠲᠠᠭᠠᠨ ᠪᠡᠶᠡᠯᠡᠭᠦᠯᠭᠦ ᠶᠢ ᠦᠨᠡᠨᠬᠦ ᠪᠠᠳᠤᠯᠠᠬᠤ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠎ ᠶᠢᠨ ᠬᠠᠮᠳᠤᠷᠠᠯ ᠬᠦᠴᠦᠨ ᠢ ᠴᠢᠨᠠᠬᠰᠢᠳᠠ ᠨᠢᠬᠳᠠᠷᠠᠭᠤᠯᠦᠨ᠂ ᠶᠠᠳᠠᠭᠤ ᠶᠢ ᠲᠡᠳᠭᠦᠭᠦ ᠡᠭᠦᠷᠭᠡ ᠶᠢ ᠡᠭᠦᠷᠭᠡᠯᠡᠵᠤ ᠪᠦᠬᠦᠢ ᠪᠠᠶᠢᠭᠤᠯᠭ᠎ᠠ᠂ ᠰᠠᠯᠠᠭ᠎ᠠ ᠮᠦᠴᠢᠷ᠂ ᠨᠢᠭᠡᠴᠡ ᠪᠤᠯᠭᠠᠨ ᠢᠳᠡᠪᠬᠢᠳᠡᠢ ᠬᠦᠳᠡᠯᠦᠯᠴᠡᠵᠤ᠂ ᠤᠬᠠᠮᠰᠠᠷ ᠠᠴᠠ ᠪᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠳᠤ ᠤᠷᠤᠯᠴᠠᠬᠤ ᠬᠡᠷᠡᠭᠳᠡᠢ᠃ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠴᠢᠨᠠᠬᠰᠢᠳᠠ ᠰᠠᠶᠢᠳᠤᠷ ᠠᠳᠬᠤᠵᠤ᠂ ᠤᠷᠤᠨ ᠨᠤᠳᠤᠭ ᠤᠨ ᠪᠤᠳᠠᠳᠤ ᠪᠠᠶᠢᠳᠠᠯ ᠳᠤ ᠲᠤᠬᠢᠷᠠᠭᠤᠯᠬᠤ ᠶᠢ ᠪᠠᠷᠢᠮᠳᠠᠯᠠᠨ᠂ ︽ᠲᠠᠭᠠᠭᠤᠯᠤᠬᠴᠢ ᠠᠵᠤ ᠠᠬᠤᠶᠢᠯᠠᠯ + ᠠᠵᠤ ᠦᠢᠯᠡᠰ ᠤᠨ ᠬᠡᠯᠬᠢᠶ᠎ᠠ + ᠶᠠᠳᠠᠭᠤ ᠬᠦᠴᠢᠷᠳᠡᠯᠳᠡᠢ ᠡᠷᠦᠭᠡ︾᠎ ᠶᠢᠨ ᠶᠠᠳᠠᠭᠤ ᠶᠢ ᠲᠡᠳᠭᠦᠭᠦ ᠵᠠᠬᠪᠤᠷ ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠠᠵᠤ ᠦᠢᠯᠡᠰ ᠤᠨ ᠬᠦᠭᠵᠢᠯᠳᠡ ᠶᠢᠨ ᠠᠰᠢᠭ ᠢ ᠨᠡᠩ ᠢᠯᠡᠭᠦᠦ ᠬᠦᠷᠲᠡᠭᠡᠬᠦ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠰᠤᠳᠤᠯᠭᠠᠨ ᠪᠠ ᠠᠵᠢᠯ ᠤᠨ ᠨᠢᠭᠡᠳᠦᠯᠳᠡᠢ ᠲᠦᠯᠦᠪᠵᠢᠭᠦᠯᠭᠡ ᠪᠠᠨ ᠴᠢᠨᠠᠬᠰᠢᠳᠠ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠭᠦ ᠲᠤᠮᠳᠠ ᠢᠯᠡᠷᠡᠭᠰᠡᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠶᠢ ᠦᠨᠡᠨᠭᠦ ᠰᠢᠯᠢᠳᠡᠭᠵᠢᠭᠦᠯᠭᠦ ᠬᠡᠷᠡᠭᠳᠡᠢ᠃ ᠶᠠᠳᠠᠭᠤ ᠶᠢ ᠲᠡᠳᠭᠦᠭᠦ ᠺᠠᠳ᠋ᠷ ᠤᠨ ᠪᠣᠯᠪᠠᠰᠤᠷᠠᠭᠤᠯᠤᠯ ᠤᠨ ᠠᠵᠢᠯ ᠢ ᠴᠢᠨᠠᠬᠰᠢᠳᠠ ᠴᠢᠩᠭᠠᠳᠬᠠᠵᠤ᠂ ᠲᠡᠳᠡᠨ ᠢ ᠲᠦᠷᠦ ᠶᠢᠨ ᠪᠤᠳᠤᠯᠭ᠎ᠠ᠂ ᠡᠷᠦᠭᠡ ᠶᠢᠨ ᠦᠨᠳᠦᠰᠦᠨ ᠪᠠᠶᠢᠳᠠᠯ᠂ ᠠᠵᠢᠯ ᠪᠠ ᠤᠷᠤᠯᠭ᠎ᠠ ᠶᠢ ᠴᠦᠮ ᠲᠤᠳᠤᠷᠬᠠᠢ ᠮᠡᠳᠡᠭᠦ ᠪᠤᠯᠭᠠᠵᠤ᠂ ᠤᠯᠠᠨ ᠲᠦᠮᠡᠨ ᠤ ᠠᠵᠢᠯ ᠢ ᠬᠢᠭᠦ ᠴᠢᠳᠠᠪᠤᠷᠢ ᠶᠢ ᠨᠢ ᠲᠡᠭᠡᠭᠰᠢᠯᠡᠭᠦᠯᠦᠨ᠂ ᠶᠠᠳᠠᠭᠤ ᠬᠦᠴᠢᠷᠳᠡᠯᠳᠡᠢ ᠤᠯᠠᠨ ᠲᠦᠮᠡᠨ ᠢᠶᠠᠷ ᠶᠠᠳᠠᠭᠤ ᠶᠢ ᠲᠡᠳᠭᠦᠭᠦ ᠠᠵᠢᠯ ᠢ ᠮᠠᠬᠳᠠᠭᠤᠯᠵᠤ᠂ ᠶᠠᠳᠠᠭᠤ ᠶᠢ ᠲᠡᠳᠭᠦᠭᠦ ᠺᠠᠳ᠋ᠷ ᠎ ᠢ ᠰᠠᠶᠢᠰᠢᠶᠠᠯᠭᠠᠬᠤ ᠬᠡᠷᠡᠭᠳᠡᠢ ᠬᠡᠵᠠᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠬᠦᠷᠬᠡ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠪᠠᠶᠢᠨ᠎ᠠ᠃ ᠦᠷᠭᠡᠨ ᠤᠯᠠᠨ ᠨᠠᠮ ᠤᠨ ᠬᠡᠰᠢᠭᠦᠨ ᠺᠠᠳ᠋ᠷ᠂ ᠢᠯᠠᠩᠭᠤᠶ᠎ᠠ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠴᠦᠮ ᠪᠤᠳᠠᠳᠠᠢ ᠠᠵᠢᠯᠯᠠᠬᠴᠢ ᠪᠠ ᠭᠠᠪᠰᠢᠭᠠᠶᠢᠯᠠᠨ ᠲᠠᠭᠠᠷᠢᠬᠴᠢ ᠪᠤᠯᠬᠤ ᠪᠠᠷ ᠴᠢᠷᠮᠠᠶᠢᠬᠤ ᠬᠡᠷᠡᠭᠲᠡᠢ᠂ ᠦᠯᠦ ᠤᠶᠢᠰᠢᠶᠠᠬᠴᠢ ᠬᠦᠨᠳᠡᠯᠡᠨ ᠤ ᠬᠦᠮᠦᠨ ᠪᠠ ᠭᠠᠷ ᠡᠷᠬᠢᠭᠦᠯᠦᠭᠴᠢ ᠰᠢᠭᠦᠮᠵᠢᠯᠡᠭᠴᠢ ᠪᠤᠯᠵᠤ ᠪᠤᠯᠬᠤ ᠦᠭᠡᠢ᠃ ᠶᠠᠳᠠᠭᠤ ᠶᠢ ᠲᠡᠳᠭᠦᠭᠦ ᠶᠡᠭᠡ ᠶᠠᠪᠤᠳᠠᠯ ᠳᠤ ᠠᠯᠢ ᠨᠢᠭᠡ ᠺᠠᠳ᠋ᠷ ᠬᠠᠷᠢᠭᠤᠴᠠᠯᠭ᠎ᠠ ᠪᠠᠨ ᠬᠦᠢᠴᠡᠳᠬᠡᠭᠰᠡᠨ ᠦᠬᠡᠢ᠂ ᠠᠯᠢ ᠨᠢᠭᠡ ᠰᠠᠯᠠᠭ᠎ᠠ ᠮᠦᠴᠢᠷ ᠰᠢᠯᠳᠠᠬᠯᠠᠬᠤ ᠲᠦᠯᠬᠢᠯᠴᠡᠬᠦ ᠎ ᠳᠤ ᠬᠦᠷᠪᠡᠯ ᠵᠠᠪᠠᠯ ᠴᠢᠩᠭ᠎ᠠ ᠬᠠᠷᠢᠭᠤᠴᠠᠯᠭ᠎ᠠ ᠨᠡᠭᠡᠮᠵᠢᠯᠡᠨ ᠬᠠᠷᠢᠭᠤᠴᠠᠯᠭ᠎ᠠ ᠲᠤᠯᠭᠠᠵᠤ᠂ ᠦᠴᠦᠭᠡᠨ ᠴᠤ ᠢᠯᠳᠠᠷ ᠬᠠᠶᠠᠵᠤ ᠪᠤᠯᠬᠤ ᠦᠭᠡᠢ ᠬᠡᠪᠠ᠃      ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠤᠳᠤᠷᠢᠳᠬᠤ ᠲᠤᠭᠤᠶᠢᠯᠠᠩ ᠎ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠬᠡᠬᠡᠨ ᠬᠦᠭᠵᠢᠬᠦᠯᠬᠦ ᠠᠯᠪᠠᠨ ᠬᠡᠷ ᠤᠨ ᠤᠳᠤᠷᠢᠳᠬᠤ ᠪᠠᠭ ᠤᠨ ᠪᠦᠷᠢᠯᠳᠦᠭᠦᠨ ᠪᠠ ᠡᠯ᠎ᠠ ᠠᠶᠢᠮᠠᠭ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠶᠠᠳᠠᠭᠤ ᠶᠢ ᠲᠡᠳᠭᠦᠵᠤ ᠨᠡᠬᠡᠬᠡᠨ ᠬᠦᠭᠵᠢᠬᠦᠯᠬᠦ ᠠᠯᠪᠠᠨ ᠬᠡᠷ ᠎ ᠤᠨ ᠡᠷᠬᠢᠯᠡᠭᠴᠢᠳ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号