ᠡᠨᠡ ᠵᠢᠯ ᠠᠴᠠ ᠡᠬᠢᠯᠡᠨ᠂ ᠮᠠᠨ ᠤ ᠣᠷᠣᠨ ᠪᠦᠬᠦ ᠣᠷᠣᠨ ᠤ ᠬᠡᠪᠴᠢᠶᠡᠨ ᠳᠤ ᠠᠵᠢᠯ ᠠᠯᠳᠠᠭᠰᠠᠳ ᠤᠨ | ᠳᠠᠭᠠᠳᠬᠠᠯ ᠢᠶᠠᠷ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ︽ᠳᠡᠭᠦᠯᠢᠯᠲᠡ ᠠᠵᠢᠯᠯᠠᠭ᠎ᠠ︾ ᠶᠢ ᠬᠡᠷᠡᠭᠵᠢᠭᠦᠯᠵᠦ᠂ | ᠡᠯ᠎ᠡ ᠠᠶᠢᠮᠠᠭ ᠬᠤᠲᠠ ᠶᠢᠨ ᠢᠳᠡᠪᠬᠢᠵᠢᠯ ᠢ ᠠᠬᠢᠭᠤᠯᠤᠨ᠂ ᠠᠵᠢᠯ ᠠᠯᠳᠠᠭᠰᠠᠳ ᠤᠨ ᠳᠠᠭᠠᠳᠬᠠᠯ ᠤᠨ ᠤᠷ᠎ᠠ | ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠢᠷᠤᠮᠵᠢᠭᠤᠨ ᠢᠶᠠᠷ | ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠳᠤ ᠴᠥᠮ | ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠨᠥᠬᠦᠪᠥᠷᠢ ᠶᠢ ᠤᠯᠭᠤᠬᠤ ᠪᠠᠷ ᠴᠢᠷᠮᠠᠶᠢᠨ᠎ᠠ᠃ | ︽ᠳᠡᠭᠦᠯᠢᠯᠲᠡ ᠠᠵᠢᠯᠯᠠᠭ᠎ᠠ︾ ᠶᠢ ᠬᠡᠷᠡᠭᠵᠢᠬᠦᠯᠬᠦ ᠬᠦᠷᠢᠶ᠎ᠡ ᠬᠡᠪᠴᠢᠶ᠎ᠡ ᠳᠤ᠄ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠠᠵᠢᠯ ᠠᠯᠳᠠᠭᠰᠠᠳ ᠤᠨ ᠳᠠᠭᠠᠳᠬᠠᠯ ᠳᠤ ᠬᠠᠤᠯᠢ ᠶᠣᠰᠣᠭᠠᠷ | ᠤᠷᠤᠯᠴᠠᠭᠰᠠᠨ ᠪᠥᠭᠡᠳ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠯᠤᠭᠰᠠᠨ ᠠᠵᠤ ᠠᠬᠤᠶᠢᠯᠠᠯ ᠤᠨ ᠠᠵᠢᠯᠯᠠᠵᠤ ᠪᠠᠶᠢᠭ᠎ᠠ | ᠠᠵᠢᠯᠳᠡᠠ ᠠᠵᠢᠯᠴᠢᠨ ᠪᠠᠭᠲᠠᠨ᠎ᠠ᠃ ᠡᠭᠦᠨ ᠤ ᠬᠠᠮᠲᠤ ᠳᠣᠣᠷᠠᠬᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠨᠠᠷ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠶᠢ ᠭᠤᠶᠤᠴᠢᠯᠠᠨ ᠠᠪᠴᠤ ᠪᠣᠯᠤᠨ᠎ᠠ᠄ | ᠠᠵᠢᠯ ᠠᠯᠳᠠᠭᠰᠠᠳ ᠤᠨ ᠳᠠᠭᠠᠳᠬᠠᠯ ᠳᠤ ᠬᠠᠤᠯᠢ ᠶᠣᠰᠣᠭᠠᠷ ᠤᠷᠤᠯᠴᠠᠭᠰᠠᠨ᠂ ᠭᠤᠶᠤᠴᠢᠯᠠᠯ ᠤᠨ ᠬᠤᠭᠤᠴᠠᠭᠠᠨ ᠳᠤ | ᠬᠡᠪ ᠤᠨ ᠶᠣᠰᠣᠭᠠᠷ ᠰᠦᠢᠳᠬᠡᠯ ᠲᠤᠰᠢᠶᠠᠭᠰᠠᠨ ᠪᠦᠭᠡᠳ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠢ | 36 ᠰᠠᠷ᠎ᠠ ︵36 ᠰᠠᠷ᠎ᠠ ᠪᠠᠭᠲᠠᠨ᠎ᠠ︶ ᠠᠴᠠ ᠳᠡᠭᠡᠭᠰᠢ ᠲᠤᠰᠢᠶᠠᠭᠰᠠᠳ︔ 2017 ᠤᠨ ᠤ 1 ᠳ᠋ᠤᠭᠡᠷ ᠰᠠᠷ᠎ᠠ ᠶᠢᠨ | 1 ᠤ ᠡᠳᠦᠷ ᠠᠴᠠ ᠡᠬᠢᠯᠡᠨ᠂ ︽ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠪᠦᠬᠦ | ᠤᠯᠤᠰ ᠤᠨ ᠢᠨᠲ᠋ᠧᠷ ᠰᠦᠯᠵᠢᠶᠡᠨ ᠤ ᠪᠠᠶᠢᠴᠠᠭᠠᠨ ᠯᠠᠪᠯᠠᠬᠤ ᠰᠢᠰᠲ᠋ᠧᠮ︾ ᠪᠤᠶᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠬᠢᠷᠢ ᠬᠡᠮ ᠤᠨ ᠠᠵᠢᠯ ᠤᠨ ᠰᠦᠯᠵᠢᠶ᠎ᠡ︾ ᠳᠡᠭᠡᠷ᠎ᠡ ᠠᠴᠠ | ᠪᠠᠶᠢᠴᠠᠭᠠᠨ ᠤᠯᠵᠤ ᠳᠡᠶᠢᠯᠬᠦ ᠠᠩᠬ᠎ᠠ ᠵᠡᠷᠭᠡ ︵ᠲᠠᠪᠤᠳᠤᠭᠠᠷ ᠳᠡᠰ︶᠂ ᠳᠤᠮᠳᠠ ᠵᠡᠷᠭᠡ ︵ᠳᠥᠷᠪᠡᠳᠦᠭᠡᠷ ᠳᠡᠰ︶᠂ | ᠦᠨᠳᠦᠷ ᠵᠡᠷᠭᠡ ︵ᠭᠤᠷᠪᠠᠳᠤᠭᠠᠷ ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠡᠰ ᠤᠨ ᠦᠨᠡᠮᠯᠡᠯ ᠲᠠᠢ ᠪᠠᠶᠢᠭᠰᠠᠳ ᠭᠤᠶᠤᠴᠢᠯᠠᠵᠤ ᠪᠤᠯᠤᠨ᠎ᠠ᠃ | ᠨᠥᠬᠦᠪᠥᠷᠢ ᠶᠢᠨ ᠪᠠᠷᠢᠮᠵᠢᠶ᠎ᠠ ᠄ ᠠᠩᠬ᠎ᠠ ᠵᠡᠷᠭᠡ ︵ᠲᠠᠪᠤᠳᠤᠭᠠᠷ ᠳᠡᠰ ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠡᠰ ᠤᠨ ᠦᠨᠡᠮᠯᠡᠯ ᠲᠠᠢ ᠬᠦᠮᠦᠰ ᠲᠤ ᠪᠤᠯ᠂ | ᠨᠥᠬᠦᠪᠥᠷᠢ ᠶᠢᠨ ᠪᠠᠷᠢᠮᠵᠢᠶ᠎ᠠ ᠶᠢ 1000 ᠲᠥᠭᠦᠷᠢᠭ ᠢᠶᠠᠷ ᠲᠦᠷ ᠲᠤᠭᠲᠠᠭᠠᠪᠠ︔ ᠳᠤᠮᠳᠠ ᠵᠡᠷᠭᠡ ︵ᠳᠥᠷᠪᠡᠳᠦᠭᠡᠷ | ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠵᠡᠷᠭᠡ ᠲᠡᠰ ᠤᠨ ᠦᠨᠡᠮᠯᠡᠯ ᠲᠠᠢ ᠬᠦᠮᠦᠰ ᠲᠤ ᠪᠤᠯ᠂ ᠨᠥᠬᠦᠪᠥᠷᠢ ᠶᠢᠨ ᠪᠠᠷᠢᠮᠵᠢᠶ᠎ᠠ ᠶᠢ 1500 ᠲᠥᠭᠦᠷᠢᠭ ᠢᠶᠠᠷ | ᠲᠦᠷ ᠲᠤᠭᠲᠠᠭᠠᠪᠠ︔ ᠦᠨᠳᠦᠷ ᠵᠡᠷᠭᠡ ︵ᠭᠤᠷᠪᠠᠳᠤᠭᠠᠷ ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠡᠰ ᠤᠨ ᠦᠨᠡᠮᠯᠡᠯ ᠲᠠᠢ ᠬᠦᠮᠦᠰ ᠲᠤ ᠪᠤᠯ᠂ | ᠨᠥᠬᠦᠪᠥᠷᠢ ᠶᠢᠨ ᠪᠠᠷᠢᠮᠵᠢᠶ᠎ᠠ ᠶᠢ 2000 ᠲᠥᠭᠦᠷᠢᠭ ᠢᠶᠠᠷ ᠲᠦᠷ ᠲᠤᠭᠲᠠᠭᠠᠪᠠ᠃ ᠥᠪᠡᠷᠲᠡᠭᠡᠨ ᠵᠠᠰᠠᠬᠤ ᠣᠷᠣᠨ ᠤ | ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠲᠦᠷᠦᠯ︶ ᠤᠨ ᠭᠠᠷᠴᠠᠭ ᠲᠤ | ᠵᠢᠭᠰᠠᠭᠠᠭᠳᠠᠭᠰᠠᠨ ᠪᠤᠯ᠂ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠨᠥᠬᠦᠪᠥᠷᠢ ᠶᠢᠨ ᠪᠠᠷᠢᠮᠵᠢᠶ᠎ᠠ ᠶᠢ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠲᠦᠷᠦᠯ︶ ᠲᠡᠰᠢ ᠵᠤᠬᠢᠰᠲᠠᠢ ᠬᠡᠯᠪᠡᠶᠢᠯᠬᠡᠨ᠎ᠡ᠂ | ᠭᠡᠪᠡᠴᠦ ᠬᠡᠯᠪᠡᠶᠢᠯᠭᠡᠬᠦ ᠬᠡᠮᠵᠢᠶ᠎ᠡ ᠶᠢ ᠲᠣᠭᠲᠠᠭᠠᠭᠰᠠᠨ ᠪᠠᠷᠢᠮᠵᠢᠶ᠎ᠠ ᠶᠢᠨ 20% ᠠᠴᠠ ᠬᠡᠲᠦᠷᠡᠭᠦᠯᠵᠦ ᠪᠣᠯᠬᠤ ᠦᠭᠡᠢ᠃ | ᠠᠳᠠᠯᠢ ᠠᠵᠢᠯ ᠮᠡᠷᠭᠡᠵᠢᠯ ︵ᠠᠵᠢᠯ ᠲᠥᠷᠥᠯ︶ ᠠᠳᠠᠯᠢ ᠵᠡᠷᠭᠡ ᠲᠡᠰ ᠲᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠨᠥᠬᠦᠪᠥᠷᠢ ᠶᠢ ᠵᠥᠪᠬᠡᠨ ᠨᠢᠭᠡ ᠯᠡ ᠤᠳᠠᠭ᠎ᠠ ᠭᠤᠶᠤᠴᠢᠯᠠᠨ ᠤᠯᠵᠤ ᠪᠤᠯᠤᠨ᠎ᠠ᠃ ᠠᠵᠢᠯᠲᠠᠨ ᠠᠵᠢᠯᠴᠢᠨ ᠨᠠᠷ ᠠᠵᠢᠯ | ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ | ᠦᠨᠡᠮᠯᠡᠯ ᠢ ᠬᠢᠨᠠᠨ ᠣᠯᠭᠤᠭᠰᠠᠨ ᠡᠳᠦᠷ ᠠᠴᠠ ᠡᠬᠢᠯᠡᠨ 12 ᠰᠠᠷ᠎ᠠ ᠶᠢᠨ ᠳᠣᠲᠣᠷ᠎ᠠ᠂ ᠬᠤᠪᠢ ᠬᠥᠮᠦᠨ ᠤ ᠪᠡᠶ᠎ᠡ ᠶᠢᠨ | ᠬᠡᠷᠡᠴᠢ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠢᠶᠠᠨ ᠠᠪᠴᠤ᠂ ᠲᠤᠰ ᠬᠥᠮᠦᠨ ᠤ ᠠᠵᠢᠯ ᠠᠯᠳᠠᠭᠰᠠᠳ ᠤᠨ | ᠳᠠᠭᠠᠳᠬᠠᠯ ᠤᠨ ᠬᠠᠷᠢᠴᠠᠭ᠎ᠠ ᠲᠠᠢ ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠢ ᠭᠠᠷᠳᠠᠨ ᠬᠦᠢᠴᠡᠳᠭᠡᠬᠦ | ᠪᠠᠶᠢᠭᠤᠯᠤᠮᠵᠢ ᠳᠤ ᠬᠦᠷᠴᠦ ᠭᠤᠶᠤᠴᠢᠯᠠᠨ ᠠᠪᠤᠨ᠎ᠠ᠃ |