ᠲᠦᠩᠯᠢᠶᠣᠤ ᠬᠤᠲᠠ ᠡᠯ᠎ᠡ ᠵᠦᠢᠯ ᠤᠨ ᠪᠡᠯᠡ ᠮᠥᠩᠭᠦ ᠶᠢ 4.6 ᠳ᠋ᠦᠩᠰᠢᠭᠤᠷ ᠲᠦᠬᠦᠷᠢᠭ ᠲᠣᠬᠢᠷᠠᠭᠤᠯᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2018/6/4
     ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠳᠠᠭᠠᠭᠠᠬᠤ ᠪᠠᠲᠤᠯᠠᠭ᠎ᠠ ᠶᠢᠨ ᠠᠮᠤᠷ ᠲᠥᠪᠰᠢᠨ ᠤ ᠲᠣᠣᠷ ᠢ ᠨᠢᠭᠲᠠ ᠨᠡᠭᠡᠵᠦ ᠪᠠᠬᠢ ᠰᠦᠯᠵᠢᠬᠦ ᠶᠢᠨ ᠲᠥᠯᠥᠭᠡ᠂ ᠲᠦᠩᠯᠢᠶᠣᠤ ᠬᠤᠳᠠ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠠᠮᠢᠶᠠᠷᠤᠯᠲᠠ ᠶᠢᠨ ᠣᠨ︾᠎ ᠤ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠪᠠᠷ ᠭᠤᠣᠯ ᠭᠠᠷᠳᠠᠴᠠ ᠪᠣᠯᠭᠠᠵᠤ᠂ ᠡᠯ᠎ᠡ ᠵᠦᠢᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠢᠳᠡᠪᠬᠢᠲᠡᠢ ᠣᠷᠣᠯᠴᠠᠵᠤ ᠪᠤᠢ᠃ ᠪᠥᠬᠦ ᠬᠤᠲᠠ ᠡᠯ᠎ᠡ ᠲᠦᠷᠤᠯ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ 46496 ᠲᠦᠮᠡᠨ ᠲᠥᠭᠦᠷᠢᠭ ᠣᠷᠣᠭᠤᠯᠤᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠪᠣᠯᠤᠨ ᠥᠨᠥᠴᠢᠨ ᠬᠡᠤᠬᠡᠳ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠬᠢᠷᠠᠭᠤᠯᠤᠨ ᠳᠡᠭᠡᠭᠰᠢᠯᠡᠭᠦᠯᠵᠦ᠂ ᠬᠦᠴᠢᠷᠳᠡᠯᠲᠡᠶ ᠤᠯᠡᠨ ᠲᠦᠮᠡᠨ ᠤ ᠠᠮᠢᠳᠤᠷᠠᠯ ᠤᠨ ᠬᠢᠷᠢ ᠲᠥᠪᠰᠢᠨ ᠢ ᠦᠨᠡᠨ ᠬᠦ ᠳᠡᠭᠡᠭᠰᠢᠯᠡᠭᠦᠯᠦᠨ᠂ ᠴᠢᠨᠡᠭᠡᠯᠢᠭᠵᠢᠭᠦᠯᠬᠦ ᠵᠠᠮ ᠳᠡᠭᠡᠷ᠎ᠡ ᠬᠦᠴᠢᠷᠳᠡᠯᠲᠡᠶ ᠤᠯᠠᠨ ᠲᠦᠮᠡᠨ ᠠᠴᠠ ᠨᠢᠭᠡ ᠶᠢ ᠴᠦ ᠬᠤᠴᠣᠷᠤᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃      2018 ᠣᠨ ᠳᠤ᠂ ᠪᠦᠬᠦ ᠬᠤᠳᠠ ᠶᠢᠨ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠰᠠᠭᠤᠷᠢ ᠳᠡᠭᠡᠷ᠎ᠡ ᠰᠠᠷ᠎ᠠ ᠪᠦᠷᠢ ᠬᠥᠮᠦᠨ ᠪᠣᠯᠭᠠᠨ 50 ᠲᠥᠭᠦᠷᠢᠭ ᠳᠡᠭᠡᠭᠰᠢᠯᠡᠭᠦᠯᠵᠦ᠂ ᠰᠠᠷ᠎ᠠ ᠪᠦᠷᠢ ᠬᠥᠮᠦᠨ ᠳᠤᠮᠳᠠᠴᠢ ᠶᠢᠨ ᠨᠥᠬᠦᠪᠥᠷᠢ ᠶᠢᠨ ᠬᠢᠷᠢ ᠬᠡᠮᠵᠢᠶ᠎ᠡ ᠶᠢ 30 ᠲᠥᠭᠦᠷᠢᠭ ᠳᠡᠭᠡᠭᠰᠢᠯᠡᠭᠦᠯᠦᠨ᠂ ᠪᠦᠬᠦ ᠵᠢᠯ ᠳᠤ ᠰᠠᠷ᠎ᠠ ᠪᠦᠷᠢ ᠬᠥᠮᠦᠨ ᠳᠤᠮᠳᠠᠴᠢ ᠶᠢᠨ ᠨᠥᠬᠦᠪᠥᠷᠢ ᠶᠢᠨ ᠬᠢᠷᠢ ᠲᠦᠪᠰᠢᠨ ᠢ 500 ᠲᠥᠭᠦᠷᠢᠭ ᠲᠤ ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠰᠠᠭᠤᠷᠢ ᠳᠡᠭᠡᠷ᠎ᠡ 500 ᠲᠥᠭᠦᠷᠢᠭ ᠳᠡᠭᠡᠭᠰᠢᠯᠡᠭᠦᠯᠵᠦ᠂ ᠵᠢᠯ ᠪᠦᠷᠢ ᠬᠥᠮᠦᠨ ᠳᠤᠮᠳᠠᠴᠢ ᠶᠢᠨ ᠨᠥᠬᠦᠪᠥᠷᠢ ᠶᠢᠨ ᠬᠢᠷᠢ ᠲᠥᠪᠰᠢᠨ ᠢ 300 ᠲᠥᠭᠦᠷᠢᠭ ᠳᠡᠭᠡᠭᠰᠢᠯᠡᠭᠦᠯᠦᠨ᠂ ᠪᠦᠬᠦ ᠵᠢᠯ ᠳᠤ ᠬᠥᠮᠦᠨ ᠳᠤᠮᠳᠠᠴᠢ ᠶᠢᠨ ᠨᠥᠬᠦᠪᠥᠷᠢ ᠶᠢᠨ ᠬᠢᠷᠢ ᠲᠥᠪᠰᠢᠨ ᠢ 3200 ᠲᠥᠭᠦᠷᠢᠭ ᠲᠤ ᠬᠦᠷᠦᠭᠦᠯᠦᠨ᠎ᠡ᠃ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠢ ᠪᠤᠲᠠᠷᠬᠠᠶ ᠠᠰᠠᠷᠠᠨ ᠲᠡᠵᠢᠭᠡᠬᠦ ᠠᠮᠢᠳᠤᠷᠠᠯ ᠤᠨ ᠦᠨᠳᠦᠰᠦᠨ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ 6200 ᠲᠦᠬᠦᠷᠢᠭ ᠪᠠᠶᠢᠭᠰᠠᠨ ᠠᠴᠠ ᠨᠢ 6700 ᠲᠥᠭᠦᠷᠢᠭ ᠪᠣᠯᠭᠠᠨ ᠨᠢᠭᠡᠳᠦᠯᠲᠡᠶ ᠲᠣᠬᠢᠷᠠᠭᠤᠯᠵᠤ᠂ ᠲᠥᠪᠯᠡᠷᠡᠭᠦᠯᠦᠨ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠳᠡᠭᠡᠷ᠎ᠡ ᠵᠢᠯ ᠤᠨ 9000 ᠲᠥᠭᠦᠷᠢᠭ ᠪᠠᠶᠢᠭᠰᠠᠨ ᠠᠴᠠ ᠨᠢ 10000 ᠲᠥᠭᠦᠷᠢᠭ ᠪᠣᠯᠭᠠᠵᠤ ᠨᠢᠭᠡᠳᠬᠡᠵᠦ᠂ ᠬᠤᠳᠠ ᠶᠢᠨ ᠳᠠᠷᠬᠠᠶ ᠪᠤᠲᠠᠷᠬᠠᠶ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠳᠡᠭᠡᠷ᠎ᠡ ᠵᠢᠯ ᠤᠨ ᠰᠠᠷ᠎ᠠ ᠪᠦᠷᠢ ᠳᠤ 820 ᠲᠥᠭᠦᠷᠢᠭ ᠪᠠᠶᠢᠭᠰᠠᠨ ᠠᠴᠠ ᠨᠢ 1000 ᠲᠥᠭᠦᠷᠢᠭ ᠪᠣᠯᠭᠠᠨ ᠲᠣᠬᠢᠷᠠᠭᠤᠯᠤᠨ᠂ ᠲᠥᠪᠯᠡᠷᠡᠭᠦᠯᠦᠨ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠰᠠᠷ᠎ᠠ ᠪᠦᠷᠢ ᠳᠤ 1100 ᠲᠥᠭᠦᠷᠢᠭ ᠪᠠᠶᠢᠭᠰᠠᠨ ᠠᠴᠠ ᠨᠢ 1500 ᠲᠥᠭᠦᠷᠢᠭ ᠪᠣᠯᠭᠠᠨ ᠲᠣᠬᠢᠷᠠᠭᠤᠯᠤᠨ᠎ᠠ᠃ ᠠᠰᠠᠷᠠᠨ ᠰᠤᠪᠢᠯᠠᠬᠤ ᠪᠠᠷᠢᠮᠵᠢᠶ᠎ᠠ ᠶᠢᠨ ᠲᠠᠯ᠎ᠠ ᠪᠠᠷ᠂ ᠪᠥᠬᠦ ᠬᠤᠲᠠ ᠶᠢᠨ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠤᠲᠤᠷ᠎ᠠ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠪᠠᠷᠢᠮᠵᠢᠶ᠎ᠠ ᠶᠢ ᠳᠡᠭᠡᠷ᠎ᠡ ᠵᠢᠯ ᠤᠨ ᠰᠠᠷ᠎ᠠ ᠪᠦᠷᠢ 975 ᠲᠥᠭᠦᠷᠢᠭ ᠪᠠᠶᠢᠭᠰᠠᠨ ᠠᠴᠠ ᠨᠢ 1050 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠪᠠᠨ ᠬᠡᠰᠡᠭ ᠠᠯᠳᠠᠭᠰᠠᠳ ᠢ ᠠᠰᠠᠷᠠᠨ ᠰᠤᠪᠢᠯᠠᠬᠤ ᠪᠠᠷᠢᠮᠵᠢᠶ᠎ᠠ ᠶᠢ ᠳᠡᠭᠡᠷ᠎ᠡ ᠵᠢᠯ ᠤᠨ ᠰᠠᠷ᠎ᠠ ᠪᠦᠷᠢ 375 ᠲᠥᠭᠦᠷᠢᠭ ᠪᠠᠶᠢᠭᠰᠠᠨ ᠠᠴᠠ ᠨᠢ 409 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号