ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠨᠡᠶᠢᠲᠡᠯᠡᠪᠡ
ᠨᠡᠶᠢᠲᠡᠯᠡᠭᠰᠡᠨ ᠴᠠᠭ᠄
2018/6/5
     ᠣᠳᠣᠬᠠᠨ ᠳᠤ᠂ ᠬᠢᠩᠭᠠᠨ ᠠᠶᠢᠮᠠᠭ ᠲᠤ ᠪᠠᠰᠠ ᠣᠨᠴᠠ ᠶᠠᠳᠠᠭᠤ ᠬᠦᠴᠢᠷᠳᠡᠯ ᠲᠠᠢ 90 ᠲᠣᠰᠬᠤᠨ ᠪᠠᠶᠢᠵᠤ᠂ ᠪᠦᠷ ᠮᠠᠰᠢ ᠬᠦᠴᠢᠷᠲᠡᠢ ᠪᠥᠭᠡᠳ ᠬᠠᠲᠠᠭᠤᠵᠢᠯᠲᠠᠢ ︽ᠪᠡᠷᠬᠡ ᠰᠡᠳᠦᠪ︾ ᠪᠣᠯᠵᠤ ᠪᠣᠢ᠂ 2018 ᠣᠨ ᠤ 5 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠠᠶᠢᠮᠠᠭ ᠲᠤ ᠨᠡᠶᠢᠲᠡ ᠶᠠᠳᠠᠭᠤ ᠬᠦᠴᠢᠷᠳᠡᠯ ᠲᠠᠢ 21899 ᠡᠷᠦᠬᠡ᠂ ᠶᠠᠳᠠᠭᠤ ᠬᠦᠴᠢᠷᠳᠡᠯ ᠲᠠᠢ 49469 ᠬᠥᠮᠦᠨ ᠠᠮᠠ ᠪᠠᠶᠢᠵᠤ᠂ ᠶᠠᠳᠠᠭᠤᠷᠠᠯ ᠤᠨ ᠨᠤᠷᠮ᠎ᠠ ᠨᠢ 4.4% ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠲᠤᠶᠢᠯ ᠤᠨ ᠬᠦᠨᠳᠦ ᠪᠠᠶᠢᠨ᠎ᠠ᠃ ᠥᠨᠥᠬᠡᠨ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ︽ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠭᠤᠷᠪᠠᠨ ᠵᠢᠯ ︵2018 — 2020︶᠎ ᠤᠨ ᠠᠵᠢᠯᠯᠠᠭ᠎ᠠ ᠶᠢᠨ ᠲᠥᠯᠥᠪᠯᠡᠭᠡ︾᠎ ᠶᠢ ᠨᠡᠶᠢᠲᠡᠯᠡᠵᠦ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠬᠤᠶᠢᠰᠢᠳᠠ ᠶᠢᠨ ᠭᠤᠷᠪᠠᠨ ᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠠᠭ ᠤᠨ ᠬᠦᠰᠦᠨᠦᠭᠲᠦ ᠪᠠ ᠪᠡᠯᠡ ᠮᠥᠩᠭᠦᠨ ᠤ ᠪᠠᠲᠤᠯᠠᠭ᠎ᠠ ᠶᠢᠨ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠣᠳᠠᠲᠤ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠨᠡᠩ ᠪᠦᠲᠦᠮᠵᠢᠲᠡᠶ ᠥᠷᠨᠢᠭᠦᠯᠬᠦ ᠶᠢ ᠲᠦᠯᠬᠢᠨ ᠠᠬᠢᠭᠤᠯᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠶᠡᠷᠦᠩᠬᠡᠶ ᠬᠡᠮᠵᠢᠶ᠎ᠡ ᠪᠠᠨ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠪᠠᠷ ᠰᠢᠢᠳᠴᠡᠢ᠃      ᠣᠶᠢᠷ᠎ᠠ ᠶᠢᠨ ᠵᠢᠯ ᠠᠴᠠ ᠨᠠᠰᠢ ᠪᠦᠬᠦ ᠠᠶᠢᠮᠠᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠤᠪᠤᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ᠡᠳ᠋ ᠤᠨ ᠵᠠᠰᠠᠭ ᠤᠨ ᠲᠣᠪᠴᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦᠨ ᠤ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠵᠤ᠂ ᠠᠶᠢᠮᠠᠭ᠂ ᠬᠤᠰᠢᠭᠤ ᠰᠢᠶᠠᠨ ︵ᠬᠤᠳᠠ︶ ᠬᠤᠶᠠᠷ ᠱᠠᠲᠤᠨ ᠤ ᠡᠳ᠋ ᠤᠨ ᠵᠠᠰᠠᠭ ᠤᠨ ᠲᠤᠰᠬᠠᠶ ᠶᠠᠳᠠᠭᠤ ᠶᠢ ᠲᠡᠳᠬᠦᠬᠦ ᠪᠡᠯᠡ ᠮᠥᠩᠭᠦ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ 2018 ᠣᠨ ᠳᠤ ᠠᠶᠢᠮᠠᠭ ᠤᠨ ᠲᠤᠰ ᠱᠠᠲᠤᠨ ᠤ ᠵᠢᠯ ᠤᠨ ᠡᠬᠢᠨ ᠤ ᠲᠥᠰᠦᠪ ᠲᠤ ᠶᠠᠳᠠᠭᠤ ᠶᠢ ᠲᠡᠳᠬᠦᠬᠦ ᠪᠡᠯᠡ ᠮᠥᠩᠭᠦ ᠶᠢ 1.82 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠲᠥᠰᠦᠪ ᠠᠴᠠ 50.1% ᠨᠡᠮᠡᠭᠳᠡᠭᠦᠯᠵᠡᠢ᠂ ᠡᠭᠦᠨ ᠤ ᠬᠠᠮᠲᠤ ᠡᠯ᠎ᠡ ᠬᠤᠰᠢᠭᠤ ᠰᠢᠶᠠᠨ ᠬᠤᠲᠠ ᠳᠤ ᠠᠳᠠᠯᠢ ᠬᠠᠷᠢᠴᠠᠯ ᠢᠶᠠᠷ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠱᠠᠭᠠᠷᠳᠠᠵᠠᠢ︔ 2019 — 2020 ᠣᠨ ᠳᠤ ᠠᠶᠢᠮᠠᠭ ᠤᠨ ᠲᠤᠰ ᠱᠠᠲᠤ ᠵᠢᠴᠢ ᠬᠤᠰᠢᠭᠤ ᠰᠢᠶᠠᠨ ︵ᠬᠤᠳᠠ︶ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦᠨ ᠤ ᠵᠢᠯ ᠤᠨ ᠨᠡᠮᠡᠭᠳᠡᠯ ᠤᠨ ᠬᠠᠷᠢᠴᠠᠯ ᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠡᠮᠡᠭᠳᠡᠯ ᠤᠨ ᠬᠠᠷᠢᠴᠠᠯ ᠠᠴᠠ ᠳᠣᠣᠷ᠎ᠠ ᠦᠭᠡᠢ ᠪᠠᠶᠢᠯᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠭᠰᠠᠨ ᠶᠠᠪᠤᠳᠠᠯ ᠨᠢ᠂ ᠬᠢᠩᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠬᠦᠴᠦᠲᠡᠶ ᠪᠠᠲᠤᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号