ᠯᠢ ᠵᠢᠢ ᠾᠧᠩ ᠶᠡᠭᠡ ᠬᠢᠩᠭᠠᠨ ᠲᠠᠪᠠᠭ᠎ᠠ ᠶᠢᠨ ᠲᠦᠢᠮᠡᠷ ᠢ ᠤᠨᠳᠠᠷᠠᠭᠠᠬᠤ ᠡᠮᠦᠨ᠎ᠠ ᠹᠷᠤᠨᠲ ᠲᠤ ᠤᠢ ᠰᠢᠭᠤᠢ ᠶᠢᠨ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠬᠤ ᠳᠠᠭᠠᠨ ᠴᠢᠬᠤᠯᠠᠴᠢᠯᠠᠬᠰᠠᠨ ᠨᠢ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠦ ᠪᠦᠬᠦ ᠬᠦᠴᠦᠨ ᠢᠶᠠᠷ ᠢᠶᠠᠨ ᠴᠢᠷᠮᠠᠶᠢᠵᠤ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠪᠦᠬᠦ ᠲᠠᠯ᠎ᠠ ᠶᠢᠨ ᠢᠯᠠᠯᠳᠠ ᠶᠢ ᠲᠠᠷᠤᠶᠢᠬᠠᠨ ᠲᠡᠮᠡᠴᠡᠨ ᠤᠯᠬᠤ ᠬᠡᠷᠡᠭᠳᠡᠢ
ᠨᠡᠶᠢᠲᠡᠯᠡᠭᠰᠡᠨ ᠴᠠᠭ᠄
2018/6/6
     6 ᠳ᠋ᠤᠭᠠᠷ ᠰᠠᠷ᠎ᠠ ᠶᠢᠨ 4᠎ ᠤ ᠡᠳᠦᠷ ᠠᠴᠠ 5᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠶᠡᠭᠡ ᠬᠢᠩᠭᠠᠨ ᠲᠠᠪᠠᠭ᠎ᠠ ᠶᠢᠨ ᠲᠦᠢᠮᠡᠷ ᠢ ᠤᠨᠳᠠᠷᠠᠭᠠᠬᠤ ᠡᠮᠦᠨ᠎ᠠ ᠹᠷᠤᠨᠲ ᠲᠤ ᠬᠦᠷᠴᠤ᠂ ᠡᠮᠦᠨ᠎ᠠ ᠹᠷᠤᠨᠲ ᠲᠤ ᠡᠷᠡᠯᠬᠡᠭᠯᠡᠨ ᠲᠡᠮᠡᠴᠡᠵᠤ ᠪᠠᠶᠢᠭ᠎ᠠ ᠦᠷᠭᠡᠨ ᠤᠯᠠᠨ ᠺᠠᠳ᠋ᠷ ᠠᠵᠢᠯᠳᠠᠨ᠂ ᠲᠠᠷᠤᠭ᠎ᠠ ᠪᠠᠶᠢᠯᠳᠤᠬᠴᠢ ᠪᠠ ᠭᠠᠯ ᠤᠨᠳᠠᠷᠠᠭᠠᠬᠤ ᠠᠩᠬᠢ ᠶᠢᠨ ᠬᠡᠰᠢᠭᠦᠳ ᠢ ᠲᠤᠳᠤᠨᠤᠰᠤᠭ ᠢᠶᠠᠷ ᠲᠤᠬᠤᠨᠢᠭᠤᠯᠵᠤ᠂ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠬᠤ ᠳᠠᠭᠠᠨ᠂ ᠲᠡᠭᠷᠢ ᠭᠠᠵᠠᠷ ᠲᠠᠢ ᠲᠡᠮᠡᠴᠡᠭᠦ ᠰᠦᠰᠦ ᠵᠤᠷᠢᠭ ᠪᠤᠯᠤᠨ ᠰᠢᠢᠳᠪᠦᠷᠢᠳᠦ ᠲᠠᠶᠢᠯᠠᠯᠳᠤᠭᠠᠨ ᠬᠢᠵᠤ ᠰᠢᠢᠳᠪᠤᠷᠢᠳᠤ ᠢᠯᠡᠯᠳᠡ ᠤᠯᠬᠤ ᠢᠳᠡᠭᠡᠯ ᠵᠤᠷᠢᠭ ᠢᠶᠠᠷ ᠤᠢ ᠰᠢᠭᠤᠢ ᠶᠢᠨ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠡᠨᠡ ᠤᠳᠠᠭᠠᠨ ᠤ ᠶᠡᠭᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠲᠦᠢᠮᠡᠷ ᠢ ᠬᠢᠷᠢ ᠵᠡᠷᠭᠡ ᠤᠨᠳᠠᠷᠠᠭᠠᠵᠤ ᠪᠠᠶᠢᠬᠤ ᠶᠢ ᠯᠢ ᠵᠢᠢ ᠾᠧᠩ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠴᠠᠭ ᠢᠮᠠᠬᠳᠠ ᠰᠠᠨᠠᠭᠠᠰᠢᠷᠠᠵᠤ ᠪᠠᠶᠢᠯ᠎ᠠ᠃ 4 ᠎ ᠤ ᠡᠳᠦᠷ ᠤᠨ ᠦᠳᠡ ᠶᠢᠨ ᠬᠤᠶᠢᠨ᠎ᠠ᠂ ᠲᠡᠷᠡ ᠤᠷᠳᠤᠰ ᠠᠴᠠ ᠪᠠᠴᠢᠮ ᠶᠠᠭᠠᠷᠠᠯᠳᠠᠢ ᠪᠠᠷ ᠮᠠᠰᠢᠨ ᠲᠡᠷᠭᠡ ᠪᠠᠷ ᠬᠦᠬᠡᠬᠤᠳᠠ ᠳᠤ ᠢᠷᠡᠵᠤ᠂ ᠪᠠᠷᠢᠨ ᠲᠤᠤᠷ᠎ᠠ ᠪᠠᠨ ᠨᠢᠰᠭᠡᠯ ᠳᠤ ᠰᠠᠭᠤᠨ ᠬᠠᠶᠢᠯᠠᠷ ᠵᠦᠭ ᠮᠤᠷᠳᠠᠪᠠ᠃ ᠨᠢᠰᠭᠡᠯ ᠠᠴᠠ ᠪᠠᠭᠤᠮᠠᠬᠴᠠ ᠲᠡᠷᠡ ᠮᠠᠰᠢᠨ ᠲᠡᠷᠭᠡᠨ ᠳᠤ ᠰᠠᠭᠤᠵᠤ ᠰᠦᠨᠢ ᠲᠦᠯᠢ ᠪᠠᠷ ᠬᠡᠭᠡᠨ ᠭᠤᠤᠯ ᠬᠤᠳᠠ ᠳᠤ ᠬᠦᠷᠴᠤ᠂ ᠲᠦᠢᠮᠡᠷ ᠤᠨ ᠬᠦᠳᠡᠯᠦᠩᠭᠦᠢ ᠪᠠᠶᠢᠳᠠᠯ ᠪᠤᠯᠤᠨ ᠰᠡᠷᠬᠡᠶᠢᠯᠡᠨ ᠡᠵᠡᠮᠳᠡᠭᠰᠡᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠳᠡ ᠶᠢ ᠰᠤᠨᠤᠰᠴᠤ᠂ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠠᠵᠢᠯ ᠢ ᠰᠤᠳᠤᠯᠵᠠᠢ᠃      5᠎ ᠤ ᠡᠳᠦᠷ ᠤᠨ ᠦᠷᠯᠦᠭᠡ᠂ ᠯᠢ ᠵᠢᠢ ᠾᠧᠩ ᠶᠢᠨ ᠾᠧ ᠪᠠᠯᠭᠠᠰᠦᠨ ᠳᠤ ᠬᠦᠷᠴᠤ ᠮᠤᠷᠳᠠᠬᠤ ᠪᠠᠷ ᠪᠡᠯᠡᠭᠡᠨ ᠪᠤᠯᠤᠭᠠᠳ ᠪᠠᠶᠢᠬᠰᠠᠨ ᠤᠢ ᠰᠢᠭᠤᠢ ᠶᠢᠨ ᠴᠠᠬᠳᠠᠭ᠎ᠠ ᠶᠢᠨ ᠭᠠᠯ ᠤᠨᠳᠠᠷᠠᠭᠠᠬᠤ ᠲᠠᠷᠤᠭ᠎ᠠ ᠪᠠᠶᠢᠯᠳᠤᠬᠴᠢᠳ ᠢ ᠲᠤᠬᠤᠨᠢᠭᠤᠯᠵᠤ᠂ ᠲᠡᠳᠡᠨ ᠳᠤ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠨ ᠲᠦᠢᠮᠡᠷ ᠢ ᠰᠢᠨᠵᠢᠯᠡᠭᠦ ᠤᠬᠠᠭᠠᠨᠴᠢ ᠪᠠᠷ ᠤᠨᠳᠠᠷᠠᠭᠠᠵᠤ᠂ ᠠᠮᠤᠷ ᠲᠦᠪᠰᠢᠨ ᠢ ᠠᠩᠬᠠᠷᠤᠨ ᠬᠡᠨᠡᠳᠳᠡ ᠶᠢᠨ ᠬᠡᠷᠡᠭ ᠡᠭᠦᠰᠭᠦ ᠠᠴᠠ ᠰᠡᠷᠬᠡᠶᠢᠯᠡᠵᠤ᠂ ᠲᠦᠢᠮᠡᠷ ᠢ ᠤᠨᠳᠠᠷᠠᠭᠠᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠭᠡᠷᠡᠢ ᠬᠡᠵᠤ ᠬᠦᠰᠡᠨ ᠵᠠᠬᠢᠪᠠ᠃ ᠲᠡᠷᠡ ᠵᠡᠪᠰᠡᠭᠳᠦ ᠴᠠᠬᠳᠠᠭᠠᠨ ᠤ ᠦᠪᠦᠷ ᠮᠤᠩᠭᠤᠯ ᠤᠨ ᠤᠢ ᠰᠢᠭᠤᠢ ᠶᠢᠨ ᠶᠡᠷᠦᠩᠬᠡᠢ ᠠᠩᠬᠢ ᠶᠢᠨ ᠴᠢᠶᠠᠨᠵᠢᠨ ᠵᠢᠯᠤᠭᠤᠳᠬᠤ ᠭᠠᠵᠠᠷ ᠤᠨ ᠮᠠᠶᠢᠬᠠᠨ ᠳᠤ ᠤᠷᠤᠵᠤ᠂ ᠤᠢ ᠰᠢᠭᠤᠢ ᠶᠢᠨ ᠲᠦᠢᠮᠡᠷ ᠢ ᠤᠨᠳᠠᠷᠠᠭᠠᠬᠤ ᠲᠠᠶᠢᠯᠠᠯᠳᠤᠭᠠᠨ ᠤ ᠪᠠᠶᠢᠳᠠᠯ ᠢ ᠨᠠᠷᠢᠯᠢᠭ ᠤᠶᠢᠯᠠᠭᠠᠪᠠ᠃ ᠲᠠᠷᠠᠭ᠎ᠠ ᠨᠢ ᠲᠡᠷᠡ ᠬᠠᠨᠮᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠳᠤ ᠬᠤᠷᠠᠯ ᠬᠢᠵᠦ᠂ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠠᠵᠢᠯ ᠢ ᠬᠦᠨᠵᠡᠭᠡᠢ ᠰᠤᠳᠤᠯᠤᠨ ᠪᠠᠶᠢᠷᠢᠯᠠᠭᠤᠯᠵᠤ᠂ ᠲᠦᠢᠮᠡᠷ ᠢ ᠤᠨᠳᠠᠷᠠᠭᠠᠬᠤ ᠬᠠᠮᠳᠤᠷᠠᠬᠰᠠᠨ ᠵᠢᠯᠤᠭᠤᠳᠬᠤ ᠭᠠᠵᠠᠷ ᠢ ᠪᠠᠶᠢᠭᠤᠯᠬᠤ ᠪᠠᠷ ᠲᠤᠬᠳᠠᠵᠠᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠨᠡ ᠤᠳᠠᠭ᠎ᠠ ᠶᠢᠨ ᠤᠢ ᠰᠢᠭᠤᠢ ᠶᠢᠨ ᠲᠦᠢᠮᠡᠷ ᠢ ᠤᠨᠳᠠᠷᠠᠭᠠᠬᠤ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠪᠤᠢ᠂ ᠡᠨᠡ ᠤᠳᠠᠭ᠎ᠠ ᠶᠢᠨ ᠲᠦᠢᠮᠡᠷ ᠢ ᠤᠨᠳᠠᠷᠠᠭᠠᠬᠤ ᠲᠠᠶᠢᠯᠠᠯᠳᠤᠭᠠᠨ ᠤ ᠢᠯᠠᠯᠳᠠ ᠶᠢ ᠤᠯᠵᠤ ᠲᠡᠶᠢᠯᠬᠦ ᠡᠰᠡᠭᠦ ᠨᠢ ᠮᠠᠨ ᠤ ᠵᠤᠬᠢᠶᠠᠨ ᠪᠠᠶᠢᠭᠤᠯᠬᠤ ᠴᠢᠳᠠᠪᠤᠷᠢ ᠪᠤᠯᠤᠨ ᠪᠠᠶᠢᠯᠳᠤᠬᠤ ᠴᠢᠳᠠᠪᠤᠷᠢ ᠶᠢ ᠰᠢᠯᠭᠠᠵᠤ ᠪᠠᠶᠢᠬᠤ ᠮᠦᠷᠳᠡᠭᠡᠨ ᠮᠠᠨ ᠤ ᠶᠡᠭᠡ ᠲᠠᠯ᠎ᠠ ᠶᠢᠨ ᠤᠬᠠᠮᠰᠠᠷ ᠪᠤᠯᠤᠨ ᠬᠠᠷᠢᠭᠤᠴᠠᠯᠭ᠎ᠠ ᠡᠭᠦᠷᠭᠡᠯᠡᠯ ᠢ ᠴᠤ ᠰᠢᠯᠭᠠᠵᠤ ᠪᠠᠶᠢᠨ᠎ᠠ᠃ ᠦᠵᠡᠯ ᠲᠠᠨᠢᠯᠳᠠ ᠪᠠᠨ ᠦᠨᠡᠨᠭᠦ ᠲᠡᠭᠡᠭᠰᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠪᠠᠳᠤ ᠴᠡᠭᠡᠵᠢᠯᠡᠵᠤ᠂ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠠᠵᠢᠯ ᠢ ᠰᠠᠶᠢᠳᠤᠷ ᠬᠢᠭᠦ ᠶᠠᠪᠤᠳᠠᠯ ᠢ ︽ᠲᠦᠷᠪᠡᠨ ᠤᠬᠠᠮᠰᠠᠷ︾᠎ ᠢ ᠦᠢᠯᠡᠳᠦᠯᠭᠡᠵᠢᠭᠦᠯᠭᠦ ᠪᠤᠳᠠᠳᠤ ᠠᠵᠢᠯᠯᠠᠭ᠎ᠠ ᠪᠠᠨ ᠪᠤᠯᠭᠠᠵᠤ᠂ ᠨᠠᠮ ᠵᠠᠰᠠᠭ ᠴᠡᠷᠢᠭ ᠴᠠᠬᠳᠠᠭ᠎ᠠ ᠠᠷᠠᠳ ᠲᠦᠮᠡᠨ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠨ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠲᠦᠢᠮᠡᠷ ᠢ ᠵᠠᠪᠠᠯ ᠲᠠᠷᠤᠢ ᠲᠦᠷᠭᠡᠨ ᠤᠨᠳᠠᠷᠠᠭᠠᠵᠤ᠂ ᠭᠠᠮᠰᠢᠭ ᠠᠴᠠ ᠪᠤᠯᠤᠬᠰᠠᠨ ᠬᠤᠬᠢᠷᠠᠯ ᠢ ᠬᠠᠮᠤᠭ ᠎ ᠤᠨ ᠶᠡᠭᠡ ᠬᠡᠮᠵᠢᠶ᠎ᠠ ᠪᠠᠷ ᠪᠠᠭᠠᠰᠬᠠᠨ᠂ ᠶᠡᠭᠡ ᠬᠢᠩᠭᠠᠨ ᠲᠠᠪᠠᠭ᠎ᠠ ᠶᠢᠨ ᠡᠨᠡᠭᠦ ᠨᠤᠮᠢᠨ ᠨᠤᠭᠤᠭᠠᠨ ᠬᠦᠪᠴᠢ ᠤᠢ ᠶᠢ ᠰᠠᠶᠢᠳᠤᠷ ᠬᠠᠮᠠᠭᠠᠯᠠᠬᠤ ᠬᠡᠷᠡᠭᠳᠡᠢ᠃ ᠵᠤᠬᠢᠶᠠᠨ ᠪᠠᠶᠢᠭᠤᠯᠵᠤ ᠤᠳᠤᠷᠢᠳᠬᠤ ᠠᠵᠢᠯ ᠢᠶᠠᠨ ᠦᠨᠡᠨᠭᠦ ᠴᠢᠩᠭᠠᠳᠬᠠᠵᠤ᠂ ᠡᠯ᠎ᠠ ᠬᠠᠮᠢᠶ᠎ᠠ ᠪᠦᠬᠦᠢ ᠲᠠᠯ᠎ᠠ ᠶᠢᠨ ᠬᠢᠨ ᠴᠦᠮ ᠵᠠᠷᠯᠢᠭ ᠢ ᠲᠠᠭᠠᠨ ᠵᠢᠯᠤᠭᠤᠳᠤᠯᠭ᠎ᠠ ᠶᠢ ᠰᠤᠨᠤᠰᠴᠤ᠂ ᠠᠵᠢᠯᠯᠠᠭ᠎ᠠ ᠨᠢᠭᠡᠳᠦᠯᠳᠡᠢ ᠠᠯᠬᠤᠮ ᠨᠢᠭᠡᠳᠦᠯᠳᠡᠢ ᠪᠠᠶᠢᠵᠤ᠂ ᠨᠢᠭᠡ ᠬᠦᠯᠭᠡ ᠰᠢᠳᠠᠷ᠎ᠠ ᠪᠤᠯᠵᠤ ᠨᠡᠶᠢᠯᠡᠮᠡᠯ ᠬᠦᠴᠦᠨ ᠢ ᠪᠦᠷᠢᠯᠳᠦᠭᠦᠯᠭᠦ ᠬᠡᠷᠡᠭᠳᠡᠢ᠃ ᠵᠢᠯᠤᠭᠤᠳᠤᠯᠭ᠎ᠠ ᠵᠤᠬᠢᠴᠠᠭᠤᠯᠭ᠎ᠠ ᠪᠠᠨ ᠦᠨᠡᠨᠭᠦ ᠴᠢᠩᠭᠠᠳᠬᠠᠵᠤ᠂ ᠰᠢᠨᠵᠢᠯᠡᠭᠦ ᠤᠬᠠᠭᠠᠨᠴᠢ ᠪᠠᠷ ᠲᠤᠶᠢᠮᠡᠷ ᠢ ᠤᠨᠳᠠᠷᠠᠭᠠᠨ ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠵᠤ᠂  ᠢᠯᠠᠩᠭᠤᠶ᠎ᠠ ᠬᠦᠮᠦᠨ ᠎ ᠤ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠮᠦᠨ ᠬᠠᠷ᠎ᠠ ᠦᠭᠦᠵᠤ ᠰᠢᠷᠬᠠᠳᠤᠬᠤ ᠪᠠᠶᠢᠳᠠᠯ ᠭᠠᠷᠬᠤ  ᠶᠢ ᠡᠷᠡᠰ ᠬᠤᠷᠢᠬᠯᠠᠬᠤ ᠬᠡᠷᠡᠭᠳᠡᠢ᠃ ᠦᠢᠯᠡᠴᠢᠯᠡᠭᠡ ᠪᠠᠳᠤᠯᠠᠭ᠎ᠠ ᠶᠢ ᠦᠨᠡᠨᠭᠦ ᠪᠠᠳᠤᠯᠠᠵᠤ᠂ ᠡᠯ᠎ᠠ ᠬᠠᠮᠢᠶ᠎ᠠ ᠪᠦᠬᠦᠢ ᠲᠠᠯ᠎ᠠ ᠶᠢᠨ ᠬᠢᠨ ᠪᠦᠬᠦ ᠬᠦᠴᠦᠨ ᠢᠶᠠᠷ ᠢᠶᠠᠨ ᠴᠢᠷᠮᠠᠶᠢᠨ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠤ᠂ ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠳᠤ ᠪᠠᠳᠤ ᠴᠢᠩᠭ᠎ᠠ ᠬᠦᠴᠦᠨ ᠪᠦᠬᠦᠢ ᠲᠤᠰᠠᠯᠠᠮᠵᠢ ᠲᠡᠮᠵᠢᠯᠭᠡ ᠦᠵᠡᠭᠦᠯᠭᠦ ᠬᠡᠷᠡᠭᠳᠡᠢ᠃ ᠵᠤᠬᠢᠴᠠᠭᠤᠯᠬᠤ ᠬᠤᠯᠪᠤᠭᠠᠯᠠᠨ ᠬᠦᠳᠡᠯᠦᠯᠴᠡᠭᠦ ᠶᠢ ᠦᠨᠡᠨᠭᠦ ᠭᠦᠢᠴᠡᠳᠭᠡᠵᠤ᠂ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠬᠠᠮᠢᠶ᠎ᠠ ᠪᠦᠬᠦᠢ ᠴᠡᠷᠢᠭ ᠠᠩᠬᠢ ᠯᠤᠭ᠎ᠠ ᠶᠢᠨ ᠬᠠᠷᠢᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠵᠤ᠂ ᠲᠡᠳᠡᠨ ᠤ ᠬᠠᠪᠰᠤᠷᠤᠯᠭ᠎ᠠ ᠲᠡᠮᠵᠢᠯᠭᠡ ᠶᠢ ᠨᠢ ᠢᠳᠡᠪᠬᠢᠳᠡᠢ ᠤᠯᠵᠤ᠂ ᠬᠠᠷᠠᠮᠦᠶᠢᠷᠡᠨ ᠮᠤᠵᠢ ᠲᠠᠢ ᠨᠢᠬᠳᠠ ᠨᠡᠪᠲᠡᠷᠡᠯᠴᠡᠨ ᠬᠠᠮᠵᠢᠯᠴᠠᠵᠤ᠂ ᠲᠦᠢᠮᠡᠷ ᠎ ᠢ ᠤᠨᠳᠠᠷᠠᠭᠠᠬᠤ ᠲᠠᠶᠢᠯᠠᠯᠳᠤᠭᠠᠨ ᠢ ᠬᠤᠯᠪᠤᠭᠠᠯᠠᠨ ᠰᠠᠶᠢᠳᠤᠷ ᠬᠢᠭᠦ ᠬᠡᠷᠡᠭᠳᠡᠢ᠃ ᠵᠠᠳᠠᠯᠵᠤ ᠰᠡᠳᠬᠢᠨ ᠲᠤᠩᠭᠠᠬᠤ ᠶᠢ ᠦᠨᠡᠨᠭᠦ ᠪᠤᠳᠠᠳᠠᠢ ᠳᠤ ᠨᠠᠶᠢᠳᠠᠪᠤᠷᠢᠵᠢᠭᠤᠯᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠦᠩᠭᠡᠷᠡᠭᠰᠡᠨ ᠢᠶᠠᠨ ᠵᠠᠯᠬᠠᠭᠠᠵᠤ ᠬᠤᠶᠢᠰᠢᠬᠢ ᠳᠤ ᠴᠡᠭᠡᠷᠯᠡᠯ ᠪᠤᠯᠭᠠᠨ᠂ ᠭᠠᠯ ᠲᠤᠶᠢᠮᠠᠷ ᠢ ᠰᠡᠷᠬᠡᠶᠢᠯᠡᠭᠦ ᠬᠠᠷᠢᠭᠤᠴᠠᠯᠭ᠎ᠠ ᠶᠢᠨ ᠲᠦᠷᠢᠮ ᠢ ᠡᠷᠡᠰ ᠴᠢᠩᠭ᠎ᠠ ᠨᠡᠶᠢᠳᠡᠪᠦᠷᠢᠵᠢᠭᠤᠯᠵᠤ᠂ ᠰᠡᠷᠬᠡᠶᠢᠯᠡᠭᠦ ᠤᠷᠢᠳᠴᠢᠯᠡᠨ ᠰᠡᠷᠡᠮᠵᠢᠯᠡᠭᠦᠯᠭᠦ ᠠᠵᠢᠯ ᠢ ᠴᠢᠩᠭᠠᠳᠬᠠᠨ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠭᠦ ᠠᠵᠢᠯ ᠢ ᠪᠠᠶᠢᠩᠭᠤ ᠰᠠᠶᠢᠳᠤᠷ ᠠᠳᠬᠤᠬᠤ ᠬᠡᠷᠡᠭᠳᠡᠢ ᠭᠡᠵᠡᠢ᠃      ᠡᠨᠡ ᠬᠤᠭᠤᠴᠠᠭᠠᠨ ᠳᠤ᠂ ᠯᠢ ᠵᠢᠢ ᠾᠧᠩ ᠪᠠᠰᠠ ᠬᠠᠷᠠᠮᠦᠶᠢᠷᠡᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠠᠩ ᠴᠢᠩ ᠸᠧᠢ ᠳᠤ ᠴᠠᠬᠢᠯᠭᠠᠨ ᠴᠢᠮᠡᠭᠡ ᠢᠯᠡᠭᠡᠵᠤ᠂ ᠬᠤᠯᠪᠤᠭᠠᠯᠠᠨ ᠲᠦᠢᠮᠡᠷ ᠢ ᠤᠨᠳᠠᠷᠠᠭᠠᠬᠤ ᠬᠠᠮᠢᠶ᠎ᠠ ᠪᠦᠬᠦᠢ ᠵᠦᠢᠯᠡᠰ ᠢ ᠬᠠᠮᠳᠤᠪᠡᠷ ᠵᠦᠪᠳᠡᠯᠴᠡᠪᠡ᠃      ᠤᠯᠤᠰ ᠤᠨ ᠤᠢ ᠰᠢᠭᠤᠢ ᠪᠠ ᠨᠤᠳᠤᠬ ᠪᠡᠯᠴᠢᠬᠡᠷ ᠤᠨ ᠲᠤᠪᠴᠢᠶ᠎ᠠ ᠶᠢᠨ ᠲᠡᠳ᠋ ᠲᠠᠷᠤᠭ᠎ᠠ ᠯᠢ ᠱᠦ ᠮᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ᠂ ᠵᠡᠪᠰᠡᠭᠳᠦ ᠴᠠᠬᠳᠠᠭᠠᠨ ᠤ ᠤᠢ ᠰᠢᠭᠤᠢ ᠶᠢᠨ ᠵᠢᠯᠤᠭᠤᠳᠬᠤ ᠭᠠᠵᠠᠷ ᠤᠨ ᠱᠲ᠋ᠠᠪ ᠤᠨ ᠲᠠᠷᠤᠭ᠎ᠠ ᠫᠧᠩ ᠰᠢᠶᠤᠤ ᠬᠦᠸᠧ ᠲᠤᠬᠤᠨᠢᠭᠤᠯᠭ᠎ᠠ ᠳᠤ ᠤᠷᠤᠯᠴᠠᠭᠰᠠᠨ ᠪᠦᠬᠡᠳ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号