ᠡᠨᠡ ᠵᠢᠯ ᠬᠥᠬᠡᠬᠤᠲᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠰᠦᠢᠳᠬᠡᠯ ᠬᠤᠷᠢᠶᠠᠬᠤ ᠦᠭᠡᠢ ᠪᠠᠷ ᠡᠷᠬᠢᠯᠡᠬᠦ ᠪᠠᠷ ᠪᠤᠢ
ᠨᠡᠶᠢᠲᠡᠯᠡᠭᠰᠡᠨ ᠴᠠᠭ᠄
2018/6/6
      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠵᠤ ᠶᠢ ᠨᠢ ᠵᠣᠷᠢᠭᠵᠢᠭᠤᠯᠤᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠠᠬᠢᠭᠤᠯᠬᠤ ᠲᠡᠬᠢᠨ ᠨᠡᠮᠡᠭᠳᠡᠯ ᠤᠨ ᠨᠥᠯᠥᠭᠡᠯᠡᠯ ᠢ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠭᠦᠢᠴᠡᠳ ᠠᠬᠢᠭᠤᠯᠬᠤ ᠶᠢᠨ ᠲᠥᠯᠥᠭᠡ᠂ ᠡᠨᠡ ᠵᠢᠯ ᠬᠥᠬᠡᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠰᠦᠢᠳᠬᠡᠯ ᠬᠤᠷᠢᠶᠠᠬᠤ ᠦᠭᠡᠢ ᠪᠠᠷ ᠡᠷᠬᠢᠯᠡᠬᠦ ᠪᠠᠷ ᠪᠠᠶᠢᠨ᠎ᠠ᠃ ᠲᠤᠰ ᠤᠳᠠᠭᠠᠨ ᠤ ᠰᠦᠢᠳᠬᠡᠯ ᠬᠤᠷᠢᠶᠠᠬᠤ ᠦᠭᠡᠢ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠭᠰᠠᠳ ᠲᠤ᠄ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠪᠠ ᠠᠳᠠᠯ ᠦᠶᠯᠡᠰ ᠴᠣᠭᠴᠠᠯᠠᠬᠤ ᠲᠥᠷᠥᠯ ᠵᠦᠶᠯ ᠳᠤ ᠪᠠᠶᠢᠭ᠎ᠠ ᠲᠡᠭᠦᠰᠬᠦ ᠣᠨ ᠤ ᠪᠦᠬᠦᠯᠢ ᠡᠳᠦᠷ ᠤᠨ ᠳᠦᠷᠢᠮᠲᠦ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠳ ︵ᠮᠠᠰᠲ᠋ᠧᠷ ᠤᠨ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠲᠠᠨ ᠤ ᠠᠩᠭᠢ᠂ ᠪᠡᠯᠡᠳᠬᠡᠯ ᠮᠠᠰᠲ᠋ᠧᠷ ᠤᠨ ᠠᠩᠭᠢ ᠪᠣᠯᠣᠨ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠡᠷᠭᠡᠵᠢᠯ ᠢᠶᠠᠷ  ᠲᠡᠭᠦᠰᠦᠭᠰᠡᠳ︶᠂ ᠬᠥᠬᠡᠬᠤᠲᠠ ᠭᠠᠵᠠᠷ ᠣᠷᠣᠨ ᠠᠴᠠ ᠢᠷᠡᠯᠲᠡ ᠲᠠᠢ ᠰᠤᠷᠤᠭᠴᠢ ᠶᠢ ᠡᠩ ᠲᠡᠷᠢᠭᠦᠨ ᠳᠤ ᠡᠯᠰᠡᠨ᠎ᠡ᠃ ᠪᠣᠯᠪᠠᠰᠤᠷᠠᠭᠤᠯᠤᠯ ᠤᠨ ᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠤᠳᠤᠯᠤᠨ ᠨᠡᠭᠡᠭᠡᠭᠰᠡᠨ ︽ᠳ᠋ᠦᠩ ᠶᠦᠨ ᠴᠢ  ᠴᠤᠸᠠᠩ ᠠᠳᠠᠯ ᠦᠶᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠵᠥᠭᠡᠯᠡᠨ ᠲᠤᠨᠤᠭᠯᠠᠯ︾ ᠵᠢᠴᠢ ᠤᠶᠤᠲᠠᠳ ᠤᠨ ᠠᠳᠠᠯ ᠦᠶᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠪᠣᠯᠤᠨ᠎ᠠ᠃ ᠠᠭᠤᠯᠭ᠎ᠠ ᠶᠢ ᠨᠢ 10 ᠬᠡᠰᠡᠭ ︵ᠠᠳᠠᠯ ᠦᠶᠯᠡᠰ ᠴᠣᠭᠴᠠᠯᠠᠬᠤ ᠣᠷᠴᠢᠨ ᠲᠣᠭᠤᠷᠢᠨ ᠤ ᠵᠠᠳᠠᠯᠤᠯᠲᠠ᠂ ᠥᠨᠳᠥᠷ ᠪᠦᠲᠦᠮᠵᠢᠲᠡᠶ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ᠂ ᠰᠢᠨ᠎ᠡ ᠶᠢ ᠡᠭᠦᠳᠬᠦ ᠰᠡᠳᠬᠢᠬᠦᠶ ᠶᠢ ᠬᠥᠭᠵᠢᠭᠡᠬᠦ᠂ ᠠᠵᠤ ᠠᠬᠤᠶᠢᠯᠠᠯ ᠡᠷᠬᠢᠯᠡᠬᠦ ᠪᠡᠯᠡᠳᠬᠡᠯ ᠵᠡᠷᠭᠡ ᠪᠠᠭᠲᠠᠨ᠎ᠠ︶᠂ ᠨᠢᠭᠡ ᠰᠦᠯᠵᠢᠶᠡᠨ ᠳᠡᠭᠡᠷ᠎ᠡ ᠰᠤᠷᠤᠯᠴᠠᠬᠤ ᠲᠠᠪᠴᠠᠩ ︵ᠬᠢᠴᠢᠶᠡᠯ ᠬᠥᠮᠥᠵᠢᠯ ᠤᠨ ᠲᠥᠪ᠂ ᠶᠠᠷᠢᠶᠠᠨ ᠤ ᠲᠠᠪᠴᠠᠩ ᠤᠨ ᠶᠠᠷᠢᠶᠠᠨ ᠤ ᠲᠠᠩᠬᠢᠮ᠂ ᠠᠳᠠᠯ ᠦᠢᠯᠡᠰ ᠴᠣᠭᠴᠠᠯᠠᠬᠤ ᠬᠤᠯᠪᠣᠭ᠎ᠠ᠂ ᠴᠢ ᠴᠤᠸᠠᠩ ᠰᠢᠭᠤᠳ ᠨᠡᠪᠲᠡᠷᠡᠭᠦᠯᠭᠡ᠂ ᠠᠳᠠᠯ ᠦᠢᠯᠡᠰ ᠴᠣᠭᠴᠠᠯᠠᠬᠤ ᠤᠷᠤᠯᠳᠤᠭᠠᠨ ᠭᠡᠬᠦ ᠲᠠᠪᠤᠨ ᠶᠡᠭᠡ ᠬᠡᠰᠡᠭ ᠪᠠᠭᠲᠠᠨ᠎ᠠ︶ ᠬᠤᠪᠢᠶᠠᠨ᠎ᠠ᠃ ᠪᠣᠯᠪᠠᠰᠤᠷᠠᠭᠤᠯᠤᠯ ᠳᠤ ᠤᠨᠤᠯ ᠤᠨ ᠬᠢᠴᠢᠶᠡᠯᠯᠡᠭᠡ ᠬᠢᠭᠡᠳ ᠳᠠᠳᠤᠯᠭ᠎ᠠ ᠪᠣᠯᠪᠠᠰᠤᠷᠠᠯ ᠤᠨ ᠲᠠᠪᠴᠠᠩ ᠎ ᠤᠨ ᠪᠣᠯᠪᠠᠰᠤᠷᠠᠭᠤᠯᠤᠯ ᠯᠤᠭ᠎ᠠ ᠤᠶᠠᠯᠳᠤᠭᠤᠯᠬᠤ ᠠᠷᠭ᠎ᠠ ᠬᠡᠯᠪᠡᠷᠢ ᠠᠪᠴᠤ᠂ ᠪᠣᠯᠪᠠᠰᠤᠷᠠᠭᠤᠯᠤᠯ ᠤᠨ ᠴᠠᠭ ᠢ 108 ᠬᠢᠴᠢᠶᠡᠯ ᠴᠠᠭ ᠠᠴᠠ ᠳᠤᠲᠠᠭᠤ ᠪᠠᠶᠢᠯᠭᠠᠬᠤ ᠦᠭᠡᠢ᠃ ᠪᠣᠯᠪᠠᠰᠤᠷᠠᠯ ᠳᠤ ᠬᠢᠷᠢ ᠲᠡᠩᠴᠡᠭᠰᠡᠨ ᠰᠤᠷᠤᠭᠴᠢ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠨᠢᠭᠡᠳᠦᠯᠲᠡᠶ ᠳᠠᠷᠤᠮᠠᠯᠯᠠᠭᠰᠠᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ ᠡᠭᠦᠨ ᠠᠴᠠ ᠭᠠᠳᠠᠨ᠎ᠠ᠂ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠰᠤᠷᠤᠯᠭ᠎ᠠ ᠶᠢᠨ ᠵᠠᠷᠤᠳᠠᠯ᠂ ᠨᠣᠮ ᠤᠨ ᠵᠠᠷᠤᠳᠠᠯ ᠢ ᠴᠥᠮ ᠬᠤᠳᠡ ᠶᠢᠨ ᠵᠠᠰᠠᠭ ᠤᠨ ᠣᠷᠳᠣᠨ ᠠᠴᠠ ᠲᠡᠳᠬᠦᠨ ᠲᠤᠰᠠᠯᠠᠵᠤ᠂ ᠬᠤᠭᠤᠯᠠ ᠬᠤᠨᠤᠭ ᠤᠨ ᠵᠠᠷᠤᠳᠠᠯ ᠢ ᠥᠪᠡᠷᠰᠡᠳ ᠢᠶᠠᠨ ᠬᠠᠷᠢᠭᠤᠴᠠᠨ᠎ᠠ᠃  ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠲᠡᠭᠦᠰᠦᠭᠰᠡᠳ ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠣᠷᠣᠨ ᠤ ᠲᠥᠪ ᠤᠨ ᠠᠳᠠᠯ ᠦᠢᠯᠡᠰ ᠴᠣᠭᠴᠠᠯᠠᠬᠤ ᠳᠤ ᠦᠵᠡᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ᠃ ᠭᠤᠶᠤᠴᠢᠯᠠᠭᠴᠢ ᠨᠢ ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠎ ᠳᠤ ᠣᠷᠣᠯᠴᠠᠬᠤ ᠭᠤᠶᠤᠴᠢᠯᠠᠯ ᠤᠨ ᠬᠦᠰᠦᠨᠦᠭᠲᠦ ᠶᠢ ᠪᠠᠭᠤᠯᠭᠠᠨ ᠠᠪᠴᠤ᠂ ᠦᠨᠡᠨ ᠮᠥᠨ ᠢᠶᠠᠷ ᠨᠢ ᠲᠠᠭᠯᠠᠭᠰᠠᠨ ᠤ ᠳᠠᠷᠠᠭ᠎ᠠ ᠢᠮᠧᠯ ︵hsgxbyscypx@126.com︶ ᠢᠯᠡᠭᠡᠵᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠤᠨ᠎ᠠ᠃ ᠨᠡᠷ᠎ᠡ ᠮᠡᠳᠡᠭᠦᠯᠬᠦ ᠳᠤ᠄ ᠪᠡᠶ᠎ᠡ ᠶᠢᠨ ᠦᠨᠡᠮᠯᠡᠯ ᠤᠨ ᠬᠠᠭᠤᠯᠪᠤᠷᠢ 2 ᠬᠤᠪᠢ ︵ᠵᠥᠪ ᠪᠤᠷᠤᠭᠤ ᠬᠤᠶᠠᠷ ᠲᠠᠯ᠎ᠠ ᠶᠢᠨ ᠬᠠᠭᠤᠯᠪᠤᠷᠢ ᠪᠠᠶᠢᠬᠤ ᠶᠢ ᠱᠠᠭᠠᠷᠳᠠᠨ᠎ᠠ︶︔ ᠡᠷᠤᠭᠡ ᠠᠮᠠ ᠶᠢᠨ ᠲᠠᠩᠰᠠ ᠶᠢᠨ ᠬᠠᠭᠤᠯᠪᠤᠷᠢ 2 ᠬᠤᠪᠢ ︵ᠡᠷᠦᠬᠡ ᠠᠮᠠ ᠶᠢᠨ ᠳᠠᠩᠰᠠᠨ ᠤ ᠲᠡᠷᠢᠭᠦᠨ ᠨᠢᠭᠤᠷ ᠪᠠ ᠲᠤᠰ ᠬᠥᠮᠦᠨ ᠤ ᠪᠠᠶᠢᠭ᠎ᠠ ᠨᠢᠭᠤᠷ ᠤᠨ ᠬᠠᠭᠤᠯᠪᠤᠷᠢ ᠪᠠᠶᠢᠬᠤ ᠶᠢ ᠱᠠᠭᠠᠷᠳᠠᠨ᠎ᠠ︶︔ ᠰᠤᠷᠭᠠᠭᠤᠯᠢ ᠲᠡᠭᠦᠰᠦᠭᠰᠡᠨ ᠦᠨᠡᠮᠯᠡᠯ ᠤᠨ ᠬᠠᠭᠤᠯᠪᠤᠷᠢ 2 ᠬᠤᠪᠢ︔ ᠨᠢᠭᠡ ᠢᠮᠠᠬᠤ ᠶᠢᠨ ᠪᠣᠳᠤᠭᠲᠤ ᠭᠡᠷᠡᠯ ᠵᠢᠷᠤᠭ 2 ᠬᠤᠪᠢ ᠲᠤᠰᠢᠶᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号