ᠡᠨᠡ ᠵᠢᠯ ᠠᠴᠠ ᠡᠬᠢᠯᠡᠨ ᠥᠪᠥᠷ ᠮᠣᠩᠭᠤᠯ ᠤᠯᠠᠨ ᠲᠦᠮᠡᠨ ᠤ ᠡᠪᠡᠳᠴᠢᠨ ᠦᠵᠡᠭᠦᠯᠬᠦ ᠲᠦᠷᠦᠭᠳᠡᠯ ᠢ ᠤᠯᠠᠨ ᠲᠠᠯ᠎ᠠ ᠠᠴᠠ ᠭᠠᠷᠳᠠᠨ ᠰᠠᠶᠢᠵᠢᠷᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/6/7
     ᠡᠮᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠲᠦᠷᠦᠭᠳᠡᠯ ᠢ ᠰᠠᠶᠢᠵᠢᠷᠠᠭᠤᠯᠬᠤ ᠶᠢᠨ ᠲᠦᠯᠦᠭᠡ᠂ ᠡᠨᠡ ᠵᠢᠯ ᠠᠴᠠ ᠡᠬᠢᠯᠡᠨ᠂ ᠮᠠᠨ ᠤ ᠣᠷᠣᠨ ᠤ ᠡᠮᠴᠢᠯᠡᠭᠡ ᠶᠢᠨ ᠪᠠᠶᠢᠭᠤᠯᠤᠮᠵᠢ ᠪᠣᠯᠵᠣᠵᠤ ᠡᠮᠴᠢᠯᠡᠭᠦᠯᠬᠦ᠂ ᠠᠯᠤᠰ ᠵᠠᠶ ᠶᠢᠨ ᠡᠮᠴᠢᠯᠡᠭᠡ᠂ ᠡᠮᠴᠢᠯᠡᠭᠡᠨ ᠤ ᠵᠠᠮ ᠮᠦᠷ ᠤᠨ ᠬᠠᠮᠢᠶᠠᠷᠤᠯᠲᠠ᠂ ᠪᠠᠶᠢᠴᠠᠭᠠᠯᠲᠠ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠡᠮᠨᠡᠯᠭᠡ ᠶᠢᠨ ᠶᠠᠪᠤᠳᠠᠯ ᠤᠨ ᠨᠡᠶᠢᠭᠡᠮ ᠤᠨ ᠰᠠᠶᠢᠨ ᠳᠤᠷ᠎ᠠ ᠶᠢᠨ ᠠᠵᠢᠯᠲᠠᠨ ᠪᠠ ᠠᠵᠢᠯᠯᠠᠭᠰᠠᠳ ᠤᠨ ᠳᠦᠷᠢᠮ ᠢ ᠪᠠᠶᠢᠭᠤᠯᠵᠤ᠂ ᠡᠭᠦᠨ ᠤ ᠤᠯᠠᠮ ᠢᠶᠠᠷ ᠡᠮᠴᠢᠯᠡᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠪᠤᠯᠵᠤᠵᠤ ᠡᠮᠴᠢᠯᠡᠭᠦᠯᠬᠦ ᠲᠦᠷᠢᠮ ᠤᠨ ᠲᠠᠯ᠎ᠠ ᠪᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠵᠣᠵᠤ ᠡᠮᠴᠢᠯᠡᠭᠦᠯᠬᠦ ᠦᠢᠯᠡᠴᠢᠯᠡᠭᠡᠨ ᠤ ᠬᠠᠷᠢᠴᠠᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠤᠯᠵᠤᠬᠤ ᠴᠠᠭ ᠢ 1 ᠴᠠᠭ ᠤᠨ ᠳᠤᠲᠤᠷ᠎ᠠ ᠤᠨᠤᠪᠴᠢᠲᠠᠢ ᠪᠤᠯᠭᠠᠵᠤ᠂ 2020 ᠣᠨ ᠪᠣᠯᠬᠤ ᠳᠤ ᠡᠯ᠎ᠡ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠴᠦᠮ ᠴᠠᠭ ᠬᠤᠪᠢᠶᠠᠨ ᠪᠣᠯᠵᠣᠵᠤ ᠡᠮᠴᠢᠯᠡᠭᠦᠯᠬᠦ ᠪᠠ ᠲᠥᠪᠯᠡᠷᠡᠭᠦᠯᠦᠨ ᠪᠤᠯᠵᠤᠵᠤ ᠪᠠᠶᠢᠴᠠᠭᠠᠯᠲᠠ ᠰᠢᠯᠭᠠᠨ ᠪᠠᠶᠢᠴᠠᠭᠠᠯᠲᠠ ᠬᠢᠬᠦ ᠶᠢ ᠬᠡᠷᠡᠭᠵᠢᠭᠦᠯᠬᠦ ᠪᠤᠯᠤᠨ᠎ᠠ᠃ ᠨᠥᠬᠦᠴᠡᠯ ᠲᠠᠢ ᠡᠮᠨᠡᠯᠭᠡ ᠶᠢᠨ ᠬᠤᠷᠢᠶ᠎ᠠ ᠎ ᠨᠢ ᠡᠮᠨᠡᠯᠭᠡ ᠳᠤ ᠰᠠᠭᠤᠬᠤ ᠣᠷᠣ᠂ ᠡᠳᠦᠷ ᠤᠨ ᠮᠡᠰᠡ ᠵᠠᠰᠠᠯ ᠤᠨ ᠪᠤᠯᠵᠤᠯᠲᠤ ᠦᠢᠯᠡᠴᠢᠯᠡᠭᠡ ᠶᠢ ᠠᠯᠬᠤᠮ ᠠᠯᠬᠤᠮ ᠢᠶᠠᠷ ᠪᠦᠷᠢᠨᠰᠢᠭᠦᠯᠦᠨ᠎ᠡ᠃      ᠠᠯᠤᠰ ᠵᠠᠢ ᠶᠢᠨ ᠡᠮᠴᠢᠯᠡᠭᠡ ᠶᠢᠨ ᠲᠦᠷᠢᠮ ᠤᠨ ᠲᠠᠯ᠎ᠠ ᠪᠠᠷ᠂ ᠪᠤᠶ ᠪᠦᠬᠦᠢ ᠡᠮᠨᠡᠯᠭᠡ ᠶᠢᠨ ᠬᠤᠯᠪᠣᠭᠠᠲᠤ ᠴᠣᠭᠴᠠ ᠨᠢ ᠪᠦᠷᠢᠯᠳᠦᠬᠦᠨ ᠨᠢᠭᠡᠴᠡ ᠶᠢᠨ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢ ᠪᠦᠷᠢᠨ ᠪᠦᠷᠬᠦᠭᠦᠯᠦᠨ᠎ᠡ᠃ ᠡᠮᠨᠡᠯᠭᠡ ᠶᠢᠨ ᠬᠤᠯᠪᠣᠭᠠᠲᠤ ᠴᠣᠭᠴᠠ ᠶᠢᠨ ᠳᠠᠭᠠᠭᠤᠯᠤᠭᠴᠢ ᠡᠮᠨᠡᠯᠭᠡ ᠶᠢᠨ ᠬᠤᠷᠢᠶ᠎ᠠ ᠨᠢ ᠠᠯᠤᠰ ᠵᠠᠶ ᠶᠢᠨ ᠡᠮᠴᠢᠯᠡᠭᠡᠨ ᠤ ᠲᠥᠪ  ᠪᠠᠶᠢᠭᠤᠯᠵᠤ᠂ ᠡᠮᠨᠡᠯᠭᠡ ᠶᠢᠨ ᠬᠤᠯᠪᠤᠭᠠᠲᠤ ᠴᠤᠭᠴᠠ ᠶᠢᠨ ᠳᠤᠲᠤᠷᠠᠬᠢ ᠡᠮᠴᠢᠯᠡᠭᠡᠨ ᠤ ᠪᠠᠶᠢᠭᠤᠯᠤᠮᠵᠢ ᠳᠤ ᠠᠯᠤᠰ ᠵᠠᠢ ᠶᠢᠨ ᠡᠮᠴᠢᠯᠡᠭᠡ᠂ ᠠᠯᠤᠰ ᠵᠠᠢ ᠠᠴᠠ ᠰᠡᠭᠦᠳᠡᠷ ᠵᠢᠷᠤᠭ ᠠᠪᠬᠤ᠂ ᠠᠯᠤᠰ ᠵᠠᠢ ᠠᠴᠠ ᠳᠣᠯᠭᠢᠶᠠᠨ ᠪᠠᠶᠢᠴᠠᠭᠠᠯᠲᠠ ᠬᠢᠬᠦ᠂ ᠠᠯᠤᠰ ᠵᠠᠢ ᠠᠴᠠ ᠵᠢᠷᠦᠬᠡᠨ ᠴᠠᠬᠢᠯᠭᠠᠨ ᠵᠢᠷᠤᠭ ᠠᠪᠬᠤ᠂ ᠠᠯᠤᠰ ᠵᠠᠢ ᠠᠴᠠ ᠡᠪᠡᠳᠴᠢᠨ ᠤ ᠵᠦᠢ ᠭᠠᠷᠭᠠᠬᠤ᠂ ᠠᠯᠤᠰ ᠵᠠᠢ ᠠᠴᠠ ᠡᠪᠡᠳᠴᠢᠲᠡᠨ ᠤ ᠦᠷᠦᠭᠡ ᠪᠠᠶᠢᠴᠠᠭᠠᠬᠤ᠂ ᠠᠯᠤᠰ ᠵᠠᠢ ᠠᠴᠠ ᠬᠢᠨᠠᠨ ᠬᠠᠮᠠᠭᠠᠯᠠᠬᠤ᠂ ᠠᠯᠤᠰ ᠵᠠᠢ ᠠᠴᠠ ᠪᠤᠯᠪᠠᠰᠤᠷᠠᠭᠤᠯᠤᠯ ᠬᠢᠬᠦ ᠵᠡᠷᠭᠡ ᠦᠢᠯᠡᠴᠢᠯᠡᠭᠡ ᠬᠠᠩᠭᠠᠬᠤ ᠪᠤᠯᠤᠨ᠎ᠠ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠠᠯᠤᠰ ᠵᠠᠶ ᠶᠢᠨ ᠡᠮᠴᠢᠯᠡᠭᠡᠨ ᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠤᠷᠤᠭᠤᠯᠵᠤ᠂ ᠨᠡᠩ ᠣᠯᠠᠨ ᠡᠪᠡᠳᠴᠢᠲᠡᠨ ᠭᠡᠷ ᠲᠡᠭᠡᠨ ᠰᠠᠭᠤᠵᠤ ᠪᠠᠶᠢᠭᠠᠳ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡ ᠶᠢᠨ ᠦᠢᠯᠡᠴᠢᠯᠡᠭᠡ ᠬᠦᠷᠲᠡᠵᠦ ᠴᠢᠳᠠᠬᠤ ᠪᠤᠯᠭᠠᠨ᠎ᠠ᠃      ᠡᠮᠴᠢᠯᠡᠭᠡᠨ ᠤ ᠵᠠᠮ ᠮᠦᠷ ᠤᠨ ᠬᠠᠮᠢᠶᠠᠷᠤᠯᠲᠠ ᠶᠢᠨ ᠲᠦᠷᠢᠮ ᠤᠨ ᠲᠠᠯ᠎ᠠ ᠪᠠᠷ᠂ ᠡᠮᠴᠢᠯᠡᠭᠡᠨ ᠤ ᠪᠠᠶᠢᠭᠤᠯᠤᠮᠵᠢ ᠎ ᠨᠢ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ ᠶᠢ ᠪᠡᠶᠡᠯᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠷᠭ᠎ᠠ ᠵᠠᠮ ᠤᠨ ᠬᠢᠨᠠᠨ ᠬᠡᠮᠵᠢᠬᠦ ᠬᠠᠮᠢᠶᠠᠷᠤᠯᠲᠠ ᠶᠢᠨ ᠲᠠᠪᠴᠠᠩ ᠎ ᠯᠤᠭ᠎ᠠ ᠵᠠᠯᠭᠠᠯᠳᠤᠭᠤᠯᠤᠨ ᠰᠦᠯᠵᠢᠶᠡᠨ ᠳᠤ ᠳᠠᠮᠵᠢᠭᠤᠯᠬᠤ ᠶᠢ ᠪᠡᠶᠡᠯᠡᠭᠦᠯᠵᠦ᠂ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠯ ᠤᠨ ᠬᠡᠮᠵᠢᠶ᠎ᠡ ᠪᠣᠯᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃      ᠪᠠᠶᠢᠴᠠᠭᠠᠯᠲᠠ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠳᠦᠷᠢᠮ ᠤᠨ ᠲᠠᠯ᠎ᠠ ᠪᠠᠷ᠂ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠭ ᠣᠷᠣᠨ ᠤ ᠳᠡᠰ᠂ ᠠᠶᠢᠮᠠᠭ ᠬᠤᠳᠠ ᠶᠢᠨ ᠳᠡᠰ ᠵᠡᠷᠭᠡ ᠬᠠᠮᠢᠶ᠎ᠠ ᠪᠦᠬᠦᠢ ᠲᠤᠰᠬᠠᠶ ᠮᠡᠷᠭᠡᠵᠢᠯ ᠢᠶᠠᠷ ᠳᠠᠮᠵᠢᠭᠤᠯᠤᠨ ᠡᠮᠴᠢᠯᠡᠭᠡᠨ ᠤ ᠶᠠᠰᠤ ᠴᠢᠨᠠᠷ ᠢ ᠡᠵᠡᠮᠳᠡᠬᠦ ᠳᠤ ᠬᠢᠷᠢ ᠲᠡᠩᠴᠡᠭᠰᠡᠨ ᠪᠤᠯ ᠵᠣᠬᠢᠬᠤ ᠳᠡᠰ ᠤᠨ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠪᠤᠯᠭᠠᠨ᠎ᠠ᠃ ᠡᠨᠡ ᠵᠢᠯ ᠤᠨ ᠡᠴᠦᠰ ᠲᠤ ᠬᠥᠬᠡᠬᠤᠲᠠ᠂ ᠪᠤᠭᠤᠲᠤ᠂ ᠣᠷᠳᠣᠰ ᠤᠨ ᠪᠤᠢ ᠪᠦᠬᠦᠢ ᠬᠤᠳᠠ ᠶᠢᠨ ᠱᠠᠲᠤᠨ ᠠᠴᠠ ᠳᠡᠭᠡᠭᠰᠢᠬᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠪᠦᠷᠢᠨ ᠪᠦᠷᠬᠦᠭᠦᠯᠵᠦ᠂ 2020 ᠣᠨ ᠪᠣᠯᠬᠤ ᠳᠤ ᠪᠦᠬᠦ ᠣᠷᠣᠨ ᠤ ᠡᠯ᠎ᠡ ᠭᠠᠵᠠᠷ ᠲᠤ ᠠᠯᠬᠤᠮ ᠠᠯᠬᠤᠮ ᠢᠶᠠᠷ ᠪᠦᠷᠬᠦᠭᠦᠯᠦᠨ᠎ᠡ᠃      ᠡᠮᠨᠡᠯᠭᠡ ᠶᠢᠨ ᠶᠠᠪᠤᠳᠠᠯ ᠤᠨ ᠰᠠᠶᠢᠨ ᠳᠤᠷ᠎ᠠ ᠶᠢᠨ ᠠᠵᠢᠯᠲᠠᠨ ᠪᠠ ᠠᠵᠢᠯᠯᠠᠭᠰᠠᠳ ᠤᠨ ᠲᠠᠯ᠎ᠠ ᠪᠠᠷ᠂ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠶᠠᠪᠤᠳᠠᠯ ᠤᠨ ᠰᠠᠶᠢᠨ ᠳᠤᠷ᠎ᠠ ᠶᠢᠨ ᠠᠵᠢᠯᠲᠠᠨ ᠤ ᠠᠵᠢᠯ ᠤᠨ ᠪᠠᠶᠢᠷᠢ ᠭᠠᠷᠭᠠᠵᠤ᠂ ᠡᠮᠴᠢ ᠬᠢᠭᠡᠳ ᠡᠪᠡᠳᠴᠢᠲᠡᠨ ᠤ ᠨᠡᠪᠲᠡᠷᠡᠯᠴᠡᠭᠡ ᠳᠤ ᠳᠡᠮᠵᠢᠯᠭᠡ ᠦᠵᠡᠭᠦᠯᠬᠦ ᠶᠢ ᠬᠠᠷᠢᠭᠤᠴᠠᠵᠤ᠂ ᠣᠨᠣᠰᠢᠯᠠᠨ ᠡᠮᠨᠡᠬᠦ᠂ ᠠᠮᠢᠳᠤᠷᠠᠯ᠂ ᠬᠠᠤᠯᠢ ᠶᠢᠨ ᠶᠠᠪᠤᠳᠠᠯ᠂ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠬᠤ ᠪᠤᠯᠤᠨ᠎ᠠ᠃ ᠡᠪᠡᠳᠴᠢᠲᠡᠨ ᠤ ᠦᠢᠯᠡᠴᠢᠯᠡᠭᠡ ᠳᠠᠭᠤᠳᠠᠬᠤ ᠲᠦᠪ ᠢ ᠪᠠᠶᠢᠭᠤᠯᠵᠤ᠂ ᠡᠪᠡᠳᠴᠢᠲᠡᠨ ᠤ ᠬᠠᠮᠢᠶ᠎ᠠ ᠪᠦᠬᠦᠢ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠰᠢᠢᠳᠪᠦᠷᠢᠯᠡᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠰᠠᠶᠢᠨ ᠳᠤᠷ᠎ᠠ ᠶᠢᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠡᠮᠨᠡᠯᠭᠡ ᠶᠢᠨ ᠠᠵᠢᠯᠲᠠᠨ᠂ ᠡᠮᠨᠡᠯᠭᠡ ᠶᠢᠨ ᠤᠬᠠᠭᠠᠨ ᠤ ᠰᠤᠷᠤᠭᠴᠢ᠂ ᠬᠠᠶᠢᠷ᠎ᠠ ᠰᠡᠳᠬᠢᠯᠭᠡ ᠲᠠᠢ ᠨᠡᠶᠢᠭᠡᠮ ᠤᠨ ᠬᠥᠮᠦᠰ ᠵᠡᠷᠭᠡ ᠶᠢ ᠵᠣᠷᠢᠭᠵᠢᠭᠤᠯᠵᠤ᠂ ᠪᠣᠯᠪᠠᠰᠤᠷᠠᠭᠤᠯᠤᠯ ᠢᠶᠠᠷ ᠳᠡᠮᠵᠢᠨ ᠡᠪᠡᠳᠴᠢᠲᠡᠨ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号