ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢ ᠠᠮᠤᠷ ᠠᠮᠤᠭᠤᠯᠠᠩ ᠪᠠᠶᠢᠯᠭᠠᠬᠤ ᠳᠤ ᠪᠥᠬᠦ ᠬᠦᠴᠦ ᠪᠠᠨ ᠲᠠᠯᠪᠢᠵᠤ ᠪᠠᠶᠢᠨ᠎ᠠ
ᠨᠡᠶᠢᠲᠡᠯᠡᠭᠰᠡᠨ ᠴᠠᠭ᠄
2018/6/7
     2018 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠪᠣᠯᠬᠤ ᠦᠶ᠎ᠡ ᠳᠤ᠂ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ  ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠤ᠂ ᠰᠢᠯᠭᠠᠯᠲᠠ ᠳᠤ ᠬᠡᠮ ᠬᠢᠬᠦ ᠠᠵᠢᠯᠯᠠᠭ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠴᠠᠯᠳᠤᠭᠤᠯᠵᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢ ᠠᠮᠤᠷ ᠠᠮᠤᠭᠤᠯᠠᠩ ᠪᠠᠶᠢᠯᠭᠠᠬᠤ ᠳᠤ ᠪᠥᠬᠦ ᠬᠦᠴᠦ ᠪᠠᠨ ᠲᠠᠯᠪᠢᠵᠤ ᠪᠠᠶᠢᠨ᠎ᠠ᠃      ᠬᠤᠷᠤᠭᠤᠨ ᠤ ᠨᠠᠮᠵᠢᠭᠤᠨ ᠰᠤᠳᠠᠯ ᠢ ᠰᠢᠯᠭᠠᠨ ᠪᠠᠲᠤᠯᠠᠬᠤ ᠲᠠᠯ᠎ᠠ ᠪᠠᠷ᠄ ᠰᠢᠯᠭᠠᠯᠲᠠ ᠶᠢᠨ ᠴᠢᠭ᠋ ᠨᠢ ᠬᠤᠷᠤᠭᠤᠨ ᠤ ᠨᠠᠮᠵᠢᠭᠤᠨ ᠰᠤᠳᠠᠯ ᠢ ᠰᠢᠯᠭᠠᠨ ᠪᠠᠲᠤᠯᠠᠬᠤ ᠲᠥᠬᠦᠭᠡᠷᠦᠮᠵᠢ ᠶᠢ ᠬᠦᠷᠦᠯᠴᠡᠬᠦ᠋ᠢᠴᠡ ᠲᠣᠬᠢᠷᠠᠭᠤᠯᠵᠤ᠂ ᠰᠢᠯᠭᠠᠯᠲᠠ ᠠᠴᠠ ᠡᠮᠦᠨ᠎ᠡ 30 ᠮᠢᠨᠦ᠋ᠲ ᠲᠤ ᠰᠢᠯᠭᠠᠯᠲᠠ ᠶᠢᠨ ᠴᠢᠭ᠋ ᠲᠤ ᠬᠦᠷᠴᠦ ᠢᠷᠡᠭᠰᠡᠨ ᠰᠢᠯᠭᠠᠭᠤᠯᠤᠭᠴᠢ ᠎ ᠶᠢᠨ ᠬᠤᠷᠤᠭᠤᠨ ᠤ ᠨᠠᠮᠵᠢᠭᠤᠨ ᠰᠤᠳᠠᠯ ᠤᠨ ᠰᠢᠯᠭᠠᠨ ᠪᠠᠲᠤᠯᠠᠯᠲᠠ ᠬᠢᠨ᠎ᠡ᠃ ᠬᠤᠷᠤᠭᠤᠨ ᠤ ᠨᠠᠮᠵᠢᠭᠤᠨ ᠰᠤᠳᠠᠯ ᠢ ᠢᠯᠭᠠᠨ ᠲᠠᠨᠢᠬᠤ ᠭᠡᠳᠡᠭ ᠨᠢ ᠨᠠᠮᠵᠢᠭᠤᠨ ᠰᠤᠳᠠᠯ ᠤᠨ ᠴᠢᠰᠤᠨ ᠤ ᠭᠦᠶᠦᠯᠲᠡ ᠪᠠᠷ ᠪᠡᠶ᠎ᠡ ᠶᠢᠨ ᠬᠢᠷᠢ ᠬᠡᠮ ᠢ ᠢᠯᠭᠠᠨ ᠲᠤᠲᠤᠯᠠᠬᠤ ᠶᠢ ᠵᠢᠭᠠᠵᠤ ᠪᠣᠢ᠃ ᠬᠤᠷᠤᠭᠤᠨ ᠤ ᠨᠠᠮᠵᠢᠭᠤᠨ ᠰᠤᠳᠠᠯ ᠢᠶᠠᠷ ᠢᠯᠭᠠᠨ ᠲᠠᠨᠢᠵᠤ ᠣᠯᠤᠭᠰᠠᠨ ᠨᠢ ᠬᠤᠷᠤᠭᠤᠨ ᠤ ᠳᠣᠲᠣᠭᠠᠳᠤ ᠶᠢᠨ ᠨᠠᠮᠵᠢᠭᠤᠨ ᠰᠤᠳᠠᠯ ᠤᠨ ᠵᠢᠷᠤᠭ ᠳᠦᠷᠰᠦ ᠶᠢᠨ ᠣᠨᠴᠠᠯᠢᠭ ᠰᠢᠨᠵᠢ ᠪᠣᠯᠣᠨ᠎ᠠ᠂ ᠬᠠᠷᠢᠨ ᠬᠤᠷᠤᠭᠤᠨ ᠤ ᠭᠠᠳᠠᠷᠭᠤ ᠶᠢᠨ ᠵᠢᠷᠤᠭ ᠳᠦᠷᠰᠦ ᠶᠢᠨ ᠣᠨᠴᠠᠯᠢᠭ ᠰᠢᠨᠵᠢ ᠪᠢᠰᠢ ᠶᠤᠮ᠃ ᠵᠦᠢᠷᠡᠶ ᠬᠡᠦᠬᠡᠳ ᠣᠷᠣᠯᠠᠨ ᠰᠢᠯᠭᠠᠪᠠᠴᠤ ᠪᠡᠶ᠎ᠡ ᠶᠢᠨ ᠬᠢᠷᠢ ᠬᠡᠮ ᠢᠶᠠᠨ ᠢᠯᠭᠠᠨ ᠲᠣᠳᠣᠯᠠᠭᠤᠯᠬᠤ ᠦᠭᠡᠶ ᠪᠠᠷ ᠰᠢᠯᠭᠠᠯᠲᠠ ᠶᠢᠨ ᠲᠠᠯᠠᠪᠤᠷ ᠲᠤ ᠣᠷᠣᠬᠤ ᠶᠢᠨ ᠠᠷᠭ᠎ᠠ ᠦᠭᠡᠢ ᠶᠤᠮ᠃      ᠲᠡᠮᠦᠷᠯᠢᠭ ᠬᠠᠶᠢᠭᠤᠷ ᠬᠡᠮᠵᠢᠭᠦᠷᠯᠢᠭ ᠢᠶᠠᠷ ᠪᠠᠶᠢᠴᠠᠭᠠᠨ ᠰᠢᠯᠭᠠᠬᠤ ᠲᠠᠯ᠎ᠠ ᠪᠠᠷ᠄ ᠰᠢᠯᠭᠠᠯᠲᠠ ᠶᠢᠨ ᠲᠠᠯᠠᠪᠤᠷ ᠨᠢᠭᠡᠪᠦᠷᠢ ᠳᠤ ᠲᠡᠮᠦᠷᠯᠢᠭ ᠬᠠᠶᠢᠭᠤᠷ ᠬᠡᠮᠵᠢᠭᠦᠷᠯᠢᠭ ᠲᠣᠬᠢᠷᠠᠭᠤᠯᠵᠤ᠂ ᠬᠢᠨᠠᠭᠴᠢ ᠪᠠᠭᠰᠢ ᠠᠴᠠ ᠲᠠᠯᠠᠪᠠᠶ ᠳᠤ ᠣᠷᠣᠵᠤ ᠪᠠᠶᠢᠭ᠎ᠠ ᠰᠢᠯᠭᠠᠭᠤᠯᠤᠭᠴᠢ ᠶᠢ ᠰᠢᠯᠭᠠᠯᠲᠠ ᠶᠢᠨ ᠪᠤᠰᠤ ᠡᠳ᠋ ᠪᠣᠳᠠᠰ ᠢ ᠨᠢ ︽ᠰᠢᠯᠭᠠᠯᠲᠠ ᠶᠢᠨ ᠪᠤᠰᠤ ᠡᠳ᠋ ᠪᠣᠳᠠᠰ ᠢ ᠲᠦᠷ ᠲᠠᠯᠪᠢᠬᠤ ᠭᠠᠵᠠᠷ︾᠎ ᠲᠤ ᠲᠠᠯᠪᠢᠭᠤᠯᠤᠭᠰᠠᠨ ᠤ ᠳᠠᠷᠠᠭ᠎ᠠ᠂ ᠲᠡᠭᠦᠨ ᠳᠤ ᠲᠡᠮᠦᠷᠯᠢᠭ ᠬᠠᠶᠢᠭᠤᠷ ᠬᠡᠮᠵᠢᠭᠦᠷᠯᠢᠭ ᠎ ᠢᠶᠠᠷ ᠪᠠᠶᠢᠴᠠᠭᠠᠯᠲᠠ ᠬᠢᠬᠦ ᠪᠠ ᠪᠡᠶ᠎ᠡ ᠶᠢᠨ ᠬᠢᠷᠢ ᠬᠡᠮ ᠤᠨ ᠨᠤᠲᠠᠯᠠᠯᠲᠠ ᠬᠢᠨ᠎ᠡ᠃      ᠴᠠᠭᠠᠵᠠᠲᠠᠶ ᠡᠳ᠋ ᠪᠣᠳᠠᠰ ᠠᠪᠴᠤ ᠣᠷᠣᠬᠤ ᠶᠢ ᠡᠷᠡᠰ ᠴᠠᠭᠠᠵᠠᠯᠠᠬᠤ ᠲᠠᠯ᠎ᠠ ᠪᠠᠷ᠄ ᠰᠢᠯᠭᠠᠭᠤᠯᠤᠭᠴᠢ ᠶᠢᠨ ᠭᠠᠷ ᠤᠲᠠᠰᠤ ᠂ ᠭᠠᠷ ᠴᠠᠭ᠂ ᠦᠰᠦᠭ ᠪᠠᠯᠠᠯᠬᠤ ᠰᠢᠩᠭᠡᠨ᠂ ᠪᠤᠷᠤᠭᠤ ᠪᠠᠨ ᠵᠠᠰᠠᠬᠤ ᠪᠦᠰᠡ᠂ ᠷᠠᠰᠢᠶᠠᠨ ᠤᠰᠤ᠂ ᠲᠡᠮᠦᠷᠯᠢᠭ ᠵᠠᠰᠠᠯ ᠵᠢᠮᠰᠡᠭ᠂ ᠨᠣᠮ ᠪᠢᠴᠢᠭ ᠮᠠᠲ᠋ᠧᠷᠢᠶᠠᠯ᠂ ᠡᠯᠧᠺᠲᠷᠣᠨ ᠲᠥᠬᠦᠭᠡᠷᠦᠮᠵᠢ ᠵᠢᠴᠢ ᠪᠤᠰᠤᠳ ᠴᠠᠭᠠᠵᠠᠲᠠᠶ ᠡᠳ᠋ ᠪᠣᠳᠠᠰ ᠢ ᠰᠢᠯᠭᠠᠯᠲᠠ ᠶᠢᠨ ᠲᠠᠯᠠᠪᠤᠷ ᠲᠤ ᠠᠪᠴᠤ ᠣᠷᠣᠨ ᠰᠢᠯᠭᠠᠯᠲᠠ ᠳᠤ ᠣᠷᠣᠯᠴᠠᠬᠤ ᠶᠢ ᠴᠢᠩᠭ᠎ᠠ ᠴᠠᠭᠠᠵᠠᠯᠠᠵᠠᠢ᠃      ᠬᠡᠮ ᠬᠢᠬᠦ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠭᠰᠠᠷᠠᠬᠤ ᠲᠠᠯ᠎ᠠ ᠪᠠᠷ᠄ ᠰᠢᠯᠭᠠᠯᠲᠠ ᠶᠢᠨ ᠴᠢᠭ᠋ ᠲᠤ ᠲᠠᠩᠨᠠᠨ ᠲᠤᠷᠰᠢᠬᠤ ᠬᠡᠮᠵᠢᠭᠦᠷ ᠢᠶᠠᠷ ᠬᠥᠲᠥᠯᠥᠨ ᠵᠢᠯᠣᠭᠤᠳᠤᠭᠤᠯᠤᠭᠰᠠᠨ ᠷᠠᠳᠢᠣ᠋ ᠳᠣᠬᠢᠶ᠎ᠠ ᠶᠢ ᠲᠠᠰᠤᠯᠠᠵᠤ ᠬᠡᠮ ᠬᠢᠬᠦ ᠎ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠤᠶᠤ ᠷᠠᠳᠢᠣ᠋ ᠳᠣᠬᠢᠶ᠎ᠠ ᠶᠢ ᠬᠠᠯᠬᠠᠯᠠᠨ ᠬᠡᠮ ᠬᠢᠬᠦ ᠶᠢ ᠰᠡᠷᠭᠡᠶᠢᠯᠡᠨ ᠡᠵᠡᠮᠳᠡᠬᠦ ᠪᠤᠰᠤᠳ ᠲᠥᠬᠦᠭᠡᠷᠦᠮᠵᠢ ᠶᠢ ᠤᠭᠰᠠᠷᠠᠵᠠᠢ᠃ ᠲᠠᠩᠨᠠᠨ ᠲᠤᠷᠰᠢᠬᠤ ᠬᠡᠮᠵᠢᠭᠦᠷ ᠢᠶᠠᠷ ᠬᠥᠲᠥᠯᠥᠨ ᠵᠢᠯᠣᠭᠤᠳᠤᠭᠤᠯᠤᠭᠰᠠᠨ ᠷᠠᠳᠢᠣ᠋ ᠳᠣᠬᠢᠶ᠎ᠠ ᠶᠢ ᠲᠠᠰᠤᠯᠠᠵᠤ ᠬᠡᠮ ᠬᠢᠬᠦ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠭᠰᠠᠷᠠᠭᠰᠠᠨ ᠰᠢᠯᠭᠠᠯᠲᠠ ᠶᠢᠨ ᠴᠢᠭ᠋ ᠲᠤ᠂ ᠰᠢᠯᠭᠠᠯᠲᠠ ᠠᠴᠠ ᠡᠮᠦᠨ᠎ᠡ᠂ ᠲᠥᠬᠦᠭᠡᠷᠦᠮᠵᠢ ᠪᠠᠨ ᠪᠠᠶᠢᠴᠠᠭᠠᠬᠤ ᠪᠠ ᠬᠠᠮᠠᠭᠠᠯᠠᠬᠤ ᠶᠢᠨ ᠬᠠᠮᠲᠤ ᠲᠠᠩᠨᠠᠨ ᠲᠤᠷᠰᠢᠬᠤ ᠰᠢᠰᠲ᠋ᠧᠮ ᠢ ᠱᠠᠭᠠᠷᠳᠠᠯᠭ᠎ᠠ ᠶᠣᠰᠣᠭᠠᠷ ᠨᠡᠭᠡᠭᠡᠵᠦ᠂ ᠰᠢᠯᠭᠠᠯᠲᠠ ᠶᠢᠨ ᠴᠢᠭ᠋ ᠤᠨ ᠷᠠᠳᠢᠣ᠋ ᠳᠣᠬᠢᠶ᠎ᠠ ᠶᠢᠨ ᠠᠬᠤᠶ ᠪᠠᠶᠢᠳᠠᠯ ᠳᠤ ᠰᠢᠷᠪᠢᠯᠲᠡ ᠬᠢᠨ᠎ᠡ᠃ ᠷᠠᠳᠢᠣ᠋ ᠳᠣᠬᠢᠶ᠎ᠠ ᠬᠠᠯᠬᠠᠯᠠᠵᠤ ᠬᠡᠮ ᠬᠢᠬᠦ ᠎ ᠶᠢ ᠰᠡᠷᠭᠡᠶᠢᠯᠡᠨ ᠡᠵᠡᠮᠳᠡᠬᠦ ᠪᠤᠰᠤᠳ ᠲᠥᠬᠦᠭᠡᠷᠦᠮᠵᠢ ᠤᠭᠰᠠᠷᠠᠭᠰᠠᠨ ᠰᠢᠯᠭᠠᠯᠲᠠ ᠶᠢᠨ ᠴᠢᠭ᠋ ᠲᠤ᠂ ᠲᠥᠬᠦᠭᠡᠷᠦᠮᠵᠢ ᠶᠢ ᠪᠥᠬᠦ ᠶᠠᠪᠤᠴᠠ ᠳᠤ ᠴᠠᠭ ᠲᠣᠬᠠᠢ ᠳᠤᠨᠢ ᠨᠡᠭᠡᠭᠡᠨ᠎ᠡ᠃      ᠬᠡᠮ ᠬᠢᠬᠦ ᠠᠵᠢᠯᠯᠠᠭ᠎ᠠ ᠶᠢ ᠲᠡᠪᠴᠢᠬᠦ ᠲᠠᠯ᠎ᠠ ᠪᠠᠷ᠄ ᠰᠢᠯᠭᠠᠯᠲᠠ ᠶᠢᠨ ᠴᠢᠭ᠋ ᠲᠤ ᠬᠡᠮ ᠬᠢᠬᠦ ᠶᠢ ᠲᠡᠪᠴᠢᠬᠦ ᠮᠠᠰᠢᠨ ᠲᠣᠬᠢᠷᠠᠭᠤᠯᠵᠤ᠂ ᠲᠠᠯᠳᠠ ᠴᠢᠩᠨᠠᠭᠤᠷ ᠠᠪᠴᠤ ᠣᠷᠣᠵᠦ ᠬᠡᠷᠡᠭᠯᠡᠭᠰᠡᠨ ᠬᠡᠮ ᠬᠢᠬᠦ ᠰᠢᠯᠭᠠᠭᠤᠯᠤᠭᠴᠢ ᠶᠢ ᠪᠦᠲᠦᠮᠵᠢᠲᠡᠶ ᠪᠠᠶᠢᠴᠠᠭᠠᠨ ᠰᠢᠯᠭᠠᠵᠤ ᠳᠡᠶᠢᠯᠦᠨ᠎ᠡ᠃      ᠥᠨᠴᠥᠭ ᠪᠣᠯᠣᠩ ᠦᠯᠡᠳᠡᠭᠡᠯ ᠦᠭᠡᠢ ᠬᠢᠨᠠᠨ ᠡᠵᠡᠮᠳᠡᠬᠦ ᠲᠠᠯ᠎ᠠ ᠪᠠᠷ᠄ ᠰᠢᠯᠭᠠᠭᠤᠯᠤᠭᠴᠢ ᠶᠢ ᠪᠦᠬᠦᠨ ᠢ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠤᠷ ᠲᠤ ᠲᠣᠬᠢᠷᠠᠭᠤᠯᠵᠠᠢ᠂ ᠰᠢᠯᠭᠠᠯᠲᠠ ᠶᠢᠨ ᠲᠠᠯᠠᠪᠤᠷ ᠤᠨ ᠳᠣᠲᠣᠷ᠎ᠠ ᠭᠠᠳᠠᠨ᠎ᠠ ᠪᠦᠷ ᠺᠧᠮᠧᠷ ᠤᠭᠰᠠᠷᠠᠵᠤ᠂ ᠭᠠᠵᠠᠷ ᠪᠦᠬᠦᠨ ᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠ ᠴᠠᠭ ᠲᠤᠬᠠᠶ ᠳᠤᠨᠢ ᠳᠦᠷᠰᠦ ᠰᠢᠩᠭᠡᠭᠡᠯᠲᠡ ᠬᠢᠵᠦ᠂ ᠪᠦᠬᠦ ᠶᠠᠪᠤᠴᠠ ᠶᠢᠨ ᠬᠠᠷᠠᠭᠠᠨ ᠳᠠᠪᠲᠠᠮᠵᠢ ᠪᠠᠷ ᠰᠢᠯᠭᠠᠯᠲᠠ ᠶᠢᠨ ᠪᠦᠬᠦ ᠶᠠᠪᠤᠴᠠ ᠶᠢ ᠬᠢᠨᠠᠨ ᠡᠵᠡᠮᠳᠡᠬᠦ ᠪᠣᠯᠭᠠᠵᠠᠢ᠃      ᠰᠢᠯᠭᠠᠯᠲᠠ ᠶᠢᠨ ᠲᠠᠯᠠᠪᠤᠷ ᠲᠤ ᠴᠠᠭ ᠲᠣᠬᠢᠷᠠᠭᠤᠯᠬᠤ ᠲᠠᠯ᠎ᠠ ᠪᠠᠷ᠄ ᠰᠢᠯᠭᠠᠯᠲᠠ ᠶᠢᠨ ᠲᠠᠯᠠᠪᠤᠷ ᠲᠤ ᠨᠢᠭᠡᠳᠦᠯᠲᠡᠶ ᠴᠠᠭ ᠲᠣᠬᠢᠷᠠᠭᠤᠯᠤᠭᠰᠠᠨ ᠤ ᠬᠠᠮᠲᠤ ᠰᠢᠯᠭᠠᠭᠤᠯᠤᠭᠴᠢ ᠭᠠᠷ ᠤᠲᠠᠰᠤ ᠵᠡᠷᠭᠡ ᠶᠢ ᠰᠢᠯᠭᠠᠯᠲᠠ ᠶᠢᠨ ᠲᠠᠯᠠᠪᠠᠶ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠠᠢ᠃      ᠬᠥᠳᠡᠯᠦᠩᠭᠦᠢ ᠬᠢᠨᠠᠭᠴᠢ ᠪᠠᠭᠰᠢ ᠲᠣᠬᠢᠷᠠᠭᠤᠯᠬᠤ ᠲᠠᠯ᠎ᠠ ᠪᠠᠷ᠄ ᠰᠢᠯᠭᠠᠯᠲᠠ ᠶᠢᠨ ᠴᠢᠭ᠋ ᠲᠤ ᠬᠥᠳᠡᠯᠦᠩᠭᠦᠢ ᠬᠢᠨᠠᠭᠴᠢ ᠪᠠᠭᠰᠢ ᠲᠣᠬᠢᠷᠠᠭᠤᠯᠵᠤ᠂ ᠬᠢᠨᠠᠭᠴᠢ ᠪᠠᠭᠰᠢ ᠲᠠᠢ ᠬᠠᠮᠵᠢᠯᠴᠠᠨ ᠲᠣᠭᠲᠠᠭᠠᠯ ᠠᠴᠠ ᠵᠥᠷᠢᠴᠡᠭᠰᠡᠨ ᠰᠢᠯᠭᠠᠭᠤᠯᠤᠭᠴᠢ ᠶᠢ ᠰᠢᠢᠳᠪᠦᠷᠢᠯᠡᠬᠦ ᠠᠵᠢᠯ ᠢ ᠬᠠᠮᠲᠤᠪᠠᠷ ᠰᠠᠶᠢᠲᠤᠷ ᠬᠢᠬᠦ ᠶᠢᠨ ᠬᠠᠮᠲᠤ ᠬᠠᠷᠢᠶ᠎ᠠ ᠪᠦᠬᠦᠢ ᠰᠢᠯᠭᠠᠯᠲᠠ ᠶᠢᠨ ᠲᠠᠯᠠᠪᠤᠷ ᠤᠨ ᠬᠢᠨᠠᠭᠴᠢ ᠪᠠᠭᠰᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠬᠤ ᠪᠠᠶᠢᠳᠠᠯ ᠳᠤ ᠬᠢᠨᠠᠯᠲᠠ ᠲᠠᠯᠪᠢᠬᠤ ᠪᠣᠯᠭᠠᠵᠠᠢ᠃      ᠬᠠᠷᠠᠭᠠᠨ ᠳᠠᠪᠲᠠᠮᠵᠢᠲᠤ ᠬᠢᠨᠠᠬᠤ ᠪᠠᠭᠰᠢ ᠲᠣᠬᠢᠷᠠᠭᠤᠯᠬᠤ ᠲᠠᠯ᠎ᠠ ᠪᠠᠷ᠄ ᠰᠢᠯᠭᠠᠯᠲᠠ ᠶᠢᠨ ᠴᠢᠭ᠋ ᠪᠦᠷᠢ ᠳᠤ ᠴᠥᠮ ᠬᠠᠷᠠᠭᠠᠨ ᠳᠠᠪᠲᠠᠮᠵᠢ ᠪᠠᠷ ᠰᠢᠯᠭᠠᠯᠲᠠ ᠬᠢᠨᠠᠬᠤ ᠥᠷᠥᠭᠡ ᠪᠠ ᠬᠠᠷᠠᠭᠠᠨ ᠳᠠᠪᠲᠠᠮᠵᠢ ᠪᠠᠷ ᠬᠢᠨᠠᠬᠤ ᠪᠠᠭᠰᠢ ᠲᠣᠬᠢᠷᠠᠭᠤᠯᠵᠤ᠂ ᠰᠢᠯᠭᠠᠭᠤᠯᠤᠭᠴᠢ ᠶᠢᠨ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠪᠠᠶᠢᠭ᠎ᠠ ᠣᠷᠣᠨ ᠪᠠᠶᠢᠷᠢ ᠶᠢ ᠵᠥᠪ ᠣᠨᠣᠪᠴᠢᠲᠠᠶ ᠲᠣᠭᠲᠠᠭᠠᠵᠤ᠂ ᠰᠡᠭᠦᠳᠡᠷ ᠵᠢᠷᠤᠭ ᠢ ᠦᠯᠡᠳᠡᠭᠡᠵᠦ ᠬᠠᠳᠠᠭᠠᠯᠠᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ ᠰᠦᠯᠵᠢᠶᠡᠨ ᠳᠡᠭᠡᠷᠡᠬᠢ ᠲᠣᠭᠤᠷᠢᠨ ᠪᠠᠶᠢᠴᠠᠭᠠᠬᠤ ᠰᠢᠰᠲ᠋ᠧᠮ ᠢᠶᠠᠷ ᠳᠠᠮᠵᠢᠭᠤᠯᠤᠨ ᠡᠯ᠎ᠡ ᠭᠠᠵᠠᠷ ᠤᠨ ᠰᠢᠯᠭᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠨ᠎ᠠ᠃      ᠨᠡᠭᠦᠳᠡᠯ ᠷᠠᠳᠢᠣ᠋ ᠬᠡᠮᠵᠢᠯᠲᠡ ᠶᠢᠨ ᠲᠡᠷᠭᠡ ᠬᠦᠳᠡᠯᠭᠡᠬᠦ ᠲᠠᠯ᠎ᠠ ᠪᠠᠷ᠄ ᠰᠢᠯᠭᠠᠯᠲᠠ ᠶᠢᠨ ᠬᠤᠭᠤᠴᠠᠭᠠᠨ ᠳᠤ᠂ ᠨᠡᠭᠦᠳᠡᠯ ᠷᠠᠳᠢᠣ᠋ ᠬᠡᠮᠵᠢᠯᠲᠡ ᠶᠢᠨ ᠲᠡᠷᠭᠡ ᠬᠥᠳᠡᠯᠭᠡᠵᠦ᠂ ᠬᠡᠮ ᠦᠢᠯᠡᠳᠦᠭᠰᠡᠨ ᠳᠣᠬᠢᠶ᠎ᠠ ᠣᠷᠣᠰᠢᠵᠤ ᠪᠠᠶᠢᠭ᠎ᠠ ᠰᠡᠵᠢᠭ ᠲᠠᠢ ᠰᠢᠯᠭᠠᠯᠲᠠ ᠶᠢᠨ ᠴᠢᠭ᠋ ᠤᠨ ᠣᠶᠢᠷ᠎ᠠ ᠬᠠᠪᠢ ᠶᠢᠨ ᠴᠠᠬᠢᠯᠭᠠᠨ ᠰᠣᠷᠢᠨᠵᠢᠨ ᠣᠷᠴᠢᠨ ᠳᠤ ᠭᠤᠣᠯᠳᠠᠯᠭ᠎ᠠ ᠲᠠᠢ ᠬᠢᠨᠠᠨ ᠬᠡᠮᠵᠢᠯᠲᠡ ᠬᠢᠵᠦ᠂ ᠰᠢᠯᠭᠠᠯᠲᠠ ᠳᠤ ᠬᠡᠮ ᠦᠢᠯᠡᠳᠦᠭᠰᠡᠨ ᠰᠡᠵᠢᠭᠯᠡᠯᠲᠡᠶ ᠰᠢᠯᠭᠠᠯᠲᠠ ᠶᠢᠨ ᠬᠠᠭᠤᠳᠠᠰᠤ ᠶᠢᠨ ᠠᠭᠤᠯᠭ᠎ᠠ ᠶᠢᠨ ᠷᠠᠳᠢᠣ᠋ ᠳᠣᠬᠢᠶ᠎ᠠ ᠶᠢ ᠴᠠᠭ ᠲᠤᠬᠠᠶ ᠳᠤᠨᠢ ᠪᠠᠶᠢᠷᠢ ᠲᠣᠭᠲᠠᠭᠠᠨ᠂ ᠡᠷᠢᠵᠦ ᠣᠯᠵᠤ᠂ ᠣᠳᠣᠬᠢᠴᠢᠯᠠᠭᠰᠠᠨ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠢ ᠠᠰᠢᠭᠯᠠᠨ ᠭᠡᠮ ᠬᠢᠬᠦ ᠠᠵᠢᠯᠯᠠᠭ᠎ᠠ ᠳᠤ ᠬᠦᠴᠦᠲᠡᠶ ᠴᠣᠬᠢᠯᠲᠠ ᠥᠭᠬᠦ ᠪᠣᠯᠭᠠᠵᠠᠢ᠃      ᠰᠢᠯᠭᠠᠯᠲᠠ ᠶᠢᠨ ᠴᠢᠭ᠋ ᠤᠨ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠪᠠᠷ᠄ ᠳᠣᠲᠣᠭᠠᠳᠤ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠰᠢᠯᠭᠠᠯᠲᠠ ᠠᠴᠠ ᠡᠮᠦᠨ᠎ᠡ ᠪᠠ ᠰᠢᠯᠭᠠᠵᠤ ᠪᠠᠶᠢᠭ᠎ᠠ ᠦᠶ᠎ᠡ ᠳᠤ ᠰᠢᠯᠭᠠᠯᠲᠠ ᠶᠢᠨ ᠴᠢᠭ᠋ ᠤᠨ ᠣᠶᠢᠷ᠎ᠠ ᠬᠠᠪᠢ ᠳᠤ ᠲᠣᠭᠤᠷᠢᠨ ᠪᠠᠶᠢᠴᠠᠭᠠᠵᠦ᠂ ᠰᠢᠯᠭᠠᠯᠲᠠ ᠶᠢᠨ ᠴᠢᠭ᠋ ᠤᠨ ᠣᠶᠢᠷ᠎ᠠ ᠬᠠᠪᠢ ᠶᠢᠨ ᠠᠮᠤᠷ ᠲᠦᠪᠰᠢᠨ ᠢ ᠬᠠᠮᠠᠭᠠᠯᠠᠵᠠᠢ᠃ ᠰᠢᠯᠭᠠᠯᠲᠠ ᠳᠤ ᠬᠡᠮ ᠬᠢᠬᠦ ᠶᠢ ᠵᠣᠬᠢᠶᠠᠨ ᠪᠠᠶᠢᠭᠤᠯᠬᠤ᠂ ᠣᠷᠣᠯᠠᠨ ᠰᠢᠯᠭᠠᠬᠤ ᠵᠡᠷᠭᠡ ᠶᠠᠯ᠎ᠠ ᠳᠤ ᠬᠤᠯᠪᠣᠭᠳᠠᠭᠰᠠᠨ ᠰᠢᠯᠭᠠᠯᠲᠠ ᠳᠤ ᠬᠡᠮ ᠬᠢᠭᠰᠡᠨ ᠪᠤᠶᠤ ᠰᠢᠯᠭᠠᠯᠲᠠ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠦᠨᠳᠦ ᠨᠣᠴᠢᠲᠠᠶ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠪᠠ ᠵᠠᠯᠬᠠᠭᠠᠨ ᠰᠢᠳᠬᠡᠬᠦ ᠪᠣᠯᠵᠠᠢ᠃      ᠤᠢᠢᠷ᠎ᠠ ᠲᠦᠷᠦᠯ ᠰᠠᠳᠤᠨ ᠨᠢ ᠪᠡᠶ᠎ᠡ ᠵᠠᠶᠢᠯᠠᠬᠤ ᠳᠦᠷᠢᠮ ᠤᠨ ᠲᠠᠯ᠎ᠠ ᠪᠠᠷ᠄ ᠰᠢᠯᠭᠠᠯᠲᠠ ᠶᠢᠨ ᠴᠢᠭ᠋ ᠤᠨ ᠰᠢᠯᠭᠠᠯᠲᠠ ᠶᠢᠨ ᠠᠵᠢᠯᠲᠠᠳ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ︽ᠤᠢᠢᠷ᠎ᠠ ᠲᠦᠷᠦᠯ ᠰᠠᠳᠤᠨ ᠨᠢ ᠪᠡᠶ᠎ᠡ ᠵᠠᠶᠢᠯᠠᠬᠤ ᠳᠦᠷᠢᠮ︾᠎ ᠢ ᠴᠢᠩᠭ᠎ᠠ ᠬᠡᠷᠡᠭᠵᠢᠭᠦᠯᠵᠦ᠂ ᠬᠢᠨᠠᠭᠴᠢ ᠪᠠᠭᠰᠢ ᠶᠢ ᠶᠡᠷᠦᠩᠬᠡᠶᠢᠯᠡᠭᠰᠡᠨ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮᠲᠦ ᠲᠠᠰᠢᠷᠠᠮ ᠢᠶᠠᠷ ᠪᠠᠶᠢᠷᠢ ᠲᠣᠬᠢᠷᠠᠭᠤᠯᠵᠤ᠂ ᠵᠢᠷᠤᠮᠯᠠᠯ ᠶᠣᠰᠣᠭᠠᠷ ᠰᠢᠯᠭᠠᠯᠲᠠ ᠬᠢᠨᠠᠬᠤ ᠶᠢ ᠵᠢᠷᠤᠮᠵᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠨ ᠡᠵᠡᠮᠳᠡᠬᠦ ᠶᠢ ᠬᠦᠯᠢᠶᠡᠬᠦ ᠪᠣᠯᠭᠠᠵᠠᠢ᠃      ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠳᠠᠬᠢᠵᠤ ᠦᠵᠡᠬᠦ ᠲᠠᠯ᠎ᠠ ᠪᠠᠷ᠄ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠳᠠᠬᠢᠵᠤ ᠦᠵᠡᠨ᠎ᠡ᠃ ᠰᠢᠯᠭᠠᠭᠤᠯᠤᠭᠴᠢ ᠬᠡᠷᠪᠡ ᠲᠣᠰ ᠲᠦᠷᠢᠮ ᠢ ᠵᠢᠷᠤᠮᠯᠠᠨ ᠰᠠᠬᠢᠭᠰᠠᠨ ᠤᠢᠭᠡᠢ᠂ ᠬᠠᠮᠢᠶᠠᠷᠤᠯᠲᠠ ᠶᠢ ᠲᠡᠭᠠᠭᠰᠠᠨ ᠤᠢᠭᠡᠢ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠵᠢᠴᠢ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 33 ᠳ᠋ᠤᠭᠠᠷ ᠲᠣᠭᠠᠲᠤ︶  ᠶᠣᠰᠣᠭᠠᠷ ᠰᠢᠢᠳᠪᠦᠷᠢᠯᠡᠬᠦ ᠪᠥᠭᠡᠳ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠵᠦ ᠤᠷᠤᠭᠤᠯᠤᠨ᠎ᠠ︔ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号