ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠵᠢᠭᠦᠷ ᠡᠭᠦᠳᠬᠦ︾ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠳᠠᠬᠢ ᠰᠤᠩᠭᠤᠯᠲᠠ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2018/6/8
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠪ ᠬᠠᠮᠲᠤ ᠵᠠᠯᠠᠭᠤᠴᠤᠳ ᠤᠨ ᠡᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠠᠮᠲᠤᠷᠠᠨ ᠡᠷᠭᠢᠯᠡᠭᠰᠡᠨ ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠵᠢᠭᠦᠷ ᠡᠭᠦᠳᠬᠦ︾ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠳᠠᠬᠢ ᠰᠤᠩᠭᠤᠯᠲᠠ ᠤᠷᠤᠯᠳᠤᠭᠠᠨ ᠵᠢᠴᠢ ᠥᠪᠥᠷ ᠮᠣᠩᠭᠤᠯ ᠤᠨ ᠳᠥᠷᠪᠡᠳᠦᠭᠡᠷ ᠬᠤᠭᠤᠴᠠᠭᠠᠨ ᠤ ︽ᠰᠢᠯᠢ ᠶᠢᠨ ᠭᠤᠣᠯ ᠬᠤᠨᠳᠠᠭᠠᠲᠤ︾ ᠵᠠᠯᠠᠭᠤᠴᠤᠳ ᠤᠨ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠵᠢᠩᠬᠢᠨᠢ ᠪᠠᠷ ᠡᠬᠢᠯᠡᠪᠡ᠃      ᠲᠣᠰ ᠬᠤᠭᠤᠴᠠᠭᠠᠨ ᠤ ᠤᠷᠤᠯᠳᠤᠭᠠᠨ ᠨᠢ ︽ᠰᠢᠨ᠎ᠡ ᠴᠠᠭ ᠦᠶ᠎ᠡ ᠶᠢ ᠡᠭᠦᠳᠦᠨ ᠳᠠᠭᠤᠷᠢᠰᠢᠭᠤᠯᠵᠤ᠂ ᠳᠤᠮᠳᠠᠳᠤ ᠤᠯᠤᠰ ᠤᠨ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾᠎ ᠪᠠᠷ ᠭᠤᠣᠯ ᠰᠡᠳᠦᠪ ᠪᠣᠯᠭᠠᠵᠤ᠂ ᠰᠢᠨ᠎ᠡ ᠶᠢ ᠡᠭᠦᠳᠬᠦ ᠪᠠᠷ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠷ ᠵᠤᠷᠢᠯᠭ᠎ᠠ ᠪᠤᠯᠭᠠᠵᠤ᠂ ᠤᠷᠤᠯᠳᠤᠭᠠᠨ ᠳᠤ ᠤᠷᠤᠯᠴᠠᠬᠤ ᠲᠦᠷᠦᠯ ᠵᠦᠢᠯ ᠤᠨ ᠨᠡᠶᠢᠭᠡᠮ ᠤᠨ ᠦᠷᠳᠡᠭ ᠪᠠ ᠠᠳᠠᠯ ᠦᠢᠯᠡᠰ ᠴᠤᠭᠴᠠᠯᠠᠭᠴᠢᠳ ᠤᠨ ᠨᠡᠶᠢᠭᠡᠮ ᠤᠨ ᠬᠤᠪᠢ ᠨᠡᠮᠡᠷᠢ ᠶᠢ ᠳᠤᠪᠤᠶᠢᠯᠭᠠᠬᠤ ᠪᠤᠯᠤᠨ᠎ᠠ᠃ ᠤᠷᠤᠯᠳᠤᠭᠠᠨ ᠨᠢ ᠭᠤᠣᠯ ᠴᠤᠭᠴᠠ ᠶᠢᠨ ᠤᠷᠤᠯᠳᠤᠭᠠᠨ ᠪᠠ ᠲᠤᠰᠬᠠᠶ ᠵᠦᠢᠯ ᠤᠨ ᠤᠷᠤᠯᠳᠤᠭᠠᠨ ᠬᠤᠪᠢᠶᠠᠵᠤ᠂ ᠭᠤᠤᠯ ᠴᠣᠭᠴᠠ ᠶᠢᠨ ᠤᠷᠤᠯᠳᠤᠭᠠᠨ ᠨᠢ ᠰᠢᠨ᠎ᠡ ᠶᠢ ᠡᠭᠦᠳᠬᠦ ᠳᠤᠭᠤᠶᠢᠯᠠᠩ ᠪᠠ ᠠᠳᠠᠯ ᠦᠢᠯᠡᠰ ᠴᠣᠭᠴᠠᠯᠠᠬᠤ ᠳᠤᠭᠤᠶᠢᠯᠠᠩ ᠭᠡᠵᠦ ᠬᠤᠶᠠᠷ ᠳᠤᠭᠤᠶᠢᠯᠠᠩ ᠬᠤᠪᠢᠶᠠᠨ᠎ᠠ᠃ ᠭᠤᠤᠯ ᠴᠣᠭᠴᠠ ᠶᠢᠨ ᠤᠷᠤᠯᠳᠤᠭᠠᠨ ᠨᠢ ᠡᠯ᠎ᠡ ᠲᠥᠷᠥᠯ ᠤᠨ ᠪᠦᠯᠦᠭᠯᠡᠯ ᠳᠤ ᠬᠠᠨᠳᠤᠭᠤᠯᠵᠤ᠂ ᠭᠤᠤᠯᠳᠠᠭᠤ ᠳᠡᠭᠡᠳᠦ ᠳᠡᠰ ᠤᠨ ᠴᠢᠳᠠᠪᠤᠷᠢᠲᠠᠨ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠳ᠂ ᠶᠡᠭᠡ ᠳᠡᠭᠡᠳᠦ ᠰᠤᠷᠭᠠᠭᠤᠯᠢ ᠪᠠ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ︵ᠰᠤᠷᠭᠠᠭᠤᠯᠢ ᠲᠡᠭᠦᠰᠦᠭᠰᠡᠳ︶᠂ ᠴᠡᠷᠢᠭ ᠠᠴᠠ ᠬᠠᠯᠠᠭᠳᠠᠭᠰᠠᠳ ᠠᠵᠢᠯ ᠰᠢᠯᠵᠢᠭᠰᠡᠳ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ ᠵᠡᠷᠭᠡ ᠳᠤ ᠬᠠᠨᠳᠤᠭᠤᠯᠤᠨ᠎ᠠ᠃ ᠲᠤᠰᠬᠠᠶ ᠵᠦᠢᠯ ᠤᠨ ᠤᠷᠤᠯᠳᠤᠭᠠᠨ ᠨᠢ ᠦᠯᠡᠭᠦᠳᠡᠭᠰᠡᠨ ᠦᠶᠯᠡᠳᠪᠦᠷᠢᠯᠡᠬᠦ ᠴᠢᠳᠠᠪᠤᠷᠢ ᠶᠢ ᠦᠭᠡᠶᠢᠰᠭᠡᠵᠦ ᠠᠵᠢᠯ ᠤᠨ ᠪᠠᠶᠢᠷᠢ ᠰᠣᠯᠢᠭᠰᠠᠨ ᠠᠵᠢᠯᠳᠠᠨ ᠠᠵᠢᠯᠴᠢᠨ᠂ ᠵᠡᠮᠳᠡᠭᠴᠦᠳ ᠵᠡᠷᠭᠡ ᠬᠤᠶᠠᠷ ᠲᠦᠷᠦᠯ ᠤᠨ ᠣᠨᠴᠠᠭᠠᠶ ᠪᠦᠯᠦᠭᠯᠡᠯ ᠳᠤ ᠬᠠᠨᠳᠤᠭᠤᠯᠤᠨ᠎ᠠ᠃ ᠤᠷᠤᠯᠳᠤᠭᠠᠨ ᠨᠢ 7 ᠳ᠋ᠤᠭᠠᠷ ᠰᠠᠷ᠎ᠠ ᠶᠢᠨ ᠳᠤᠮᠳᠠᠴᠢ ᠪᠠᠷ ᠰᠦᠯᠵᠢᠶᠡᠨ ᠳᠡᠭᠡᠷ᠎ᠡ ᠬᠢᠨᠠᠨ ᠰᠢᠯᠭᠠᠯᠲᠠ ᠬᠢᠵᠦ᠂ 8 ᠳ᠋ᠤᠭᠠᠷ ᠰᠠᠷ᠎ᠠ ᠶᠢᠨ ᠡᠬᠢ ᠪᠠᠷ ᠰᠢᠭᠰᠢᠬᠦ ᠤᠷᠤᠯᠳᠤᠭᠠᠨ ᠪᠠ ᠰᠢᠶᠳᠪᠦᠷᠢᠲᠦ ᠤᠷᠤᠯᠳᠤᠭᠠᠨ ᠢ ᠳᠠᠭᠤᠰᠬᠠᠵᠤ᠂ ᠤᠷᠤᠯᠳᠤᠭᠠᠨ ᠤ ᠦᠷ᠎ᠡ ᠳ᠋ᠦᠩ ᠢ ᠦᠨᠳᠦᠰᠦᠯᠡᠨ 7 ᠰᠢᠯᠢᠳᠡᠭ ᠲᠦᠷᠦᠯ ᠵᠦᠢᠯ ᠢ ᠰᠤᠩᠭᠤᠨ ᠪᠦᠬᠦ ᠤᠯᠤᠰ ᠤᠨ ᠰᠤᠩᠭᠤᠯᠲᠠ ᠤᠷᠤᠯᠳᠤᠭᠠᠨ ᠪᠠ ᠰᠢᠶᠳᠪᠦᠷᠢᠲᠦ ᠤᠷᠤᠯᠳᠤᠭᠠᠨ ᠳᠤ ᠤᠷᠤᠯᠴᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号