ᠪᠤᠭᠤᠲᠤ ᠬᠤᠲᠠ ᠶᠢᠨ ᠣᠷᠴᠢᠨ ᠠᠬᠤᠶ ᠶᠢᠨ ᠪᠣᠬᠢᠷᠲᠤᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢ ᠡᠮᠬᠢ ᠴᠡᠭᠴᠡ ᠲᠠᠢ ᠪᠠᠷ ᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2018/6/8
     ᠣᠷᠴᠢᠨ ᠠᠬᠤᠶ ᠶᠢᠨ ᠪᠣᠬᠢᠷᠲᠤᠯ ᠤᠨ ᠬᠠᠷᠢᠭᠤᠴᠠᠯᠭ᠎ᠠ ᠶᠢᠨ ᠳᠠᠭᠠᠳᠬᠠᠯ ᠪᠣᠯ ᠠᠵᠤ ᠠᠬᠤᠶᠢᠯᠠᠯ ᠳᠤ ᠪᠣᠬᠢᠷᠲᠤᠯ ᠤᠨ ᠡ᠊ᠨᠳᠡᠯ ᠭᠠᠷᠤᠭᠠᠳ ᠭᠤᠷᠪᠠᠳᠠᠬᠢ ᠡᠲᠡᠭᠡᠳ ᠲᠤ ᠤᠴᠠᠷᠠᠭᠤᠯᠤᠭᠰᠠᠨ ᠬᠤᠬᠢᠷᠠᠯ ᠢ ᠬᠠᠤᠯᠢ ᠶᠣᠰᠣᠭᠠᠷ ᠡᠭᠦᠷᠭᠡᠯᠡᠬᠦ ᠶᠣᠰᠣᠲᠠᠶ ᠲᠥᠯᠥᠪᠦᠷᠢ ᠶᠢᠨ ᠬᠠᠷᠢᠭᠤᠴᠠᠯᠭ᠎ᠠ ᠪᠠᠷ ᠲᠠᠭᠠᠳᠬᠠᠬᠳᠠᠬᠤᠨ ᠪᠣᠯᠭᠠᠭᠰᠠᠨ ᠳᠠᠭᠠᠳᠬᠠᠯ ᠪᠣᠯᠤᠨ᠎ᠠ᠃ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠪᠴᠤ ᠬᠡᠯᠡᠪᠡᠯ᠂ ᠪᠣᠬᠢᠷᠲᠤᠯ ᠤᠨ ᠠᠳᠡᠯ ᠭᠠᠷᠬᠤ ᠳᠤ᠂ ᠳᠠᠭᠠᠳᠬᠠᠯ ᠤᠨ ᠺᠣᠮᠫᠠᠨᠢ ᠨᠢ ᠪᠤᠬᠢᠷᠳᠤᠯ ᠤᠨ ᠬᠤᠬᠢᠷᠠᠯ ᠠᠮᠰᠠᠭᠴᠢ ᠳᠤ ᠲᠥᠯᠥᠪᠦᠷᠢ ᠥᠭᠬᠦ ᠪᠠ ᠵᠠᠰᠠᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠬᠦ᠂ ᠪᠣᠬᠢᠷ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠦᠭᠰᠢᠭᠦᠷᠢ ᠶᠢ ᠠᠷᠢᠯᠭᠠᠬᠤ ᠨᠢᠭᠡ ᠵᠦᠢᠯ ᠤᠨ ᠪᠦᠲᠦᠮᠵᠢᠲᠡᠶ ᠲᠥᠯᠥᠪᠦᠷᠢ ᠥᠭᠬᠦ ᠲᠦᠷᠢᠮ ᠪᠠ ᠲᠡᠳᠬᠦᠮᠵᠢ ᠶᠢᠨ ᠠᠷᠭ᠎ᠠ ᠪᠠᠷᠢᠯ ᠪᠣᠯᠤᠨ᠎ᠠ᠃ ᠪᠤᠭᠤᠲᠤ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠲᠠᠶ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢ ᠲᠡᠯᠭᠡᠷᠡᠭᠦᠯᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠬᠡᠮᠵᠢᠶ᠎ᠡ᠂ ᠳᠠᠭᠠᠳᠬᠠᠭᠤᠯᠤᠭᠰᠠᠨ ᠠᠵᠤ ᠠᠬᠤᠶᠢᠯᠠᠯ ᠤᠨ ᠳᠠᠩᠰᠠ ᠡᠪᠬᠡᠮᠡᠯ ᠵᠢᠴᠢ ᠪᠣᠬᠢᠷᠲᠤᠯ ᠠᠴᠠ ᠪᠣᠯᠤᠭᠰᠠᠨ ᠬᠤᠬᠢᠷᠠᠯ ᠤᠨ ᠲᠥᠯᠥᠪᠦᠷᠢ ᠶᠢᠨ ᠪᠠᠷᠢᠮᠵᠢᠶ᠎ᠠ ᠶᠢ ᠠᠩᠬ᠎ᠠ ᠠᠯᠬᠤᠮ ᠪᠠᠶᠢᠭᠤᠯᠵᠤ᠂ ᠣᠷᠴᠢᠨ ᠠᠬᠤᠶ ᠶᠢᠨ ᠬᠠᠷᠢᠭᠤᠴᠠᠯᠭ᠎ᠠ ᠶᠢᠨ ᠳᠠᠭᠠᠳᠬᠠᠯ ᠯᠤᠭ᠎ᠠ ᠤᠶᠠᠯᠳᠤᠭᠤᠯᠤᠭᠰᠠᠨ ᠣᠷᠴᠢᠨ ᠠᠬᠤᠢ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠲᠣᠭᠲᠠᠭᠠᠵᠤ᠂ ᠣᠷᠴᠢᠨ ᠠᠬᠤᠶ ᠶᠢᠨ ᠪᠣᠬᠢᠷᠲᠤᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠨᠡᠶᠢᠭᠡᠮ ᠤᠨ ᠬᠠᠮᠢᠶᠠᠷᠤᠯᠲᠠ ᠪᠠ ᠠᠵᠤ ᠠᠬᠤᠶ ᠶᠢᠨ ᠨᠥᠬᠦᠪᠥᠷᠢ ᠥᠭᠬᠦ ᠴᠢᠳᠠᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠪᠠᠷ ᠵᠣᠷᠢᠯᠭ᠎ᠠ ᠪᠠᠨ ᠪᠣᠯᠭᠠᠵᠠᠢ᠃      ᠪᠤᠭᠤᠲᠤ ᠣᠷᠴᠢᠨ ᠠᠬᠤᠶ ᠶᠢᠨ ᠪᠣᠬᠢᠷᠲᠤᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ︽2016 ᠣᠨ ᠤ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠲᠠᠶ ᠬᠠᠷᠢᠭᠤᠴᠠᠯᠭ᠎ᠠ ᠶᠢᠨ  ᠳᠠᠭᠠᠳᠬᠠᠯ ᠤᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠬᠦᠨᠳᠦ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠳᠤ ᠬᠤᠯᠪᠣᠭᠳᠠᠭᠰᠠᠨ ᠲᠦᠭᠰᠢᠭᠦᠷᠢ ᠶᠡᠬᠡᠳᠡᠢ ᠭᠤᠣᠯᠳᠠᠯᠭ᠎ᠠ ᠲᠠᠢ 14ᠠᠵᠤ ᠠᠬᠤᠶᠢᠯᠠᠯ ᠳᠤ ᠲᠣᠳᠣᠷᠬᠠᠶ ᠳᠠᠭᠠᠳᠬᠠᠭᠤᠯᠬᠤ ᠱᠠᠭᠠᠷᠳᠠᠯᠭ᠎ᠠ ᠳᠤᠷᠠᠳᠴᠠᠢ᠂ ᠡᠬᠦᠨ ᠤ ᠬᠠᠮᠳᠤ ᠡᠯ᠎ᠡ ᠭᠠᠵᠠᠷ ᠣᠷᠣᠨ ᠤ ᠠᠵᠤ ᠠᠬᠤᠶᠢᠯᠠᠯ ᠤᠨ ᠪᠣᠬᠢᠷᠲᠤᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠳᠠᠭᠠᠳᠬᠠᠭᠤᠯᠤᠭᠰᠠᠨ ᠪᠠᠶᠢᠳᠠᠯ ᠢ ᠬᠠᠷᠢᠶ᠎ᠠ ᠣᠷᠣᠨ ᠤ ᠵᠠᠰᠠᠭ ᠤᠨ ᠣᠷᠳᠣᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠳᠤ ᠤᠷᠤᠭᠤᠯᠵᠤ ᠬᠢᠨᠠᠨ ᠰᠢᠯᠭᠠᠭᠤᠯᠬᠤ ᠎ ᠪᠠᠷ ᠪᠣᠯᠵᠠᠢ᠃ ᠪᠤᠭᠤᠲᠤ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠪᠤᠨ ᠳᠠᠭᠠᠳᠬᠠᠯ ᠤᠨ ᠺᠣᠮᠫᠠᠨᠢ ᠎ ᠶᠢ ᠪᠤᠭᠤᠲᠤ ᠬᠤᠲᠠ ᠶᠢᠨ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠳᠠᠢ ᠬᠠᠷᠢᠭᠤᠴᠠᠯᠭ᠎ᠠ ᠶᠢᠨ ᠳᠠᠭᠠᠳᠬᠠᠯ ᠤᠨ ᠲᠠᠭᠠᠳᠬᠠᠬᠤ ᠨᠢᠭᠡᠴᠡ ᠪᠠᠷ ᠲᠣᠭᠲᠠᠭᠠᠵᠤ᠂ ᠪᠤᠭᠤᠲᠤ ᠬᠤᠲᠠ ᠶᠢᠨ ᠬᠦᠨᠳᠦ ᠲᠡᠮᠦᠷᠯᠢᠭ ᠲᠤ ᠬᠤᠯᠪᠤᠭᠳᠠᠬᠤ ᠠᠵᠤ ᠠᠬᠤᠶᠢᠯᠠᠯ᠂ ᠪᠣᠬᠢᠷᠲᠤᠯ ᠤᠨ ᠠᠳᠡᠯ ᠠᠮᠠᠷᠬᠠᠨ ᠡᠭᠦᠰᠬᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠠᠶᠤᠯᠲᠠᠶ ᠬᠠᠶᠠᠭᠳᠠᠮᠠᠯ ᠡᠳ᠋ ᠢ ᠰᠢᠶᠳᠪᠦᠷᠢᠯᠡᠬᠦ ᠠᠵᠤ ᠠᠬᠤᠶᠢᠯᠠᠯ᠂ ᠣᠷᠴᠢᠨ ᠠᠬᠤᠶ ᠶᠢᠨ ᠪᠣᠬᠢᠷᠲᠤᠯ ᠤᠨ ᠲᠦᠭᠰᠢᠭᠦᠷᠢ ᠶᠡᠬᠡᠲᠡᠶ ᠠᠵᠤ ᠠᠬᠤᠶᠢᠯᠠᠯ ᠵᠢᠴᠢ ᠤᠶᠢᠷ᠎ᠠ ᠶᠢᠨ ᠵᠢᠯ ᠳᠤ ᠬᠦᠨᠳᠦ ᠶᠡᠭᠡ ᠪᠤᠬᠢᠷᠳᠤᠯ ᠤᠨ ᠡ᠊ᠨᠳᠡᠯ ᠭᠠᠷᠤᠭᠰᠠᠨ ᠠᠵᠤ ᠠᠬᠤᠶᠢᠯᠠᠯ᠂ ᠠᠵᠢᠯ ᠲᠦᠷᠦᠯ ᠳᠤ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠲᠠᠶ ᠬᠠᠷᠢᠭᠤᠴᠠᠯᠭ᠎ᠠ ᠶᠢᠨ ᠳᠠᠭᠠᠳᠬᠠᠯ ᠢ ᠳᠡᠯᠭᠡᠷᠡᠭᠦᠯᠬᠦ ᠠᠵᠢᠯ ᠢ ᠲᠦᠯᠬᠢᠨ ᠠᠬᠢᠭᠤᠯᠵᠤ᠂ ᠡᠭᠦᠨ ᠤ ᠬᠠᠮᠲᠤ ᠪᠠᠰᠠ ᠲᠠᠭᠠᠳᠬᠠᠭᠤᠯᠬᠤ ᠨᠡᠷᠡᠰ ᠲᠤ ᠦᠯᠦ ᠵᠢᠬᠰᠠᠭᠠᠭᠳᠠᠭᠰᠠᠨ ᠣᠷᠴᠢᠨ ᠠᠬᠤᠶ ᠶᠢᠨ ᠠᠶᠤᠯ ᠲᠦᠭᠰᠢᠭᠦᠷᠢ ᠶᠡᠬᠡᠲᠡᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠵᠦ ᠣᠷᠴᠢᠨ ᠠᠬᠤᠶ ᠶᠢᠨ ᠪᠣᠬᠢᠷᠲᠤᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠢᠳᠡᠪᠬᠢᠲᠡᠢ ᠣᠷᠤᠯᠴᠠᠭᠤᠯᠵᠠᠢ᠃ 2016 ᠣᠨ ᠳᠤ ᠪᠤᠭᠤᠲᠤ ᠶᠢᠨ ᠨᠢᠭᠡᠳᠦᠭᠡᠷ ᠪᠦᠯᠦᠭ 14 ᠠᠵᠤ ᠠᠬᠤᠶᠢᠯᠠᠯ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠳᠠᠢ ᠬᠠᠷᠢᠭᠤᠴᠠᠯᠭ᠎ᠠ ᠶᠢᠨ ᠳᠠᠭᠠᠳᠬᠠᠯ ᠳᠤ ᠵᠢᠩᠬᠢᠨᠢ ᠪᠠᠷ ᠣᠷᠤᠵᠠᠢ᠃      ᠳᠠᠷᠠᠭᠠᠴᠢ ᠶᠢᠨ ᠠᠯᠬᠤᠮ ᠳᠤ᠂ ᠪᠤᠭᠤᠲᠤ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠲᠠᠶ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠣᠨ ᠤ ᠲᠥᠯᠥᠪᠯᠡᠭᠡ ᠳᠡᠭᠡᠨ ᠣᠷᠤᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠳᠠᠭᠠᠳᠬᠠᠯ ᠤᠨ ᠲᠣᠭᠲᠠᠴᠠ ᠳᠤ ᠤᠷᠤᠬᠤ ᠶᠢ ᠨᠢ ᠵᠢᠯᠣᠭᠤᠳᠬᠤ ᠪᠠ  ᠰᠢᠮᠳᠠᠭᠤᠯᠵᠤ᠂ ᠣᠷᠴᠢᠨ ᠠᠬᠤᠶ ᠶᠢᠨ ᠪᠤᠬᠢᠷᠳᠤᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠵᠤ᠂ ᠲᠦᠭᠰᠢᠭᠦᠷᠢ ᠶᠡᠬᠡᠲᠡᠶ ᠠᠵᠢᠯ ᠲᠥᠷᠥᠯ ᠤᠨ ᠣᠷᠴᠢᠨ ᠠᠬᠤᠶ ᠶᠢᠨ ᠪᠣᠬᠢᠷᠲᠤᠯ ᠤᠨ ᠠᠯᠪᠠᠳᠠᠯᠭ᠎ᠠ ᠶᠢᠨ ᠴᠢᠨᠠᠷᠲᠠᠶ ᠬᠠᠷᠢᠭᠤᠴᠠᠯᠭ᠎ᠠ ᠶᠢᠨ ᠳᠠᠭᠠᠳᠬᠠᠯ ᠢ ᠬᠤᠳᠠᠯᠳᠤᠨ ᠠᠪᠤᠭᠰᠠᠨ ᠡᠰᠡᠬᠦ ᠶᠢ ᠣᠷᠴᠢᠨ ᠠᠬᠤᠶ ᠶᠢᠨ ᠬᠢᠨᠠᠨ ᠬᠠᠮᠢᠶᠠᠷᠤᠯᠳᠠ ᠶᠢᠨ ᠴᠢᠬᠤᠯᠠ ᠠᠭᠤᠯᠭ᠎ᠠ ᠪᠣᠯᠭᠠᠨ ᠬᠢᠨᠠᠨ ᠰᠢᠯᠭᠠᠬᠤ ᠪᠠᠷ ᠪᠡᠯᠡᠳᠭᠡᠵᠤ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号