ᠡᠷᠢᠶᠡᠨ ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠢᠵᠦ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018/6/8
     6 ᠳ᠋ᠤᠭᠠᠷ ᠰᠠᠷ᠎ᠠ ᠶᠢᠨ 6᠎ ᠤ ᠡᠳᠦᠷ᠂ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠢᠤ ᡁᠢ ᠫᠢᠩ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠳᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︿ᠡᠷᠭᠢᠨ ᠬᠠᠷᠠᠬᠤ﹀ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︽ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠳᠤ ᠰᠢᠯᠵᠢᠭᠦᠯᠦᠨ ᠦᠵᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ ︵ᠨᠢᠭᠡᠳᠦᠭᠡᠷ ᠪᠦᠯᠦᠭ︶᠎ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ︾᠎ ᠢ ᠤᠯᠠᠮᠵᠢᠯᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠤᠨ ᠳᠤᠭᠤᠶᠢᠯᠠᠩ ᠤᠨ ᠡᠷᠢᠶᠡᠨ ᠬᠤᠲᠠ ᠳᠤ ᠪᠠᠶᠢᠬᠤ ᠬᠤᠭᠤᠴᠠᠭᠠᠨ ᠳᠠᠬᠢ ᠡᠯ᠎ᠡ ᠵᠣᠬᠢᠴᠠᠭᠤᠯᠤᠨ ᠪᠠᠲᠤᠯᠠᠬᠤ ᠲᠣᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠰᠤᠨᠤᠰᠪᠠ᠃      ᠬᠤᠷᠠᠯ ᠠᠴᠠ ᠳᠤᠷᠠᠳᠤᠭᠰᠠᠨ ᠨᠢ᠂ ᠡᠷᠢᠶᠡᠨ ᠬᠤᠳᠠ ᠶᠢᠨ ᠡᠯ᠎ᠡ ᠰᠠᠯᠠᠭ᠎ᠠ ᠮᠥᠴᠢᠷ ᠤᠳ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠦᠷᠨᠢᠭᠦᠯᠦᠭᠰᠡᠨ ︽ᠡᠷᠭᠢᠨ ᠬᠠᠷᠠᠬᠤ︾ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠴᠡᠭᠴᠡᠯᠡᠨ  ᠰᠠᠶᠢᠵᠢᠷᠠᠭᠤᠯᠬᠤ ᠳᠤ ᠴᠢᠭᠯᠡᠭᠦᠯᠦᠭᠰᠡᠨ ᠠᠰᠠᠭᠤᠳᠠᠯ ᠳᠤ ᠵᠠᠶᠢᠯᠠᠬᠤ ᠦᠭᠡᠢ᠂ ᠳᠠᠯᠳᠠᠯᠠᠬᠤ ᠦᠭᠡᠢ᠂ ᠲᠦᠯᠬᠢᠬᠦ ᠦᠭᠡᠢ ᠪᠠᠶᠢᠵᠤ᠂ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠤᠶᠢᠬᠠᠨ ᠴᠡᠭᠴᠡᠯᠡᠨ  ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠣᠬᠢᠴᠠᠭᠤᠯᠤᠨ ᠬᠠᠮᠵᠢᠯᠴᠠᠵᠤ᠂  ᠨᠢᠭᠲᠠ ᠤᠶᠠᠯᠳᠤᠨ᠂ ᠠᠵᠢᠯ ᠤᠨ ᠲᠣᠭᠲᠠᠴᠠ ᠪᠠᠶᠢᠭᠤᠯᠵᠤ᠂ ᠠᠵᠢᠯ ᠤᠨ ᠬᠢᠨᠠᠨ ᠵᠢᠯᠣᠭᠤᠳᠤᠮᠵᠢ ᠶᠢ ᠴᠢᠩᠭᠠᠷᠠᠭᠤᠯᠤᠨ᠂ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠬᠠᠪᠰᠤᠷᠤᠨ ᠲᠤᠰᠬᠠᠶ ᠶᠠᠷᠢᠯᠴᠠᠬᠤ᠂ ᠰᠤᠷᠪᠣᠯᠵᠢᠯᠠᠨ ᠯᠠᠪᠯᠠᠬᠤ᠂ ᠳᠣᠷᠣᠭᠰᠢ ᠪᠠᠭᠤᠵᠤ ᠰᠢᠮᠳᠠᠭᠤᠯᠤᠨ ᠪᠠᠶᠢᠴᠠᠭᠠᠬᠤ ᠵᠡᠷᠭᠡ ᠠᠵᠢᠯᠯᠠᠭ᠎ᠠ ᠶᠢ ᠲᠣᠬᠢᠷᠠᠭᠤᠯᠬᠤ᠂ ᠵᠣᠬᠢᠴᠠᠭᠤᠯᠬᠤ᠂ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠶᠠᠷᠢᠶᠠᠨ ᠤ ᠮᠠᠲ᠋ᠧᠷᠢᠶᠠᠯ ᠢ ᠰᠠᠶᠢᠲᠤᠷ ᠲᠤᠭᠤᠷᠪᠢᠨ ᠪᠢᠴᠢᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠦᠵᠡᠬᠦ ᠮᠠᠲ᠋ᠧᠷᠢᠶᠠᠯ ᠤᠨ ᠨᠠᠷᠢᠨ ᠬᠠᠭᠤᠳᠠᠰᠤ ᠶᠢ ᠬᠦᠯᠢᠶᠡᠨ ᠠᠪᠴᠤ᠂ ᠬᠡᠷᠡᠭᠴᠡᠭᠡ ᠎ ᠲᠠᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠲᠣᠬᠢᠷᠠᠭᠤᠯᠬᠤ᠂ ᠴᠤᠭᠯᠠᠭᠤᠯᠬᠤ᠂ ᠡᠮᠬᠢᠳᠬᠡᠨ ᠳᠠᠩᠰᠠ ᠡᠪᠬᠡᠮᠡᠯ ᠳᠤ ᠣᠷᠣᠭᠤᠯᠬᠤ ᠶᠢ ᠲᠣᠬᠢᠷᠠᠭᠤᠯᠤᠨ ᠨᠠᠶᠢᠳᠠᠪᠤᠷᠢᠵᠢᠭᠤᠯᠬᠤ︔ ᠤᠬᠠᠭᠤᠯᠭ᠎ᠠ᠂ ᠠᠮᠤᠷ ᠲᠥᠪᠰᠢᠨ ᠤ ᠪᠠᠲᠤᠯᠠᠭ᠎ᠠ᠂ ᠠᠷᠤ ᠲᠠᠯ᠎ᠠ ᠶᠢᠨ ᠠᠵᠢᠯ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠠᠮᠠ ᠰᠡᠭᠡᠷ ᠢ ᠵᠤᠯᠭᠠᠭᠤᠯᠵᠤ᠂ ᠪᠦᠲᠦᠮᠵᠢ ᠰᠠᠶᠢᠲᠠᠶ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠯᠢᠦ ᡁᠢ ᠫᠢᠩ ᠪᠠᠰᠠ ᠣᠷᠴᠢᠨ ᠲᠣᠭᠤᠷᠢᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ᠂ ᠠᠷᠪᠠᠳᠤᠭᠠᠷ ᠬᠤᠭᠤᠴᠠᠭᠠᠨ ᠤ ︽ᠬᠤᠶᠠᠷ ᠵᠥᠪᠳᠡᠯᠴᠡᠭᠡ ᠶᠢᠨ ᠬᠤᠷᠠᠯ︾᠎ ᠤᠨ ᠪᠡᠯᠡᠳᠬᠡᠯ ᠠᠵᠢᠯ ᠢ  ᠪᠠᠶᠢᠷᠢᠯᠠᠭᠤᠯᠤᠨ ᠲᠣᠬᠢᠷᠠᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号