ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠭᠦᠯᠦᠶ᠎ᠡ
ᠨᠡᠶᠢᠲᠡᠯᠡᠭᠰᠡᠨ ᠴᠠᠭ᠄
2018-07-10
     ᠰᠤᠷᠪᠤᠯᠵᠢᠯᠠᠭᠰᠠᠨ ᠴᠠᠭ᠄  2018 ᠣᠨ ᠤ 7 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨᠡᠬᠢ 11 ᠴᠠᠭ      ᠰᠤᠷᠪᠤᠯᠵᠢᠯᠠᠭ᠎ᠠ ᠬᠦᠯᠢᠶᠡᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ     ᠯᠢ ᠳ᠋ᠦᠩ ᠱᠧᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠪᠣᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠨᠡᠷᠡᠲᠦ ᠲᠥᠷᠥᠯ ᠲᠡᠮᠳᠡᠭᠲᠦ ᠳᠤ ᠰᠢᠨ᠎ᠡ ᠶᠢ ᠡᠭᠦᠳᠬᠦ ᠪᠣᠯ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢᠨ ᠴᠢᠬᠤᠯᠠ ᠠᠭᠤᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠠᠵᠢᠯ ᠤᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠬᠢᠬᠦ᠂ ᠬᠠᠮᠲᠤ ᠪᠠᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠲᠠᠢ ᠢᠳᠡᠪᠬᠢᠲᠡᠢ ᠵᠣᠬᠢᠴᠠᠯᠳᠤᠵᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠨ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠭᠤᠣᠯᠯᠠᠨ ᠬᠦᠴᠦᠯᠡᠬᠦ ᠴᠢᠭᠯᠡᠯ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠴᠢ ᠬᠦᠴᠦᠨ ᠪᠣᠯᠭᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ᠂ ᠠᠵᠤ ᠦᠢᠯᠡᠰ ᠤᠨ ᠲᠥᠪᠯᠡᠷᠡᠯ ᠤᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠪᠠᠶᠢᠭᠤᠯᠤᠯᠲᠠ ᠪᠠ ᠰᠢᠨ᠎ᠡ ᠶᠢ ᠡᠭᠦᠳᠦᠨ ᠬᠥᠭᠵᠢᠭᠦᠯᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠷᠡᠲᠦ ᠲᠥᠷᠥᠯ ᠲᠡᠮᠳᠡᠭᠲᠦ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠡᠬᠡ ᠤᠯᠤᠰ ᠤᠨ ᠤᠮᠠᠷᠠᠲᠤ ᠬᠢᠵᠠᠭᠠᠷ ᠢ ᠨᠡᠩ ᠦᠵᠡᠰᠬᠦᠯᠡᠩᠲᠦ ᠰᠠᠶᠢᠬᠠᠨ ᠣᠷᠣᠨ ᠪᠣᠯᠭᠠᠨ ᠴᠣᠭᠴᠠᠯᠠᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠣᠶᠢᠷ᠎ᠠ ᠎ ᠶᠢᠨ ᠵᠢᠯ ᠎ ᠤᠳ ᠲᠤ  ᠂  ᠮᠠᠨ ᠤ ᠣᠷᠣᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠎ ᠶᠢ ᠬᠡᠷᠡᠭᠵᠢᠭᠦᠯᠦᠭᠡᠳ ᠶᠡᠷᠦᠩᠬᠡᠢ  ᠳᠤ ᠪᠠᠨ ᠶᠠᠮᠠᠷ  ᠶᠠᠮᠠᠷ  ᠦᠷ᠎ᠡ ᠪᠦᠲᠦᠮᠵᠢ  ᠣᠯᠣᠭᠰᠠᠨ ᠪᠣᠢ︖      ᠯᠢ ᠳ᠋ᠦᠩ ᠱᠧᠩ᠄      2013 ᠣᠨ ᠠᠴᠠ ᠨᠠᠭᠠᠰᠢ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠷᠢᠰᠢᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠸᠠᠷ ᠤᠨ ᠲᠡᠮᠳᠡᠭ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠬᠥᠭᠵᠢᠯᠲᠡ ᠳᠤ ᠦᠢᠯᠡᠴᠢᠯᠡᠬᠦ ᠭᠤᠣᠯ ᠰᠡᠳᠦᠪ ᠢ ᠲᠣᠪᠣᠶᠢᠯᠭᠠᠵᠤ᠂ ᠲᠠᠸᠠᠷ ᠤᠨ ᠲᠡᠮᠳᠡᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠷᠠᠭᠤᠯᠵᠤ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠠᠬᠢᠭᠤᠯᠤᠨ᠂ ᠪᠦᠬᠦ ᠣᠷᠣᠨ ᠤ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ ᠥᠷᠲᠡᠭ ᠢ ᠳᠡᠭᠡᠭᠰᠢᠯᠡᠭᠦᠯᠦᠨ᠂ ᠨᠡᠷᠡᠲᠦ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠠᠵᠤ ᠦᠢᠯᠡᠰ ᠤᠨ ᠨᠡᠷᠡᠲᠦ ᠲᠥᠷᠥᠯ ᠲᠡᠮᠳᠡᠭᠵᠢᠭᠦᠯᠬᠦ ᠠᠬᠢᠴᠠ ᠶᠢ ᠲᠦᠷᠭᠡᠳᠬᠡᠵᠦ᠂ ᠨᠡᠷᠡᠲᠦ ᠲᠥᠷᠥᠯ ᠲᠡᠮᠳᠡᠭᠲᠦ ᠶᠢᠨ ᠠᠵᠤ ᠠᠬᠤᠢ ᠶᠢᠨ ᠭᠦᠨᠵᠡᠭᠡᠢ ᠬᠥᠭᠵᠢᠬᠦ ᠶᠢ ᠠᠬᠢᠭᠤᠯᠤᠭᠰᠠᠨ ᠠᠴᠠ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠠᠢ᠃ ᠪᠦᠬᠦ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠪᠠ ᠠᠵᠤ ᠦᠢᠯᠡᠰ ᠤᠨ ᠲᠥᠪᠯᠡᠷᠡᠯ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠰᠢᠨ᠎ᠡ ᠠᠬᠢᠴᠠ ᠲᠠᠢ ᠪᠣᠯᠵᠤ᠂ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠢᠲᠡᠭᠡᠮᠵᠢ ᠶᠢᠨ ᠭᠠᠷ ᠤᠨ ᠦᠰᠦᠭ ᠵᠢᠷᠤᠬᠤ ᠦᠢᠯᠡᠳᠦᠯ ᠢ ᠭᠦᠢᠴᠡᠳ ᠢᠯᠡᠷᠡᠭᠦᠯᠪᠡ᠃ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠬᠦᠯᠢᠶᠡᠰᠦᠯᠡᠯ ᠢ ᠰᠢᠪᠲᠤᠯᠵᠤ᠂ ᠨᠡᠷᠡᠲᠦ ᠲᠥᠷᠥᠯ ᠲᠡᠮᠳᠡᠭᠲᠦ ᠶᠢᠨ ᠦᠨ᠎ᠡ ᠬᠠᠩᠰᠢ ᠶᠢ ᠥᠰᠬᠡᠬᠦ ᠴᠢᠳᠠᠪᠤᠷᠢ ᠪᠠ ᠠᠰᠢᠭ ᠣᠷᠣᠯᠭ᠎ᠠ ᠶᠢ ᠢᠯᠡᠳᠲᠡ ᠨᠡᠮᠡᠭᠳᠡᠭᠦᠯᠦᠨ᠂ ᠪᠦᠲᠦᠭᠡᠭᠳᠡᠬᠦᠨ ᠤ ᠰᠢᠯᠢᠳᠡᠭ ᠴᠢᠨᠠᠷ ᠰᠠᠶᠢᠲᠠᠢ ᠪᠠ ᠳᠠᠪᠠᠭᠤᠯᠢᠭ ᠦᠨ᠎ᠡ ᠬᠠᠩᠰᠢ ᠶᠢ ᠪᠦᠲᠦᠮᠵᠢᠲᠡᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠬᠤᠪᠢᠳᠠᠮᠵᠢ ᠶᠢ ᠲᠠᠰᠤᠷᠠᠯᠲᠠ ᠦᠭᠡᠢ ᠥᠷᠭᠡᠳᠬᠡᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠡᠷᠡᠲᠦ ᠲᠥᠷᠥᠯ ᠲᠡᠮᠳᠡᠭᠲᠦ ᠶᠢᠨ ᠠᠵᠤ ᠠᠬᠤᠢ ᠶᠢ ᠡᠷᠡᠭᠦᠯ ᠢᠶᠠᠷ ᠬᠥᠭᠵᠢᠭᠦᠯᠬᠦ ᠲᠠᠯ᠎ᠠ ᠳᠠᠬᠢ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠦᠢᠯᠡᠳᠦᠯ ᠨᠢ ᠡᠳᠦᠷ ᠢᠷᠡᠬᠦᠶ᠎ᠡ ᠲᠣᠪᠣᠶᠢᠨ ᠢᠯᠡᠷᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠶᠡᠷᠦᠩᠬᠡᠶᠢᠯᠡᠨ ᠬᠡᠷᠡᠭᠯᠡᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠠᠬᠢᠭᠤᠯᠬᠤ ᠴᠢᠳᠠᠪᠤᠷᠢ ᠨᠢ ᠤᠯᠠᠮ ᠨᠢᠭᠡ ᠠᠯᠬᠤᠮ ᠳᠡᠭᠡᠭᠰᠢᠯᠡᠨ᠂ ᠮᠠᠨ ᠤ ᠣᠷᠣᠨ ᠤ ᠠᠵᠤ ᠠᠬᠤᠢ ᠶᠢᠨ ᠲᠦᠷᠭᠡᠨ ᠢᠶᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ᠂ ᠴᠢᠨᠠᠷᠯᠢᠭ ᠢᠶᠠᠷ ᠬᠥᠭᠵᠢᠬᠦ ᠶᠢ ᠪᠡᠶᠡᠯᠡᠭᠦᠯᠬᠦ ᠳᠤ ᠰᠢᠨ᠎ᠡ ᠬᠥᠳᠡᠯᠭᠡᠭᠴᠢ ᠬᠦᠴᠦᠨ ᠪᠠ ᠰᠢᠨ᠎ᠡ ᠲᠤᠯᠭᠠᠭᠤᠷᠢᠯᠠᠯ ᠬᠠᠩᠭᠠᠪᠠ᠃      2018 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠪᠦᠬᠦ ᠣᠷᠣᠨ ᠤ ᠪᠦᠲᠦᠮᠵᠢᠲᠡᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠶᠡᠷᠦᠩᠬᠡᠢ ᠲᠤᠭ᠎ᠠ ᠨᠢᠭᠡᠨᠲᠡ 123919᠎ ᠳᠤ ᠬᠦᠷᠪᠡ᠂ ᠲᠡᠭᠦᠨ ᠤ ᠳᠣᠲᠣᠷ᠎ᠠ ᠳᠤᠮᠳᠠᠳᠤ ᠤᠯᠤᠰ ᠤᠨ ᠨᠡᠷᠡᠲᠡᠢ ᠲᠠᠸᠠᠷ ᠤᠨ ᠲᠡᠮᠳᠡᠭ 81᠂ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ 101᠂ ᠥᠪᠥᠷ ᠮᠣᠩᠭᠤᠯ ᠤᠨ ᠨᠡᠷᠡᠲᠦ ᠲᠠᠸᠠᠷ ᠤᠨ ᠲᠡᠮᠳᠡᠭ 776᠂ ᠠᠶᠢᠮᠠᠭ ᠬᠤᠲᠠ ᠶᠢᠨ ᠨᠡᠷ᠎ᠡ ᠴᠤᠤᠲᠠᠢ ᠲᠠᠸᠠᠷ ᠤᠨ ᠲᠡᠮᠳᠡᠭ 1464 ᠪᠠᠶᠢᠨ᠎ᠠ᠃ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠤᠨ ᠪᠠᠶᠢᠷᠢ ᠶᠢᠨ ᠳᠠᠷᠠᠭᠠᠯᠠᠯ ᠨᠢ ᠪᠦᠬᠦ ᠤᠯᠤᠰ ᠤᠨ 24 ᠳ᠋ᠦ᠋ᠭᠡᠷ ᠲᠤ ᠪᠠᠶᠢᠭᠰᠠᠨ ᠠᠴᠠ ᠪᠦᠬᠦ ᠤᠯᠤᠰ ᠤᠨ 13 ᠳ᠋ᠤᠭᠠᠷ ᠲᠤ ᠬᠦᠷᠲᠡᠯ᠎ᠡ ᠳᠡᠭᠡᠭᠰᠢᠯᠡᠪᠡ᠃ 2018 ᠣᠨ ᠤ 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠳᠤ ︽ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠠᠵᠢᠯ ᠤᠨ ᠲᠡᠷᠢᠭᠦᠨ ᠤ ᠬᠠᠮᠲᠤ︾᠎ ᠪᠠᠷ ᠲᠠᠨᠢᠯᠴᠠᠭᠤᠯᠤᠭᠳᠠᠪᠠ᠃      ᠬᠥᠲᠥᠯᠥᠭᠴᠢ᠄      ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠠᠪᠤᠴᠠ ᠳᠤ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠬᠡᠷᠬᠢᠨ ᠰᠢᠯᠢᠳᠡᠭᠵᠢᠭᠦᠯᠦᠭᠰᠡᠨ ᠪᠣᠢ︖      ᠯᠢ ᠳ᠋ᠦᠩ ᠱᠧᠩ᠄      ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠢᠳᠡᠪᠬᠢᠲᠡᠢ ᠪᠠᠷ ᠰᠢᠯᠢᠳᠡᠭᠵᠢᠭᠦᠯᠦᠨ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠦᠴᠦᠲᠡᠢ ᠬᠡᠷᠡᠭᠵᠢᠭᠦᠯᠵᠦ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠰᠠᠯᠠᠭ᠎ᠠ ᠮᠥᠴᠢᠷ ᠤᠨ ᠠᠵᠢᠯᠯᠠᠭ᠎ᠠ ᠠᠴᠠ ᠵᠠᠰᠠᠭ ᠤᠨ ᠣᠷᠳᠣᠨ ᠤ ᠠᠵᠢᠯᠯᠠᠭ᠎ᠠ ᠪᠣᠯᠭᠠᠨ ᠳᠡᠭᠡᠭᠰᠢᠯᠡᠭᠦᠯᠦᠭᠰᠡᠨ ᠠᠴᠠ ᠪᠦᠬᠦ ᠣᠷᠣᠨ ᠤ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠠᠵᠢᠯ ᠳᠤ ᠠᠮᠢᠳᠤᠯᠢᠭ ᠪᠠᠶᠢᠳᠠᠯ ᠢᠯᠡᠷᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠷᠢᠳ ᠬᠤᠵᠢᠳ ᠠᠯᠢ ᠣᠯᠠᠨ ᠪᠢᠴᠢᠭ ᠮᠠᠲ᠋ᠧᠷᠢᠶᠠᠯ ᠢ ᠨᠡᠶᠢᠲᠡᠯᠡᠨ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠳᠤ ᠪᠣᠳᠠᠲᠠᠢ ᠰᠠᠨᠠᠯ ᠳᠤᠷᠠᠳᠤᠭᠰᠠᠨ ᠤ ᠬᠠᠮᠲᠤ᠂ ᠨᠡᠷᠡᠲᠡᠢ ᠲᠠᠸᠠᠷ ᠤᠨ ᠲᠡᠮᠳᠡᠭ᠂ ᠨᠡᠷᠡᠲᠦ ᠲᠠᠸᠠᠷ ᠤᠨ ᠲᠡᠮᠳᠡᠭ ᠣᠯᠣᠭᠰᠠᠨ ᠠᠵᠤ ᠠᠬᠤᠶᠢᠯᠠᠯ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠵᠤ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠠᠵᠢᠯ ᠨᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠳᠡᠮᠵᠢᠯᠭᠡ ᠶᠢ ᠣᠯᠵᠠᠢ᠃ 2017 ᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾᠎ ᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ︿13 · 5﹀᠎ ᠶᠢᠨ ᠬᠥᠭᠵᠢᠯᠲᠡ ᠶᠢᠨ ᠲᠥᠯᠥᠪᠵᠢᠭᠦᠯᠭᠡ︾᠎ ᠶᠢ ᠨᠡᠶᠢᠲᠡᠯᠡᠪᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠢᠳᠡᠪᠬᠢᠲᠡᠢ ᠪᠠᠷ ᠨᠠᠶᠢᠳᠠᠪᠤᠷᠢᠵᠢᠭᠤᠯᠤᠨ ᠳᠠᠭᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠯ ᠢ ᠨᠡᠶᠢᠲᠡᠯᠡᠨ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠵᠠᠢ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠶᠠᠮᠠᠷ ᠶᠠᠮᠠᠷ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠪᠣᠢ︖      ᠯᠢ ᠳ᠋ᠦᠩ ᠱᠧᠩ᠄      ᠨᠢᠭᠡ ᠳᠤ᠂ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠪᠠ᠃ ᠨᠡᠷᠡᠲᠡᠢ ᠲᠠᠸᠠᠷ ᠤᠨ ᠲᠡᠮᠳᠡᠭ᠂ ᠨᠡᠷᠡᠲᠦ ᠲᠠᠸᠠᠷ ᠤᠨ ᠲᠡᠮᠳᠡᠭ ᠤᠨ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠨᠡᠷᠡᠲᠦ ᠲᠠᠸᠠᠷ ᠤᠨ ᠲᠡᠮᠳᠡᠭ ᠢ ᠮᠠᠭᠠᠳᠯᠠᠨ ᠲᠣᠭᠲᠠᠭᠠᠬᠤ ᠪᠠ ᠨᠡᠷᠡᠲᠡᠢ ᠲᠠᠸᠠᠷ ᠤᠨ ᠲᠡᠮᠳᠡᠭ ᠢᠶᠠᠷ ᠲᠠᠨᠢᠯᠴᠠᠭᠤᠯᠬᠤ᠂ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠦᠭᠰᠡᠨ ᠠᠴᠠ ᠨᠡᠷᠡᠲᠡᠢ ᠲᠠᠸᠠᠷ ᠤᠨ ᠲᠡᠮᠳᠡᠭ᠂ ᠨᠡᠷᠡᠲᠦ ᠲᠠᠸᠠᠷ ᠤᠨ ᠲᠡᠮᠳᠡᠭ ᠪᠠ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠭᠡᠬᠦ ᠭᠤᠷᠪᠠᠨ ᠶᠡᠭᠡ ᠡᠩᠨᠡᠭᠡ ᠵᠢᠭᠰᠠᠭᠠᠯ ᠠᠩᠬ᠎ᠠ ᠠᠯᠬᠤᠮ ᠪᠦᠷᠢᠯᠳᠦᠪᠡ᠃ ᠮᠠᠰᠢ ᠣᠯᠠᠨ ᠲᠠᠸᠠᠷ ᠤᠨ ᠲᠡᠮᠳᠡᠭ ᠨᠢ ᠨᠡᠷᠡᠲᠡᠢ ᠲᠠᠸᠠᠷ ᠤᠨ ᠲᠡᠮᠳᠡᠭ ᠪᠤᠶᠤ ᠨᠡᠷᠡᠲᠦ ᠲᠠᠸᠠᠷ ᠤᠨ ᠲᠡᠮᠳᠡᠭ ᠢᠶᠠᠷ ᠮᠠᠭᠠᠳᠯᠠᠭᠳᠠᠨ ᠲᠣᠭᠲᠠᠭᠠᠭᠳᠠᠵᠤ᠂ ᠮᠠᠨ ᠤ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠬᠥᠲᠥᠯᠥᠨ ᠳᠠᠭᠠᠭᠤᠯᠬᠤ ᠲᠦᠷᠦᠭᠦᠯᠡᠭᠴᠢ ᠪᠣᠯᠵᠤ᠂ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠬᠤᠶᠠᠷ ᠲᠤ᠂ ᠨᠡᠷᠡᠲᠦ ᠲᠥᠷᠥᠯ ᠲᠡᠮᠳᠡᠭᠲᠦ ᠶᠢᠨ ᠪᠡᠯᠡ ᠲᠣᠬᠢᠷᠠᠭᠤᠯᠬᠤ ᠠᠵᠢᠯ ᠢ ᠢᠳᠡᠪᠬᠢᠲᠡᠢ ᠪᠠᠷ ᠠᠬᠢᠭᠤᠯᠵᠤ᠂ ᠲᠠᠸᠠᠷ ᠤᠨ ᠲᠡᠮᠳᠡᠭ ᠤᠨ ᠡᠷᠬᠡ ᠶᠢᠨ ᠳᠠᠨᠵᠢᠯᠠᠭ᠎ᠠ ᠲᠠᠢ ᠵᠢᠭᠡᠯᠡᠯᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠨᠡᠶᠢᠲᠡᠯᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠲᠡᠮᠳᠡᠭ ᠳᠠᠩᠰᠠᠯᠠᠭᠤᠯᠬᠤ ᠲᠤᠰᠬᠠᠢ ᠬᠡᠷᠡᠭᠯᠡᠭᠡᠨ ᠤ ᠡᠷᠬᠡ ᠶᠢᠨ ᠳᠠᠨᠵᠢᠯᠠᠭ᠎ᠠ ᠲᠠᠢ ᠵᠢᠭᠡᠯᠡᠯᠭᠡ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠲᠣᠭᠲᠠᠭᠠᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠲᠠᠸᠠᠷ ᠤᠨ ᠲᠡᠮᠳᠡᠭ ᠤᠨ ᠪᠣᠳᠠᠰᠯᠢᠭ ᠪᠤᠰᠤ ᠬᠥᠷᠥᠩᠭᠡ ᠶᠢᠨ ᠥᠷᠲᠡᠭ ᠤᠨ ᠦᠢᠯᠡᠳᠦᠯ ᠢ ᠪᠠᠳᠠᠷᠠᠭᠤᠯᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠲᠠᠪᠤᠨ ᠵᠢᠯ ᠤᠨ ᠲᠤᠷᠰᠢ᠂ ᠲᠠᠸᠠᠷ ᠤᠨ ᠲᠡᠮᠳᠡᠭ ᠤᠨ ᠳᠠᠨᠵᠢᠯᠠᠭ᠎ᠠ ᠲᠠᠢ ᠵᠢᠭᠡᠯᠡᠯᠭᠡ ᠶᠢᠨ ᠬᠡᠯᠪᠡᠷᠢ ᠪᠠᠷ ᠳᠠᠮᠵᠢᠭᠤᠯᠵᠤ᠂ ᠠᠵᠤ ᠠᠬᠤᠶᠢᠯᠠᠯ ᠳᠤ ᠨᠡᠶᠢᠲᠡ 6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠰᠢᠢᠳᠪᠦᠷᠢᠯᠡᠨ ᠥᠭᠪᠡ᠃ ᠭᠤᠷᠪᠠ ᠳᠤ᠂ ᠲᠠᠸᠠᠷ ᠤᠨ ᠲᠡᠮᠳᠡᠭ ᠳᠠᠩᠰᠠᠯᠠᠭᠤᠯᠬᠤ ᠶᠢ ᠳᠥᠭᠦᠮ ᠪᠣᠯᠭᠠᠵᠤ ᠠᠵᠢᠯ ᠢ ᠦᠷᠭᠦᠯᠵᠢᠯᠡᠨ ᠠᠬᠢᠭᠤᠯᠪᠠ᠃ ᠬᠥᠬᠡᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ ᠶᠢᠨ ︽ᠲᠠᠸᠠᠷ ᠤᠨ ᠲᠡᠮᠳᠡᠭ ᠳᠠᠩᠰᠠᠯᠠᠭᠤᠯᠬᠤ ᠶᠢ ᠬᠦᠯᠢᠶᠡᠨ ᠠᠪᠬᠤ ᠭᠠᠵᠠᠷ︾ ᠪᠠ ᠣᠷᠳᠣᠰ ᠬᠤᠲᠠ ᠶᠢᠨ ︽ᠲᠠᠸᠠᠷ ᠤᠨ ᠲᠡᠮᠳᠡᠭ ᠤᠨ ᠳᠠᠨᠵᠢᠯᠠᠭᠤᠯᠤᠨ ᠳᠠᠩᠰᠠᠯᠠᠭᠤᠯᠬᠤ ᠶᠢ ᠬᠦᠯᠢᠶᠡᠨ ᠠᠪᠬᠤ ᠭᠠᠵᠠᠷ︾᠎ ᠢ ᠲᠣᠬᠢᠷᠠᠭᠤᠯᠵᠤ᠂ ᠠᠵᠤ ᠠᠬᠤᠶᠢᠯᠠᠯ ᠤᠨ ᠲᠠᠸᠠᠷ ᠤᠨ ᠲᠡᠮᠳᠡᠭ ᠳᠠᠩᠰᠠᠯᠠᠭᠤᠯᠬᠤ ᠳᠤ ᠲᠤᠶᠢᠯ ᠢᠶᠠᠷ ᠳᠥᠭᠦᠮ ᠦᠵᠡᠭᠦᠯᠪᠡ᠃ ᠣᠳᠣᠬᠠᠨ ᠳᠤ ᠭᠤᠷᠪᠠᠨ ᠬᠦᠯᠢᠶᠡᠨ ᠠᠪᠬᠤ ᠭᠠᠵᠠᠷ ᠨᠢ ᠨᠡᠶᠢᠲᠡ 1638 ᠲᠠᠸᠠᠷ ᠤᠨ ᠲᠡᠮᠳᠡᠭ ᠳᠠᠩᠰᠠᠯᠠᠭᠤᠯᠬᠤ ᠭᠤᠶᠤᠴᠢᠯᠠᠯᠲᠠ ᠶᠢ ᠬᠦᠯᠢᠶᠡᠨ ᠠᠪᠴᠠᠢ᠃ ᠣᠷᠳᠣᠰ ᠬᠤᠲᠠ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠭᠡᠨ ᠤ ᠡᠷᠬᠡ ᠳᠠᠨᠵᠢᠯᠠᠭᠤᠯᠬᠤ ᠳᠠᠩᠰᠠᠯᠠᠭᠤᠯᠤᠯᠲᠠ ᠶᠢ 103 ᠭᠦᠢᠴᠡᠳᠬᠡᠵᠦ᠂ 4.62 ᠲᠥᠭᠦᠷᠢᠭ ᠤᠨ ᠳᠠᠨᠵᠢᠯᠠᠭ᠎ᠠ ᠲᠠᠢ ᠵᠢᠭᠡᠯᠡᠯᠭᠡ ᠲᠠᠯᠪᠢᠪᠠ᠃ ᠳᠥᠷᠪᠡ ᠳᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠵᠠᠰᠠᠭ ᠤᠨ ᠣᠷᠳᠣᠨ ᠢ ᠢᠳᠡᠪᠬᠢᠲᠡᠢ ᠪᠠᠷ ᠵᠣᠬᠢᠴᠠᠭᠤᠯᠤᠨ ᠣᠷᠣᠨ ᠨᠤᠲᠤᠭ ᠤᠨ ᠨᠡᠷᠡᠲᠡᠢ ᠲᠠᠸᠠᠷ ᠤᠨ ᠲᠡᠮᠳᠡᠭ᠂ ᠨᠡᠷᠡᠲᠦ ᠲᠠᠸᠠᠷ ᠤᠨ ᠲᠡᠮᠳᠡᠭ ᠲᠠᠢ ᠠᠵᠤ ᠠᠬᠤᠶᠢᠯᠠᠯ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠠᠢ᠃ ᠲᠠᠪᠤᠨ ᠵᠢᠯ ᠤᠨ ᠲᠤᠷᠰᠢ ᠪᠦᠬᠦ ᠣᠷᠣᠨ ᠳᠤ ᠨᠡᠷᠡᠲᠡᠢ ᠲᠠᠸᠠᠷ ᠤᠨ ᠲᠡᠮᠳᠡᠭ ᠪᠠ ᠨᠡᠷᠡᠲᠦ ᠲᠠᠸᠠᠷ ᠤᠨ ᠲᠡᠮᠳᠡᠭ ᠤᠨ ᠱᠠᠩᠨᠠᠯ ᠤᠨ ᠮᠥᠩᠭᠦ ᠶᠢ ᠨᠡᠶᠢᠲᠡ 1.46 ᠳ᠋ᠦᠩᠰᠢᠭᠤᠷ ᠲᠥᠭᠦᠷᠢᠭ ᠣᠯᠭᠤᠨ ᠥᠭᠪᠡ᠂ ᠲᠡᠭᠦᠨ ᠤ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠱᠠᠲᠤᠨ ᠳᠤ 3490 ᠲᠦᠮᠡᠨ ᠲᠥᠭᠦᠷᠢᠭ ᠣᠯᠭᠤᠪᠠ᠃ ᠲᠠᠪᠤ ᠳᠤ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠳᠡᠯᠭᠡᠨ ᠦᠵᠡᠭᠦᠯᠬᠦ ᠪᠠ ᠦᠨᠡᠯᠡᠨ ᠱᠠᠩᠨᠠᠬᠤ ᠵᠡᠷᠭᠡ ᠬᠥᠳᠡᠯᠭᠡᠭᠡᠨ ᠳᠤ ᠢᠳᠡᠪᠬᠢᠲᠡᠢ ᠣᠷᠣᠯᠴᠠᠪᠠ᠃ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯᠲᠦ ᠪᠡᠯᠡ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ 2015 ᠣᠨ ᠳᠠᠬᠢ ᠳᠤᠮᠳᠠᠳᠤ ᠤᠯᠤᠰ ᠤᠨ ᠲᠠᠸᠠᠷ ᠤᠨ ᠲᠡᠮᠳᠡᠭ ᠤᠨ ᠱᠠᠩᠨᠠᠯ · ᠲᠠᠸᠠᠷ ᠤᠨ ᠲᠡᠮᠳᠡᠭ ᠲᠤ ᠰᠢᠨ᠎ᠡ ᠶᠢ ᠡᠭᠦᠳᠦᠭᠰᠡᠨ ᠱᠠᠩᠨᠠᠯ ᠢ ᠬᠦᠷᠲᠡᠨ᠂ ᠥᠪᠥᠷ ᠮᠣᠩᠭᠤᠯ ᠤᠨ ᠣᠷᠳᠣᠰ ᠤᠨ ᠡᠬᠢ ᠪᠠᠶᠠᠯᠢᠭ ᠤᠨ ᠪᠡᠯᠡ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ 2017 ᠣᠨ ᠳᠠᠬᠢ ᠳᠤᠮᠳᠠᠳᠤ ᠤᠯᠤᠰ ᠤᠨ ᠲᠠᠸᠠᠷ ᠤᠨ ᠲᠡᠮᠳᠡᠭ ᠤᠨ ᠱᠠᠩᠨᠠᠯ · ᠲᠠᠸᠠᠷ ᠤᠨ ᠲᠡᠮᠳᠡᠭ ᠤᠨ ᠬᠡᠷᠡᠭᠯᠡᠭᠡᠨ ᠤ ᠱᠠᠩᠨᠠᠯ ᠢ ᠬᠦᠷᠲᠡᠵᠦ᠂ ᠮᠠᠨ ᠤ ᠣᠷᠣᠨ ᠤ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢ ᠪᠠ ᠹᠧᠩᠵᠧᠨ ᠤ ᠶᠧᠪᠡᠩ ᠭᠡᠬᠦ ᠭᠠᠵᠠᠷ ᠵᠦᠢ ᠶᠢᠨ ᠲᠡᠮᠳᠡᠭᠲᠦ ᠬᠤᠶᠠᠷ ᠲᠠᠸᠠᠷ ᠤᠨ ᠲᠡᠮᠳᠡᠭ ᠨᠢ 2017 ᠣᠨ ᠤ ᠳᠡᠯᠡᠬᠡᠢ ᠶᠢᠨ ᠭᠠᠵᠠᠷ ᠵᠦᠢ ᠶᠢᠨ ᠲᠡᠮᠳᠡᠭᠲᠦ ᠶᠢᠨ ᠶᠡᠭᠡ ᠬᠤᠷᠠᠯ ᠤᠨ ᠳᠤᠮᠳᠠᠳᠤ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠳᠡᠯᠭᠡᠨ ᠦᠵᠡᠭᠦᠯᠬᠦ ᠬᠥᠳᠡᠯᠭᠡᠭᠡᠨ ᠳᠤ ᠣᠷᠣᠯᠴᠠᠵᠠᠢ᠃      ᠬᠥᠲᠥᠯᠥᠭᠴᠢ᠄      ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠳᠠᠩᠰᠠᠯᠠᠭᠤᠯᠬᠤ ᠶᠢ ᠠᠬᠢᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠯᠢ ᠳ᠋ᠦᠩ ᠱᠧᠩ᠄      ᠡᠯ᠎ᠡ ᠭᠠᠵᠠᠷ ᠤᠨ ᠡᠬᠢ ᠪᠠᠶᠠᠯᠢᠭ ᠤᠨ ᠤᠭ ᠰᠤᠷᠪᠤᠯᠵᠢ ᠶᠢᠨ ᠳᠠᠪᠠᠭᠤᠯᠢᠭ ᠲᠠᠢ ᠤᠶᠠᠯᠳᠤᠭᠤᠯᠤᠨ᠂ ᠪᠦᠬᠦ ᠣᠷᠣᠨ ᠤ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠢ ᠬᠥᠳᠡᠯᠦᠩᠭᠦᠢ ᠪᠠᠷ ᠵᠢᠯᠣᠭᠤᠳᠬᠤ ᠪᠠ ᠵᠣᠬᠢᠴᠠᠭᠤᠯᠬᠤ ᠶᠢ ᠴᠢᠩᠭᠠᠳᠬᠠᠪᠠ᠃ ᠪᠦᠬᠦ ᠣᠷᠣᠨ ᠤ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠭᠤᠶᠤᠴᠢᠯᠠᠬᠤ ᠶᠢ ᠬᠦᠯᠢᠶᠡᠨ ᠠᠪᠬᠤ᠂ ᠠᠩᠬ᠎ᠠ ᠠᠯᠬᠤᠮ ᠬᠢᠨᠠᠵᠤ ᠵᠠᠷᠯᠠᠨ ᠨᠡᠶᠢᠲᠡᠯᠡᠬᠦ᠂ ᠬᠠᠷᠭᠤᠭᠤᠯᠤᠨ ᠵᠥᠪᠰᠢᠶᠡᠷᠡᠵᠦ ᠳᠠᠩᠰᠠᠯᠠᠬᠤ ᠵᠡᠷᠭᠡ ᠲᠥᠯᠥᠪ ᠪᠠᠶᠢᠳᠠᠯ ᠢᠶᠠᠷ ᠬᠤᠪᠢᠶᠠᠷᠢᠯᠠᠨ ᠰᠠᠯᠭᠠᠵᠤ᠂ ᠰᠦᠯᠵᠢᠶᠡᠨ ᠳᠡᠭᠡᠷ᠎ᠡ ᠨᠢᠭᠡ ᠨᠢᠭᠡ ᠪᠠᠷ ᠬᠥᠳᠡᠯᠦᠩᠭᠦᠢ ᠪᠠᠷ ᠮᠥᠷᠳᠡᠵᠦ ᠬᠢᠨᠠᠨ ᠡᠵᠡᠮᠳᠡᠭᠰᠡᠨ ᠤ ᠬᠠᠮᠲᠤ᠂ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠳᠠᠩᠰᠠᠯᠠᠭᠤᠯᠤᠭᠴᠢ ᠲᠠᠢ ᠴᠠᠭ ᠲᠤᠬᠠᠢ ᠳᠤ ᠨᠢ ᠣᠶᠢᠯᠠᠭᠠᠯᠴᠠᠨ ᠣᠯᠣᠯᠴᠠᠵᠤ ᠰᠢᠢᠳᠪᠦᠷᠢᠯᠡᠪᠡ᠃ ᠡᠭᠦᠨ ᠤ ᠬᠠᠮᠲᠤ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠤᠨ ᠲᠤᠬᠠᠢ ᠠᠯᠢ ᠣᠯᠠᠨ ᠬᠤᠷᠠᠯ ᠪᠠ ᠪᠣᠯᠪᠠᠰᠤᠷᠠᠭᠤᠯᠤᠯ ᠢ ᠡᠷᠬᠢᠯᠡᠵᠦ᠂ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠤᠨ ᠳᠠᠩᠰᠠᠯᠠᠭᠤᠯᠬᠤ ᠪᠠ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠪᠠ᠃ ︽ᠥᠪᠥᠷ ᠮᠣᠩᠭᠤᠯ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠵᠠᠷ ᠵᠦᠢ ᠶᠢᠨ ᠲᠡᠮᠳᠡᠭᠲᠦ ᠪᠠᠷ ᠭᠡᠷᠡᠴᠢᠯᠡᠭᠰᠡᠨ ᠲᠠᠸᠠᠷ ᠤᠨ ᠲᠡᠮᠳᠡᠭ ᠤᠨ ᠵᠠᠰᠠᠭ ᠵᠠᠬᠢᠷᠭᠠᠨ ᠤ ᠵᠢᠯᠣᠭᠤᠳᠤᠯᠭ᠎ᠠ ᠬᠢᠬᠦ ᠵᠢᠷᠤᠮᠵᠢᠯ︾᠎ ᠢ ᠲᠣᠭᠲᠠᠭᠠᠨ ᠨᠡᠶᠢᠲᠡᠯᠡᠵᠦ᠂ ᠭᠠᠵᠠᠷ ᠵᠦᠢ ᠶᠢᠨ ᠲᠡᠮᠳᠡᠭᠲᠦ ᠪᠠᠷ ᠭᠡᠷᠡᠴᠢᠯᠡᠭᠰᠡᠨ ᠲᠠᠸᠠᠷ ᠤᠨ ᠲᠡᠮᠳᠡᠭ ᠢ ᠤᠬᠠᠭᠤᠯᠤᠨ ᠳᠡᠯᠭᠡᠷᠡᠭᠦᠯᠬᠦ᠂ ᠵᠥᠪᠰᠢᠶᠡᠷᠡᠨ ᠬᠡᠷᠡᠭᠯᠡᠬᠦ᠂ ᠬᠠᠮᠢᠶᠠᠷᠬᠤ ᠪᠠ ᠬᠠᠮᠠᠭᠠᠯᠠᠬᠤ ᠵᠡᠷᠭᠡ ᠲᠠᠯ᠎ᠠ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠡᠳᠡᠭᠡᠷ ᠠᠯᠢ ᠣᠯᠠᠨ ᠡᠷᠴᠢᠮᠲᠡᠢ ᠠᠵᠢᠯ ᠤᠨ ᠠᠷᠭ᠎ᠠ ᠬᠡᠮᠵᠢᠶ᠎ᠡ ᠨᠢ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠤᠨ ᠳᠠᠩᠰᠠᠯᠠᠭᠤᠯᠤᠯᠲᠠ ᠳᠤ ᠲᠦᠷᠭᠡᠨ ᠢᠶᠠᠷ ᠨᠡᠮᠡᠭᠳᠡᠭᠦᠯᠬᠦ ᠰᠠᠶᠢᠨ ᠰᠠᠶᠢᠬᠠᠨ ᠪᠠᠶᠢᠳᠠᠯ ᠲᠠᠢ ᠪᠣᠯᠭᠠᠵᠤ᠂ 2017 ᠣᠨ ᠳᠤ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ 24 ᠰᠢᠨ᠎ᠡ ᠪᠠᠷ ᠨᠡᠮᠡᠭᠳᠡᠵᠦ᠂ ᠥᠩᠭᠡᠷᠡᠭᠰᠡᠨ ᠵᠢᠯ ᠤᠳ ᠤᠨ ᠰᠢᠨ᠎ᠡ ᠪᠠᠷ ᠨᠡᠮᠡᠭᠳᠡᠭᠰᠡᠨ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠤᠨ ᠬᠠᠮᠤᠭ ᠣᠯᠠᠨ ᠢ ᠡᠭᠦᠳᠴᠡᠢ᠃ 2018 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠪᠦᠬᠦ ᠣᠷᠣᠨ ᠤ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠨᠢ ᠵᠠᠭᠤ ᠶᠢ ᠳᠠᠪᠠᠨ 101᠎ ᠳᠤ ᠬᠦᠷᠴᠦ᠂ ᠪᠠᠶᠢᠷᠢ ᠶᠢᠨ ᠳᠠᠷᠠᠭᠠᠯᠠᠯ ᠨᠢ ᠪᠦᠬᠦ ᠤᠯᠤᠰ ᠤᠨ 24 ᠳ᠋ᠦ᠋ᠭᠡᠷ ᠲᠤ ᠪᠠᠶᠢᠭᠰᠠᠨ ᠠᠴᠠ ᠪᠦᠬᠦ ᠤᠯᠤᠰ ᠤᠨ 13 ᠳ᠋ᠤᠭᠠᠷ ᠲᠤ ᠬᠦᠷᠲᠡᠯ᠎ᠡ ᠳᠡᠭᠡᠭᠰᠢᠯᠡᠵᠡᠢ᠃      ᠬᠥᠲᠥᠯᠥᠭᠴᠢ᠄      ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠬᠡᠷᠬᠢᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠰᠢᠭᠯᠠᠨ ᠶᠠᠳᠠᠭᠤ ᠠᠴᠠ ᠠᠩᠭᠢᠵᠢᠷᠠᠭᠤᠯᠬᠤ ᠶᠢᠨ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠭᠰᠠᠨ ᠪᠣᠢ︖      ᠯᠢ ᠳ᠋ᠦᠩ ᠱᠧᠩ᠄      ᠣᠶᠢᠷ᠎ᠠ ᠶᠢᠨ ᠵᠢᠯ ᠤᠳ ᠲᠤ᠂ ᠮᠠᠨ ᠤ ᠲᠣᠪᠴᠢᠶ᠎ᠠ ᠪᠦᠬᠦ ᠣᠷᠣᠨ ᠤ ᠣᠳᠣ ᠶᠢᠨ ᠪᠠᠶᠢᠭ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠪᠠ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠲᠤ ᠰᠠᠭᠤᠷᠢᠯᠠᠨ᠂ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ ᠣᠨᠣᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠪᠡ᠃ ᠡᠯ᠎ᠡ ᠠᠶᠢᠮᠠᠭ ᠬᠤᠲᠠ ᠶᠢᠨ ᠬᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠲᠡᠮᠳᠡᠭ ᠪᠠ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠢ ᠬᠡᠷᠡᠭᠯᠡᠨ ᠣᠨᠣᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠨ᠂ ︽ᠲᠠᠸᠠᠷ ᠤᠨ ᠲᠡᠮᠳᠡᠭ ᠢᠶᠠᠷ ᠲᠠᠷᠢᠶᠠᠴᠢᠳ ᠢ ᠴᠢᠨᠡᠭᠡᠯᠢᠭᠵᠢᠭᠦᠯᠦᠭᠰᠡᠨ︾ ᠠᠵᠢᠯ ᠤᠨ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠰᠣᠯᠢᠯᠴᠠᠬᠤ ᠲᠠᠪᠴᠠᠩ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠲᠠᠷᠢᠶᠠᠯᠠᠩ ᠢ ᠬᠥᠭᠵᠢᠭᠦᠯᠬᠦ ᠠᠷᠭ᠎ᠠ ᠬᠡᠯᠪᠡᠷᠢ ᠪᠠᠨ ᠲᠦᠷᠭᠡᠨ ᠢᠶᠠᠷ ᠬᠤᠪᠢᠷᠠᠭᠤᠯᠬᠤ ᠶᠢ ᠠᠬᠢᠭᠤᠯᠪᠠ᠃ ︽ᠺᠣᠮᠫᠠᠨᠢ + ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ︵ᠭᠠᠵᠠᠷ ᠵᠦᠢ ᠶᠢᠨ ᠲᠡᠮᠳᠡᠭᠲᠦ︶ + ᠲᠠᠷᠢᠶᠠᠴᠢᠨ ᠡᠷᠦᠬᠡ︾ ᠂ ︽ᠨᠢᠭᠡ ᠰᠢᠶᠠᠩ ᠳᠤ ᠨᠢᠭᠡ ᠨᠡᠷᠡᠲᠦ ᠲᠥᠷᠥᠯ ᠲᠡᠮᠳᠡᠭᠲᠦ︾᠂ ︽ᠨᠢᠭᠡ ᠲᠣᠰᠬᠤᠨ ᠳᠤ ᠨᠢᠭᠡ ᠲᠠᠸᠠᠷ ᠤᠨ ᠲᠡᠮᠳᠡᠭ ︾᠎ ᠲᠠᠢ ᠪᠣᠯᠭᠠᠬᠤ ᠠᠵᠤ ᠦᠢᠯᠡᠰᠵᠢᠭᠰᠡᠨ ᠡᠵᠡᠩᠨᠡᠯᠲᠡ ᠶᠢᠨ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠲᠠᠷᠢᠶᠠᠴᠢᠨ ᠮᠠᠯᠴᠢᠳ ᠤᠨ ᠵᠠᠬ᠎ᠠ ᠳᠡᠯᠭᠡᠭᠦᠷ ᠲᠤ ᠣᠷᠣᠬᠤ ᠵᠣᠬᠢᠶᠠᠨ ᠪᠠᠶᠢᠭᠤᠯᠤᠯᠵᠠᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃      ᠬᠥᠲᠥᠯᠥᠭᠴᠢ᠄      ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠰᠢᠭᠯᠠᠨ ᠶᠠᠳᠠᠭᠤ ᠠᠴᠠ ᠠᠩᠭᠢᠵᠢᠷᠠᠭᠤᠯᠬᠤ ᠶᠢᠨ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠠᠪᠤᠴᠠ ᠳᠤ ᠶᠠᠮᠠᠷ ᠶᠠᠮᠠᠷ ᠨᠡᠶᠢᠲᠡᠯᠡᠭ ᠵᠢᠱᠢᠶ᠎ᠡ ᠲᠠᠢ ᠪᠣᠯᠣᠭᠰᠠᠨ ᠪᠣᠢ︖      ᠯᠢ ᠳ᠋ᠦᠩ ᠱᠧᠩ᠄      ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠠᠰᠢᠭᠯᠠᠨ ︽ᠪᠣᠷᠣᠲᠣᠬᠤᠢ ︵ᠡᠾᠧ ᠲᠣᠤ︶︾ ᠰᠢᠷᠢᠰ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠡᠬᠢᠯᠡᠵᠦ ᠠᠵᠢᠯᠯᠠᠭᠤᠯᠤᠨ ᠡᠵᠡᠩᠨᠡᠪᠡ︔ ᠪᠤᠭᠤᠲᠤ ᠶᠢᠨ ᠳᠠᠷᠬᠠᠨ ᠮᠤᠤᠮᠢᠩᠭᠠᠨ ᠬᠤᠰᠢᠭᠤ ᠪᠠ ᠭᠦᠶᠠᠩ ᠰᠢᠶᠠᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠠᠰᠢᠭᠯᠠᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠠᠶᠢᠭᠤᠯᠤᠨ ᠪᠦᠲᠦᠭᠡᠵᠦ ᠪᠠᠶᠢᠭᠠᠳ ᠲᠠᠷᠢᠶᠠᠴᠢᠨ ᠮᠠᠯᠴᠢᠳ ᠢ ᠳᠠᠭᠠᠭᠤᠯᠤᠨ ᠳᠠᠶᠢᠴᠢᠯᠠᠵᠤ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠪᠠ᠃ ᠬᠢᠩᠭᠠᠨ ᠠᠶᠢᠮᠠᠭ ᠤᠨ ᠲᠦᠴᠢᠤᠸᠠᠨ ᠰᠢᠶᠠᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠠᠰᠢᠭᠯᠠᠨ ᠣᠨᠣᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠬᠤᠶᠠᠷ ᠵᠢᠯ ᠤᠨ ᠴᠠᠭ ᠵᠠᠷᠤᠴᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠤᠯᠠᠭᠠᠨᠴᠠᠪ ᠤᠨ ᠱᠠᠩᠳᠤ ᠰᠢᠶᠠᠨ ︽ᠱᠠᠩᠳᠤ ᠰᠢᠶᠠᠨ ᠤ ᠴᠤᠭᠤᠷ ᠨᠣᠭᠤᠭ᠎ᠠ︾᠎ ᠶᠢᠨ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠤᠨ᠂ ᠬᠠᠷᠢ ᠶᠢᠨ ᠴᠤᠭᠤᠷ ᠨᠣᠭᠤᠭ᠎ᠠ ᠪᠠᠷ ᠭᠠᠷᠳᠠᠯ ᠪᠣᠯᠭᠠᠵᠤ᠂ ᠮᠢ ᠨᠢ ᠨᠠᠩᠭᠤᠸᠠ᠂ ᠢᠩᠲᠣᠣᠷ᠂ ᠲᠥᠪᠡᠳ ᠬᠠᠰᠢ᠂ ᠥᠩᠭᠡᠲᠦ ᠯᠠᠵᠤᠤ᠂ ᠨᠠᠩᠭᠢᠶᠠᠳ ᠠᠷᠤᠷ᠎ᠠ᠂ ᠬᠤᠯᠤᠭᠠᠷ ᠥᠷᠭᠡᠰᠦᠲᠦ ᠬᠡᠮᠬᠡ᠂ ᠴᠢᠨᠵᠠᠯ ᠨᠣᠭᠤᠭ᠎ᠠ ᠵᠡᠷᠭᠡ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠢ ᠳᠠᠩᠰᠠᠯᠠᠭᠤᠯᠵᠤ᠂ ︽ᠪᠦᠷᠢᠨ ᠨᠣᠭᠤᠭ᠎ᠠ ᠲᠠᠢ︾ ᠭᠡᠬᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠡᠭᠦᠳᠦᠨ᠂ ᠣᠬᠢ ᠰᠢᠯᠢᠳᠡᠭ ᠪᠦᠲᠦᠭᠡᠭᠳᠡᠬᠦᠨᠲᠦ ᠲᠠᠷᠢᠶᠠᠯᠠᠩ ᠤᠨ ᠬᠥᠭᠵᠢᠯᠲᠡ ᠶᠢ ᠳᠠᠭᠠᠭᠤᠯᠤᠨ ᠳᠠᠶᠢᠴᠢᠯᠠᠵᠤ᠂ ᠱᠠᠩᠳᠤ ᠶᠢᠨ ᠠᠮᠢ ᠠᠬᠤᠢ ᠶᠢᠨ ᠲᠠᠷᠢᠶᠠᠯᠠᠩ ᠤᠨ ︽ᠠᠯᠳᠠᠷ ᠴᠤᠤ ᠶᠢᠨ ᠬᠠᠭᠤᠳᠠᠰᠤ︾᠎ ᠶᠢ ᠡᠭᠦᠳᠦᠨ ᠪᠦᠲᠦᠭᠡᠵᠡᠢ᠃ ᠱᠠᠩᠳᠤ ᠰᠢᠶᠠᠨ ᠤ ᠰᠢᠨ ᠯᠧᠢ ᠲᠤᠰᠬᠠᠢ ᠬᠤᠷᠰᠢᠶᠠᠵᠢᠯ ᠨᠢ ︽ᠺᠣᠮᠫᠠᠨᠢ + ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ︵ᠭᠠᠵᠠᠷ ᠵᠦᠢ ᠶᠢᠨ ᠲᠡᠮᠳᠡᠭᠲᠦ︶ + ᠲᠠᠷᠢᠶᠠᠴᠢᠨ ᠡᠷᠦᠭᠡ︾᠎ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠵᠠᠭᠪᠤᠷ ᠢ ᠬᠦᠴᠦᠯᠡᠨ ᠬᠡᠷᠡᠭᠵᠢᠭᠦᠯᠵᠦ᠂ ︽ᠵᠢᠷᠭᠤᠭ᠎ᠠ ᠶᠢ ᠨᠢᠭᠡᠳᠦᠭᠦᠯᠬᠦ︾᠎ ᠶᠢ ᠬᠡᠷᠡᠭᠵᠢᠭᠦᠯᠦᠨ᠂ ᠲᠠᠷᠢᠶᠠᠴᠢᠨ ᠮᠠᠯᠴᠢᠳ ᠢ ᠳᠠᠭᠠᠭᠤᠯᠤᠨ ᠳᠠᠶᠢᠴᠢᠯᠠᠵᠤ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠵᠦ᠂ ᠲᠠᠸᠠᠷ ᠤᠨ ᠲᠡᠮᠳᠡᠭ ᠳᠠᠩᠰᠠᠯᠠᠭᠤᠯᠬᠤ ᠪᠠᠷ ᠳᠠᠮᠵᠢᠭᠤᠯᠤᠨ ᠡᠷᠦᠬᠡ ᠪᠦᠷᠢ ᠵᠢᠯ ᠤᠨ ᠣᠷᠣᠯᠭ᠎ᠠ ᠪᠠᠨ ᠳᠤᠮᠳᠠᠴᠢ ᠪᠠᠷ 4000 ᠲᠥᠭᠦᠷᠢᠭ ᠨᠡᠮᠡᠭᠳᠡᠭᠦᠯᠵᠦ᠂ ᠲᠠᠷᠢᠮᠠᠯ ᠤᠨ ᠲᠣᠮᠣ ᠡᠷᠦᠭᠡ ᠨᠢ ᠵᠢᠯ ᠪᠦᠷᠢ 30 ᠮᠦ ᠴᠤᠭᠤᠷ ᠨᠣᠭᠤᠭ᠎ᠠ ᠲᠠᠷᠢᠨ᠂ ᠨᠢᠳᠤᠨᠤᠨ ᠤ ᠵᠢᠯ ᠤᠨ ᠣᠷᠣᠯᠭ᠎ᠠ ᠨᠢ 20 ᠲᠦᠮᠡᠨ ᠲᠥᠭᠦᠷᠢᠭ ᠲᠤ ᠬᠦᠷᠴᠦ᠂ ᠡᠩ ᠤᠨ ᠭᠡᠷ ᠪᠦᠯᠢ 3᠎ ᠠᠴᠠ 4 ᠮᠦ ᠬᠠᠷᠢ ᠶᠢᠨ ᠴᠤᠭᠤᠷ ᠨᠣᠭᠤᠭ᠎ᠠ ᠲᠠᠷᠢᠵᠤ᠂ ᠵᠢᠯ ᠤᠨ ᠣᠷᠣᠯᠭ᠎ᠠ ᠨᠢ ᠪᠠᠷᠤᠭ 3 ᠲᠦᠮᠡᠨ ᠲᠥᠭᠦᠷᠢᠭ ᠲᠤ ᠬᠦᠷᠴᠡᠢ᠃ ᠡᠨᠡ ᠪᠣᠯ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢ ᠠᠰᠢᠭᠯᠠᠨ ᠣᠨᠣᠴᠢᠲᠠᠢ ᠪᠠᠷ ᠶᠠᠳᠠᠭᠤ ᠶᠢ ᠲᠡᠳᠬᠦᠭᠰᠡᠨ ᠨᠡᠶᠢᠲᠡᠯᠢᠭ ᠵᠢᠱᠢᠶ᠎ᠡ ᠪᠣᠯᠣᠨ᠎ᠠ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠬᠤᠳᠠᠯᠳᠤᠭᠰᠠᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠳᠤ ᠶᠡᠷᠦᠩᠬᠡᠢ ᠳᠤ ᠪᠠᠨ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖      ᠯᠢ ᠳ᠋ᠦᠩ ᠱᠧᠩ᠄      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠸᠠᠷ ᠤᠨ ᠲᠡᠮᠳᠡᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠢᠨᠠᠯᠲᠠ ᠬᠠᠮᠢᠶᠠᠷᠤᠯᠲᠠ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠬᠤᠳᠠᠯᠳᠤᠭᠰᠠᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠳᠤ ᠪᠠᠨ ᠢᠯᠡᠳᠲᠡ ᠦᠷ᠎ᠡ ᠪᠦᠲᠦᠮᠵᠢ ᠣᠯᠪᠠ᠃ 2013 ᠣᠨ ᠠᠴᠠ 2018 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠷᠬᠡ ᠳᠤ ᠬᠠᠯᠳᠠᠵᠤ ᠬᠠᠭᠤᠷᠮᠠᠭᠯᠠᠵᠤ ᠦᠢᠯᠡᠳᠦᠭᠰᠡᠨ ᠬᠡᠷᠡᠭ ᠢ ᠨᠡᠶᠢᠲᠡ 4413 ᠪᠠᠶᠢᠴᠠᠭᠠᠨ ᠰᠢᠢᠳᠪᠦᠷᠢᠯᠡᠵᠦ᠂ ᠬᠡᠷᠡᠭ ᠤᠨ ᠥᠷᠲᠡᠭ ᠨᠢ 2977 ᠲᠦᠮᠡᠨ ᠲᠥᠭᠦᠷᠢᠭ ᠲᠤ ᠬᠦᠷᠴᠦ᠂ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠵᠤ᠂ ᠠᠵᠤ ᠠᠬᠤᠶᠢᠯᠠᠯ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 2017 ᠣᠨ ᠤ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠭᠠᠵᠠᠷ ᠨᠢ ︽ᠪᠦᠬᠦ ᠤᠯᠤᠰ ᠤᠨ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠲᠡᠷᠢᠭᠦᠨ ᠤ ᠬᠠᠮᠲᠤ︾᠎ ᠶᠢᠨ ᠢᠷᠠᠭᠤ ᠠᠯᠳᠠᠷ ᠤᠨ ᠴᠣᠯᠠ ᠬᠦᠷᠲᠡᠵᠡᠢ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠵᠤ ᠬᠠᠭᠤᠷᠮᠠᠭ ᠮᠠᠭᠤ ᠲᠠᠸᠠᠷ ᠦᠢᠯᠡᠳᠴᠦ ᠬᠤᠳᠠᠯᠳᠤᠭᠰᠠᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠳᠤ ᠶᠠᠮᠠᠷ ᠶᠠᠮᠠᠷ ᠠᠵᠢᠯᠯᠠᠭ᠎ᠠ ᠥᠷᠨᠢᠭᠦᠯᠦᠭᠰᠡᠨ ᠪᠣᠢ︖      ᠯᠢ ᠳ᠋ᠦᠩ ᠱᠧᠩ᠄      ᠨᠢᠭᠡ ᠳᠤ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠭᠡᠨ ᠤ ᠡᠷᠬᠡ ᠶᠢ ᠬᠠᠮᠠᠭᠠᠯᠠᠬᠤ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠨᠡᠷᠡᠲᠡᠢ ᠲᠠᠸᠠᠷ ᠤᠨ ᠲᠡᠮᠳᠡᠭ᠂ ᠭᠠᠳᠠᠭᠠᠳᠤ ᠯᠤᠭ᠎ᠠ ᠬᠤᠯᠪᠣᠭᠳᠠᠭᠰᠠᠨ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭᠲᠦ᠂ ᠲᠠᠷᠢᠶᠠᠯᠠᠩ  ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠲᠡᠮᠳᠡᠭ ᠪᠠ ᠬᠠᠭᠤᠴᠢᠨ ᠨᠡᠷᠡᠲᠦ ᠲᠠᠸᠠᠷ ᠤᠨ ᠲᠡᠮᠳᠡᠭ ᠢᠶᠠᠷ ᠭᠤᠣᠯᠳᠠᠯᠭ᠎ᠠ ᠪᠣᠯᠭᠠᠨ᠂ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠭᠡᠨ ᠤ ᠡᠷᠬᠡ ᠳᠤ ᠬᠠᠯᠳᠠᠭᠰᠠᠨ ᠨᠢᠭᠡ ᠪᠦᠯᠦᠭ ᠬᠡᠷᠡᠭ ᠢ ᠤᠷᠢᠳ ᠬᠤᠵᠢᠳ ᠪᠠᠶᠢᠴᠠᠭᠠᠨ ᠰᠢᠢᠳᠪᠦᠷᠢᠯᠡᠵᠦ᠂ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠪᠠᠨ ᠰᠢᠨ᠎ᠡ ᠰᠢᠪᠲᠤᠯᠤᠯᠲᠠ ᠲᠠᠢ ᠪᠣᠯᠵᠠᠢ᠃ ᠬᠤᠶᠠᠷ ᠲᠤ᠂ ᠡᠷᠬᠡ ᠳᠤ ᠬᠠᠯᠳᠠᠵᠤ ᠬᠠᠭᠤᠷᠮᠠᠭᠯᠠᠵᠤ ᠦᠢᠯᠡᠳᠦᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠢᠨᠲ᠋ᠧᠷ ᠰᠦᠯᠵᠢᠶ᠎ᠡ ᠶᠢᠨ ᠬᠦᠷᠢᠶ᠎ᠡ ᠴᠠᠷᠠᠭ᠎ᠠ ᠶᠢᠨ ᠡᠷᠬᠡ ᠳᠤ ᠬᠠᠯᠳᠠᠭᠰᠠᠨ ᠬᠠᠭᠤᠷᠮᠠᠭᠯᠠᠵᠤ ᠦᠢᠯᠡᠳᠦᠭᠰᠡᠨ ᠠᠵᠢᠯᠯᠠᠭ᠎ᠠ ᠳᠤ ᠵᠠᠰᠠᠯᠲᠠ ᠬᠢᠬᠦ᠂ ᠲᠠᠷᠢᠶᠠᠯᠠᠬᠤ ᠮᠠᠯᠵᠢᠬᠤ ᠣᠷᠣᠨ ᠪᠠ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠠᠭᠤᠯᠵᠠᠷ ᠬᠡᠰᠡᠭ ᠤᠨ ᠬᠠᠭᠤᠷᠮᠠᠭ ᠮᠠᠭᠤ ᠲᠠᠸᠠᠷ᠂ ᠳᠤᠮᠳᠠᠳᠤ ᠤᠯᠤᠰ ᠤᠨ ᠦᠢᠯᠡᠳᠦᠭᠰᠡᠨ ᠲᠠᠸᠠᠷ ᠤᠨ ᠭᠠᠳᠠᠭᠠᠳᠤ ᠳᠠᠬᠢ ᠳᠦᠷᠢ ᠲᠥᠷᠬᠦ ᠶᠢ ᠬᠠᠮᠠᠭᠠᠯᠠᠬᠤ ︽ᠴᠢᠬᠡᠴᠢ ᠰᠤᠷᠲᠠᠯ︾᠎ ᠤᠨ ᠠᠵᠢᠯᠯᠠᠭ᠎ᠠ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠳᠤ ᠴᠣᠬᠢᠯᠲᠠ ᠥᠭᠬᠦ ︽ᠤᠭ ᠦᠨᠳᠦᠰᠦ ᠶᠢ ᠨᠢ ᠤᠬᠤᠴᠢᠯᠠᠬᠤ︾ ᠠᠵᠢᠯᠯᠠᠭ᠎ᠠ ᠪᠠ ᠤᠯᠠᠭᠠᠨ ᠪᠠᠮᠪᠠᠢ ᠲᠠᠷᠢᠶᠠᠯᠠᠩ ᠢ ᠬᠠᠮᠠᠭᠠᠯᠠᠬᠤ᠂ ᠤᠯᠠᠭᠠᠨ ᠪᠠᠮᠪᠠᠢ ᠰᠦᠯᠵᠢᠶᠡᠨ ᠰᠡᠯᠡᠮ᠎ᠡ᠂ ᠤᠯᠠᠭᠠᠨ ᠪᠠᠮᠪᠠᠢ ᠶᠠᠰᠤ ᠴᠢᠨᠠᠷ ᠢᠶᠠᠷ ᠡᠷᠬᠡ ᠪᠠᠨ ᠬᠠᠮᠠᠭᠠᠯᠠᠬᠤ ᠵᠡᠷᠭᠡ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠤᠷᠢᠳ ᠬᠤᠵᠢᠳ ᠵᠣᠬᠢᠶᠠᠨ ᠪᠠᠶᠢᠭᠤᠯᠤᠨ ᠥᠷᠨᠢᠭᠦᠯᠵᠦ᠂ ᠡᠷᠬᠡ ᠳᠤ ᠬᠠᠯᠳᠠᠭᠰᠠᠨ ᠬᠠᠭᠤᠷᠮᠠᠭᠯᠠᠵᠤ ᠦᠢᠯᠡᠳᠦᠭᠰᠡᠨ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠡᠷᠬᠡ ᠳᠤ ᠬᠠᠯᠳᠠᠭᠰᠠᠨ ᠬᠠᠭᠤᠷᠮᠠᠭᠯᠠᠵᠤ ᠦᠢᠯᠡᠳᠦᠭᠰᠡᠨ ᠡᠯ᠎ᠡ ᠲᠥᠷᠥᠯ ᠤᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠪᠠ᠃ ᠭᠤᠷᠪᠠ ᠳᠤ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠳᠤ ᠴᠣᠬᠢᠯᠲᠠ ᠥᠭᠬᠦ ︽ᠤᠭ ᠦᠨᠳᠦᠰᠦ ᠶᠢ ᠨᠢ ᠤᠬᠤᠴᠢᠯᠠᠬᠤ︾ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠰᠤᠷᠠᠭᠯᠠᠨ ᠰᠤᠷᠪᠤᠯᠵᠢᠯᠠᠬᠤ᠂ ᠬᠤᠷᠠᠯ ᠬᠤᠷᠠᠯᠳᠤᠭᠤᠯᠬᠤ᠂ ᠵᠣᠭᠤᠭᠳᠠᠨ ᠶᠠᠷᠢᠯᠴᠠᠬᠤ ᠵᠡᠷᠭᠡ ᠣᠯᠠᠨ ᠠᠷᠭ᠎ᠠ ᠬᠡᠯᠪᠡᠷᠢ ᠬᠢᠭᠡᠳ ᠲᠤᠰ ᠬᠠᠷᠢᠶ᠎ᠠ ᠣᠷᠣᠨ ᠳᠠᠬᠢ ᠭᠤᠣᠯᠳᠠᠯᠭ᠎ᠠ ᠪᠣᠯᠬᠤ ᠠᠵᠤ ᠠᠬᠤᠶᠢᠯᠠᠯ ᠲᠠᠢ ᠬᠠᠷᠢᠯᠴᠠᠬᠤ ᠪᠠ ᠣᠶᠢᠯᠠᠭᠠᠯᠴᠠᠨ ᠣᠯᠣᠯᠴᠠᠬᠤ ᠪᠠᠷ ᠳᠠᠮᠵᠢᠭᠤᠯᠵᠤ᠂ ᠲᠤᠰ ᠭᠠᠵᠠᠷ ᠣᠷᠣᠨ ᠳᠠᠬᠢ ᠭᠤᠣᠯᠳᠠᠯᠭ᠎ᠠ ᠪᠣᠯᠬᠤ ᠠᠵᠤ ᠠᠬᠤᠶᠢᠯᠠᠯ ᠤᠨ ᠲᠠᠸᠠᠷ ᠤᠨ ᠲᠡᠮᠳᠡᠭ ᠤᠨ ᠡᠷᠬᠡ ᠨᠢ ᠭᠠᠳᠠᠷ ᠮᠤᠵᠢ ᠣᠷᠣᠨ ᠬᠤᠲᠠ ᠪᠠᠷ ᠬᠠᠯᠳᠠᠯᠭ᠎ᠠ ᠳᠤ ᠤᠴᠠᠷᠠᠭᠰᠠᠨ ᠬᠡᠷᠡᠭ ᠤᠨ ᠰᠦᠪᠡᠭᠴᠢ ᠶᠢ ᠪᠦᠬᠦ ᠲᠠᠯ᠎ᠠ ᠪᠠᠷ ᠴᠤᠭᠯᠠᠭᠤᠯᠪᠠ᠃ ᠡᠭᠦᠨ ᠤ ᠬᠠᠮᠲᠤ᠂ ᠢᠯᠡᠴᠢᠯᠡᠨ ᠮᠡᠳᠡᠭᠦᠯᠦᠭᠰᠡᠳ ︵ᠠᠵᠤ ᠠᠬᠤᠶᠢᠯᠠᠯ︶᠎ ᠯᠦᠭᠡ ᠶᠢᠨ ᠬᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠨ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠢᠶᠠᠷ ᠰᠡᠵᠢᠭᠯᠡᠭᠳᠡᠭᠰᠡᠨ ᠬᠤᠯᠪᠣᠭᠳᠠᠯ ᠪᠦᠬᠦᠢ ᠠᠵᠤ ᠠᠬᠤᠶᠢᠯᠠᠯ ᠪᠠ ᠬᠤᠳᠠᠯᠳᠤᠭᠠᠨ ᠤ ᠡᠷᠦᠬᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠦᠨᠡᠯᠡᠯᠲᠡ ᠶᠢ ᠣᠯᠵᠠᠢ᠃ ᠪᠡᠭᠡᠵᠢᠩ ᠤᠨ ᠰᠧᠦ ᠬᠤ᠋ ᠺᠣᠮᠫᠠᠨᠢ ᠠᠴᠠ ᠲᠤᠰᠬᠠᠶᠢᠯᠠᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠭᠰᠠᠨ ᠬᠤᠰᠢᠭᠤᠴᠢ᠂ ᠨᠡᠶᠢᠭᠡᠮ ᠤᠨ ᠲᠥᠪ ᠰᠤᠷᠲᠠᠯ ᠢ ᠬᠠᠮᠠᠭᠠᠯᠠᠭᠰᠠᠨ ᠵᠢᠱᠢᠶᠡᠴᠢ︾᠎ ᠶᠢᠨ ᠬᠡᠮᠡᠷᠯᠢᠭ ᠲᠤᠭ ᠬᠦᠷᠭᠡᠵᠦ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠲᠥᠯᠥᠭᠡ ᠬᠤᠳᠠᠯ ᠬᠠᠭᠤᠷᠮᠠᠭ ᠲᠤ ᠴᠢᠨᠠᠷ ᠰᠠᠶᠢᠲᠠᠢ ᠪᠥᠭᠡᠳ ᠪᠦᠲᠦᠮᠵᠢᠲᠡᠢ ᠪᠠᠷ ᠴᠣᠬᠢᠯᠲᠠ ᠥᠭᠴᠦ ᠡᠷᠬᠡ ᠶᠢ ᠨᠢ ᠬᠠᠮᠠᠭᠠᠯᠠᠭᠰᠠᠨ ᠳᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠵᠡᠢ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠳᠤ ᠪᠠᠨ ᠰᠢᠨ᠎ᠡ ᠶᠢ ᠡᠭᠦᠳᠬᠦ ᠶᠢ ᠠᠬᠢᠭᠤᠯᠵᠤ᠂ ᠲᠠᠸᠠᠷ ᠤᠨ ᠲᠡᠮᠳᠡᠭ ᠢ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖      ᠯᠢ ᠳ᠋ᠦᠩ ᠱᠧᠩ᠄      ᠨᠢᠭᠡ ᠳᠤ᠂ ᠬᠡᠷᠡᠭ ᠢ ᠰᠢᠢᠳᠪᠦᠷᠢᠯᠡᠬᠦ ᠳᠠᠬᠢ ᠬᠢᠨᠠᠯᠲᠠ ᠪᠠᠶᠢᠴᠠᠭᠠᠯᠲᠠ ᠪᠠ ᠵᠢᠯᠣᠭᠤᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠨ ᠬᠡᠷᠡᠭ ᠢ ᠰᠢᠢᠳᠪᠦᠷᠢᠯᠡᠬᠦ ᠶᠢ ᠠᠬᠢᠭᠤᠯᠪᠠ᠃ 2013 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠨ ᠬᠡᠷᠡᠭ ᠢ ᠰᠢᠢᠳᠪᠦᠷᠢᠯᠡᠬᠦ ᠳᠤ ᠵᠢᠯᠣᠭᠤᠳᠤᠯᠭ᠎ᠠ ᠪᠠᠨ ᠴᠢᠬᠤᠯᠠᠴᠢᠯᠠᠨ ᠴᠢᠩᠭᠠᠳᠬᠠᠵᠤ᠂ ᠤᠷᠢᠳ ᠬᠤᠵᠢᠳ ᠲᠠᠯ᠎ᠠ ᠨᠤᠲᠤᠭ ᠤᠨ ᠸᠠᠩ ︵ᠬᠠᠷ᠎ᠠ ᠠᠷᠢᠬᠢ︶᠂ ᠯᠠ ᠹᠧᠢ ︵ᠦᠵᠦᠮ ᠤᠨ ᠠᠷᠢᠬᠢ︶᠂ ᠰᠧᠦ ᠬᠤ᠋ ︵ᠦᠢᠯᠡᠴᠢᠯᠡᠭᠡ︶᠂ ᠢ ᠳ᠋ᠧ ᠭᠧ ︵ᠪᠡᠭᠡ︶᠂ ᠯᠤᠤ ᠹᠧᠩ ᠰᠢᠶᠠᠩ ︵ᠰᠤᠪᠤᠳ ᠡᠷᠳᠡᠨᠢ︶ ᠵᠡᠷᠭᠡ ᠲᠠᠸᠠᠷ ᠤᠨ ᠲᠡᠮᠳᠡᠭ ᠳᠠᠩᠰᠠᠯᠠᠭᠤᠯᠬᠤ ᠬᠦᠴᠢᠷ ᠲᠦᠪᠡᠭᠲᠡᠢ ᠬᠡᠷᠡᠭ ᠲᠤ ᠪᠣᠳᠠᠲᠠᠢ ᠵᠢᠯᠣᠭᠤᠳᠤᠯᠭ᠎ᠠ ᠥᠭᠴᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠵᠦ ᠬᠡᠷᠡᠭ ᠢ ᠰᠢᠢᠳᠪᠦᠷᠢᠯᠡᠬᠦ ᠶᠢ ᠨᠢ ᠠᠬᠢᠭᠤᠯᠪᠠ᠃ ᠬᠤᠶᠠᠷ ᠲᠤ᠂ ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠳᠦᠷᠢᠮ ᠢ ᠪᠠᠶᠢᠭᠤᠯᠵᠤ᠂ ᠲᠠᠸᠠᠷ ᠤᠨ ᠲᠡᠮᠳᠡᠭ ᠢ ᠬᠠᠮᠠᠭᠠᠯᠠᠬᠤ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠪᠠ᠃ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ᠂ ᠲᠣᠭᠲᠠᠮᠠᠯ ᠬᠤᠭᠤᠴᠠᠭ᠎ᠠ ᠎ ᠲᠠᠢ ᠪᠠᠷ ᠪᠠᠶᠢᠴᠠᠭᠠᠬᠤ᠂ ᠮᠥᠷᠳᠡᠨ ᠰᠢᠮᠳᠠᠭᠤᠯᠵᠤ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠰᠢᠮᠳᠠᠭᠤᠯᠤᠨ ᠪᠠᠶᠢᠴᠠᠭᠠᠵᠤ᠂ ᠡᠷᠬᠡ ᠳᠤ ᠬᠠᠯᠳᠠᠭᠰᠠᠨ ᠬᠠᠭᠤᠷᠮᠠᠭᠯᠠᠵᠤ ᠦᠢᠯᠡᠳᠦᠭᠰᠡᠨ ᠠᠵᠢᠯᠯᠠᠭ᠎ᠠ ᠳᠤ ᠴᠣᠬᠢᠯᠲᠠ ᠥᠭᠭᠦᠭᠰᠡᠨ ᠪᠠ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠭᠡᠨ ᠤ ᠡᠷᠬᠡ ᠶᠢ ᠬᠠᠮᠠᠭᠠᠯᠠᠭᠰᠠᠨ ᠡᠯ᠎ᠡ ᠠᠶᠢᠮᠠᠭ ᠬᠤᠲᠠ ᠶᠢᠨ ᠲᠣᠪᠴᠢᠶ᠎ᠠ ᠶᠢᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ ᠮᠡᠳᠡᠭᠡᠯᠡᠵᠦ᠂ ᠲᠠᠸᠠᠷ ᠤᠨ ᠲᠡᠮᠳᠡᠭ ᠤᠨ ᠡᠯ᠎ᠡ ᠵᠦᠢᠯ ᠤᠨ ᠠᠵᠢᠯ ᠢᠶᠠᠨ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠵᠠᠢ᠃ ᠭᠤᠷᠪᠠ ᠳᠤ᠂ ᠬᠡᠷᠡᠭ ᠢ ᠵᠠᠷᠯᠠᠨ ᠨᠡᠶᠢᠲᠡᠯᠡᠬᠦ ᠡᠷᠴᠢᠮ ᠢᠶᠠᠨ ᠴᠢᠩᠭᠠᠷᠠᠭᠤᠯᠵᠤ᠂ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠰᠢᠳᠬᠡᠬᠦ ᠪᠠᠨ ᠴᠢᠩᠭᠠᠳᠬᠠᠪᠠ᠃ ᠰᠠᠷ᠎ᠠ ᠪᠦᠷᠢ ᠮᠡᠳᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ᠂ ᠲᠤᠰᠬᠠᠢ ᠵᠦᠢᠯ ᠢᠶᠠᠷ ᠨᠡᠪᠲᠡᠷᠡᠭᠦᠯᠦᠨ ᠮᠡᠳᠡᠭᠡᠯᠡᠬᠦ ᠵᠡᠷᠭᠡ ᠠᠷᠭ᠎ᠠ ᠬᠡᠯᠪᠡᠷᠢ ᠪᠠᠷ ᠡᠯ᠎ᠡ ᠭᠠᠵᠠᠷ ᠤᠨ ᠬᠢᠨ ᠤ ︽ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠶᠢᠨ ᠲᠦᠷ ᠬᠡᠷᠡᠭᠵᠢᠭᠦᠯᠬᠦ ᠲᠣᠭᠲᠠᠭᠠᠯ︾ ᠶᠣᠰᠣᠭᠠᠷ ᠬᠡᠷᠡᠭ ᠤᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠠᠵᠢᠯ ᠢ ᠵᠢᠯᠣᠭᠤᠳᠴᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶᠎ ᠢᠶᠠᠷ ᠳᠠᠮᠵᠢᠭᠤᠯᠤᠨ ᠬᠡᠷᠡᠭ ᠢ ᠴᠠᠭ ᠲᠤᠬᠠᠢ ᠳᠤ ᠨᠢ ᠵᠠᠷᠯᠠᠨ ᠨᠡᠶᠢᠲᠡᠯᠡᠵᠦ᠂ ︽ᠨᠢᠭᠡ ᠤᠳᠠᠭ᠎ᠠ ᠬᠠᠤᠯᠢ ᠠᠴᠠ ᠵᠥᠷᠢᠴᠡᠪᠡᠯ᠂ ᠤᠳᠠᠭ᠎ᠠ ᠪᠦᠷᠢ ᠬᠢᠵᠠᠭᠠᠷᠯᠠᠭᠳᠠᠬᠤ︾᠎ ᠶᠢᠨ ᠵᠠᠯᠬᠠᠭᠠᠨ ᠰᠢᠳᠬᠡᠬᠦ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ᠃ ᠳᠥᠷᠪᠡ ᠳᠤ᠂ ︽ᠬᠤᠶᠠᠷ ᠬᠠᠤᠯᠢ ᠶᠢ ᠵᠣᠯᠭᠠᠯᠳᠤᠭᠤᠯᠬᠤ︾᠎ ᠶᠢ ᠴᠢᠩᠭᠠᠳᠬᠠᠵᠤ᠂ ᠲᠠᠸᠠᠷ ᠤᠨ ᠲᠡᠮᠳᠡᠭ ᠤᠨ ᠬᠠᠤᠯᠢ ᠶᠢ ᠬᠡᠷᠡᠭᠵᠢᠭᠦᠯᠵᠦ ᠬᠠᠮᠵᠢᠯᠴᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠪᠡ᠃ ᠲᠠᠸᠠᠷ ᠤᠨ ᠲᠡᠮᠳᠡᠭ ᠢ ᠬᠠᠮᠠᠭᠠᠯᠠᠨ ᠬᠠᠤᠯᠢ ᠬᠡᠷᠡᠭᠵᠢᠭᠦᠯᠵᠦ ᠬᠠᠮᠲᠤᠷᠠᠯᠴᠠᠨ ᠠᠵᠢᠯᠯᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠯᠳᠤᠭᠤᠯᠬᠤ᠂ ᠡᠷᠬᠡ ᠳᠤ ᠬᠠᠯᠳᠠᠭᠰᠠᠨ ᠬᠠᠭᠤᠷᠮᠠᠭᠯᠠᠵᠤ ᠦᠢᠯᠡᠳᠦᠭᠰᠡᠨ ᠬᠦᠨᠳᠦ ᠶᠡᠭᠡ ᠬᠡᠷᠡᠭ ᠢ ᠵᠣᠬᠢᠴᠠᠭᠤᠯᠵᠤ ᠰᠢᠮᠳᠠᠭᠤᠯᠤᠨ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠲᠣᠭᠲᠠᠭᠠᠯ ᠪᠠ ᠰᠠᠨᠠᠯ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ᠂ ᠲᠠᠸᠠᠷ ᠤᠨ ᠲᠡᠮᠳᠡᠭ ᠢ ᠬᠠᠮᠠᠭᠠᠯᠠᠬᠤ ᠲᠣᠭᠲᠠᠴᠠ ᠪᠠ ᠳᠦᠷᠢᠮ ᠤᠨ ᠪᠠᠶᠢᠭᠤᠯᠤᠯᠲᠠ ᠶᠢ ᠴᠢᠩᠭᠠᠷᠠᠭᠤᠯᠪᠠ᠃ ᠪᠡᠭᠡᠵᠢᠩ᠂ ᠲᠢᠶᠠᠨᠵᠢᠨ᠂ ᠾᠧᠪᠧᠢ ᠵᠡᠷᠭᠡ ᠮᠤᠵᠢ ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠠᠢ ︽ᠲᠠᠸᠠᠷ ᠤᠨ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠵᠤ᠂ ᠣᠷᠣᠨ ᠪᠦᠰᠡ ᠶᠢᠨ ᠲᠠᠸᠠᠷ ᠤᠨ ᠲᠡᠮᠳᠡᠭ ᠤᠨ ᠪᠠᠶᠢᠯᠳᠤᠬᠤ ᠪᠣᠳᠣᠯᠭ᠎ᠠ᠂ ᠲᠠᠸᠠᠷ ᠤᠨ ᠲᠡᠮᠳᠡᠭ ᠤᠨ ᠬᠠᠤᠯᠢ ᠬᠡᠷᠡᠭᠵᠢᠭᠦᠯᠦᠯᠲᠡ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠭᠤᠣᠯᠳᠠᠯᠭ᠎ᠠ ᠲᠠᠢ ᠲᠠᠸᠠᠷ ᠤᠨ ᠲᠡᠮᠳᠡᠭ ᠢ ᠬᠠᠮᠠᠭᠠᠯᠠᠬᠤ ᠵᠢᠴᠢ ᠲᠠᠸᠠᠷ ᠤᠨ ᠲᠡᠮᠳᠡᠭ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠤᠳᠤᠯᠤᠨ ᠶᠠᠷᠢᠯᠴᠠᠵᠤ ᠰᠣᠯᠢᠯᠴᠠᠨ ᠬᠠᠮᠲᠤᠷᠠᠯᠴᠠᠬᠤ ᠪᠠᠨ ᠴᠢᠩᠭᠠᠳᠬᠠᠬᠤ ᠵᠡᠷᠭᠡ ᠠᠭᠤᠯᠭ᠎ᠠ ᠶᠢᠨ ᠲᠠᠯ᠎ᠠ ᠪᠠᠷ ᠬᠠᠮᠲᠤ ᠶᠢᠨ ᠲᠠᠨᠢᠯᠲᠠ ᠶᠢ ᠪᠣᠢ ᠪᠣᠯᠭᠠᠵᠤ᠂ ᠣᠷᠣᠨ ᠪᠦᠰᠡ ᠠᠯᠤᠰᠯᠠᠭᠰᠠᠨ ᠲᠠᠸᠠᠷ ᠤᠨ ᠲᠡᠮᠳᠡᠭ ᠢ ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠰᠠᠯᠠᠭ᠎ᠠ ᠮᠥᠴᠢᠷ ᠯᠦᠭᠡ ᠣᠶᠢᠯᠠᠭᠠᠯᠴᠠᠨ ᠣᠯᠣᠯᠴᠠᠵᠤ ᠬᠠᠮᠵᠢᠯᠴᠠᠨ ᠠᠵᠢᠯᠯᠠᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠬᠤᠶᠠᠷ ᠬᠠᠤᠯᠢ ᠶᠢ ᠵᠣᠯᠭᠠᠯᠳᠤᠭᠤᠯᠬᠤ᠂ ᠬᠠᠤᠯᠢ ᠬᠡᠷᠡᠭᠵᠢᠭᠦᠯᠬᠦ ᠳᠤ ᠬᠠᠮᠵᠢᠯᠴᠠᠨ ᠠᠵᠢᠯᠯᠠᠵᠤ ᠵᠣᠬᠢᠴᠠᠭᠤᠯᠬᠤ᠂ ᠶᠠᠯ᠎ᠠ ᠳᠤ ᠬᠦᠷᠦᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠰᠢᠯᠵᠢᠭᠦᠯᠦᠨ ᠬᠦᠷᠭᠡᠬᠦ ᠵᠡᠷᠭᠡ ᠲᠠᠯ᠎ᠠ ᠪᠠᠷ ᠵᠥᠪᠳᠡᠯᠴᠡᠨ ᠬᠠᠮᠲᠤᠷᠠᠯᠴᠠᠵᠤ ᠠᠵᠢᠯᠯᠠᠬᠤ ᠶᠢ ᠴᠢᠩᠭᠠᠳᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号