ᠪᠦᠬᠦ ᠤᠷᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2018/7/10
     7 ᠳ᠋ᠤᠭᠠᠷ ᠰᠠᠷ᠎ᠠ ᠶᠢᠨ 5 ᠠᠴᠠ 6 ᠤ ᠡᠳᠦᠷ ᠪᠤᠯᠳᠠᠯ᠎ᠠ᠂ ᠪᠦᠬᠦ ᠤᠷᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠢᠯ ᠢ ᠠᠭᠢᠭᠤᠯᠬᠤ ᠬᠤᠷᠠᠯ ᠪᠠᠶᠠᠨᠨᠠᠭᠤᠷ ᠬᠤᠲᠠ ᠳᠤ ᠶᠠᠪᠤᠭᠳᠠᠪᠠ᠃ ᠬᠤᠷᠠᠯ ᠠᠴᠠ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠤ᠂ ᠮᠠᠨ ᠤ ᠤᠷᠤᠨ ᠤ ᠡᠯ᠎ᠠ ᠱᠠᠲᠤᠨ ᠤ ᠵᠢᠭᠤᠯᠴᠢᠯᠠᠯ ᠤᠨ ᠰᠠᠯᠠᠭ᠎ᠠ ᠮᠦᠴᠢᠷ ᠢ ᠵᠢᠭᠤᠯᠴᠢᠯᠠᠯ ᠤᠨ ᠠᠵᠤ ᠦᠢᠯᠡᠰ ᠤᠨ ᠲᠠᠪᠠᠭᠤᠯᠢᠭ ᠢᠶᠠᠨ ᠪᠠᠳᠠᠷᠠᠭᠤᠯᠤᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ ᠬᠡᠷᠡᠭᠲᠠᠢ ᠭᠡᠵᠦ ᠱᠠᠭᠠᠷᠳᠠᠬᠰᠠᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠵᠢᠭᠤᠯᠴᠢᠯᠠᠯ 3 ᠲᠠᠯ᠎ᠠ ᠠᠴᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠬᠦᠴᠦᠨ ᠨᠡᠮᠡᠷᠢᠯᠡᠬᠦ ᠬᠡᠷᠡᠭᠲᠠᠢ ᠭᠡᠵᠡᠢ᠄ ᠶᠠᠭᠤᠨ ᠤ ᠡᠮᠦᠨ᠎ᠠ᠂ ᠴᠠᠭ ᠤᠨ ᠪᠠᠶᠢᠳᠠᠯ ᠢ ᠬᠦᠢᠴᠡᠳ ᠲᠠᠨᠢᠵᠦ᠂ ᠢᠳᠡᠪᠬᠢᠲᠠᠢ ᠪᠠᠷ ᠡᠭᠦᠷᠭᠡᠯᠡᠵᠦ᠂ ᠵᠢᠭᠤᠯᠴᠢᠯᠠᠯ ᠤᠨ ᠰᠢᠰᠲ᠋ᠧᠮ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠬᠠᠷᠢᠭᠤᠴᠠᠯᠭᠠᠲᠤ ᠰᠡᠳᠬᠢᠯᠬᠡ ᠪᠤᠯᠤᠨ ᠡᠭᠦᠷᠭᠡᠯᠡᠯᠲᠤ ᠰᠡᠳᠬᠢᠯᠭᠡ ᠶᠢ ᠴᠢᠨᠠᠬᠰᠢᠳᠠ ᠴᠢᠩᠭᠠᠳᠬᠠᠬᠤ ᠭᠡᠷᠡᠭᠳᠡᠢ︔ ᠳᠠᠷᠠᠭ᠎ᠠ ᠳᠤᠨᠢ᠂ ᠰᠠᠨᠠᠭᠠᠴᠢᠯᠠᠭ᠎ᠠ ᠲᠠᠢ ᠠᠵᠢᠯᠯᠠᠵᠦ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠨ᠂ ᠵᠢᠭᠤᠯᠴᠢᠯᠠᠯ ᠤᠨ ᠠᠵᠦ ᠦᠢᠯᠡᠰ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠨᠡᠩ ᠶᠡᠭᠡ ᠦᠢᠯᠡᠳᠦᠯ ᠦᠵᠡᠬᠦᠯᠬᠦ ᠬᠡᠷᠡᠭᠳᠡᠢ︔ ᠭᠤᠷᠪᠠ ᠳᠤ᠂ ᠤᠯᠠᠨ ᠵᠦᠢᠯ ᠤᠨ ᠠᠷᠭ᠎ᠠ ᠬᠡᠮᠵᠢᠶ᠎ᠠ ᠠᠪᠴᠤ᠂ ᠵᠢᠭᠤᠯᠴᠢᠯᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠳᠠᠶᠢᠯᠠᠯᠳᠤᠭᠠᠨ ᠤ ᠡᠭᠦᠷᠬᠡ ᠶᠢ ᠡᠷᠡᠰ ᠪᠠᠶᠡᠯᠡᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠭᠦᠭᠵᠢᠯᠲᠡ ᠶᠢ ᠠᠭᠢᠭᠤᠯᠬᠤ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶᠠᠴᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠭᠢᠭᠤᠯᠬᠤ᠂ ᠵᠢᠭᠤᠯᠴᠢᠯᠠᠯ ᠤᠨ ᠤᠨᠴᠠᠯᠢᠬᠲᠤ ᠭᠠᠴᠠᠭ᠎ᠠ ᠲᠤᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠤᠷᠢᠬᠵᠢᠭᠤᠯᠬᠤ᠂ ᠲᠦᠷᠦ ᠶᠢᠨ ᠪᠤᠳᠤᠯᠭ᠎ᠠ ᠪᠠᠷ ᠳᠡᠳᠬᠦᠬᠦ ᠪᠡ ᠵᠢᠭᠤᠯᠴᠢᠯᠠᠯ ᠤᠨ ᠠᠰᠠᠭᠤᠨ ᠯᠠᠪᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠬᠤ᠂ ᠶᠠᠳᠠᠭᠤ ᠬᠦᠴᠢᠷᠲᠡᠯᠲᠡᠢ ᠭᠠᠵᠠᠷ ᠤᠷᠤᠨ ᠤ ᠵᠢᠭᠤᠯᠴᠢᠯᠠᠯ ᠤᠨ ᠤᠬᠠᠭᠤᠯᠭ᠎ᠠ ᠪᠡ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠦᠭᠵᠢᠭᠦᠯᠬᠦ ᠬᠦᠴᠦᠯᠡᠴᠡ ᠶᠢ ᠨᠡᠮᠡᠭᠳᠡᠭᠦᠯᠬᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠠᠵᠢᠯᠲᠡᠨ ᠤ ᠪᠤᠯᠪᠠᠰᠤᠷᠠᠯ ᠪᠡ ᠪᠡᠭᠡᠵᠢᠩ ᠦᠪᠦᠷ ᠮᠤᠩᠭᠤᠯ ᠤᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠬᠠᠮᠳᠤᠷᠠᠯᠴᠠᠭ᠎ᠠ ᠶᠢ ᠰᠠᠶᠢᠲᠤᠷ ᠠᠳᠬᠤᠬᠤ ᠵᠡᠷᠭᠡ ᠪᠠᠷ ᠳᠡᠮᠵᠢᠵᠦ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠢᠯ ᠢ ᠠᠭᠢᠭᠤᠯᠬᠤ ᠭᠡᠷᠡᠭᠳᠡᠢ᠃      ᠬᠤᠷᠠᠯ ᠤᠨ ᠬᠤᠭᠤᠴᠠᠭᠠᠨ ᠳᠤ ᠬᠤᠷᠠᠯ ᠳᠤ ᠤᠷᠤᠯᠴᠠᠬᠰᠠᠳ ᠪᠠᠰᠠ ᠪᠠᠶᠠᠨᠨᠠᠭᠤᠷ ᠬᠤᠲᠠ ᠶᠢᠨ ᠦᠶᠦᠧᠠᠠ ᠰᠢᠶᠠᠨ ᠤ ᠯᠢᠶᠠᠨ ᠰᠢᠩ ᠭᠡᠷᠡᠯ ᠴᠡᠨᠡᠭ ᠤᠨ ᠰᠢᠨ᠎ᠠ ᠲᠤᠰᠬᠤᠨ᠂ ᠬᠠᠩᠬᠢᠨ ᠬᠤᠶᠢᠲᠤ ᠬᠤᠰᠢᠭᠤᠨ ᠤ ᠰᠢᠶᠤᠤ ᠲᠢᠶᠠᠨ ᠲᠡᠷᠢᠶᠠᠯᠠᠩ ᠤᠨ ᠦᠵᠡᠮᠦᠷᠢ ᠶᠢᠨ ᠬᠦᠷᠢᠶᠡᠯᠡᠩ᠂ ᠳᠤᠮᠳᠠᠳᠤ ᠤᠯᠤᠰ ᠤᠨ ᠠᠷᠪᠠᠨ ᠶᠡᠭᠡ ᠬᠠᠮᠤᠭ ᠤᠨ ᠭᠤᠶᠤ ᠲᠤᠰᠬᠤᠨ — ᠹᠦ᠋ ᠴᠢᠶᠠᠩ ᠲᠤᠰᠬᠤᠨ ᠳᠤ ᠬᠦᠷᠴᠤ᠂ ᠲᠠᠷᠢᠶᠠᠴᠢᠨ ᠡᠷᠦᠭᠡ ᠪᠠᠷ ᠭᠦᠨᠵᠡᠭᠡᠶᠢᠷᠡᠨ᠂ ᠶᠠᠳᠠᠭᠤ ᠠᠴᠠ ᠠᠩᠬᠢᠵᠢᠷᠠᠵᠦ ᠪᠠᠶᠠᠵᠢᠨ ᠴᠢᠨᠡᠭᠡᠯᠢᠭᠵᠢᠭᠰᠡᠨ ᠪᠠᠶᠢᠳᠠᠯ ᠢ ᠨᠢ ᠤᠶᠢᠯᠠᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号