ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2018  ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-11
     7 ᠳ᠋ᠤᠭᠠᠷ ᠰᠠᠷ᠎ᠠ ᠶᠢᠨ 9᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤ ᠨᠡᠶᠢᠳᠡᠯᠭ᠎ᠠ ᠪᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠭᠦ ᠰᠠᠨᠠᠯ ︵2018 — 2020 ᠣᠨ︶︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ︵2018 — 2022 ᠣᠨ︶︾ ᠵᠡᠷᠭᠡ ᠬᠠᠮᠢᠶ᠎ᠠ ᠪᠦᠬᠦᠢ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠷᠤᠨ ᠲᠠᠶᠠᠭᠠᠷ ᠢᠶᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠰᠢ ᠶᠢᠨ ᠫᠢᠩ ᠤᠨ ᠶᠠᠳᠠᠭᠤ ᠶᠢ ᠲᠡᠳᠭᠦᠭᠦ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠨᠠᠮ ᠎ ᠤᠨ ᠲᠦᠪ ᠬᠤᠷᠢᠶ᠎ᠠ ᠶᠢᠨ ᠲᠤᠬᠳᠠᠭᠠᠬᠰᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠳᠠ ᠪᠠ ᠶᠠᠳᠠᠭᠤ ᠶᠢ ᠲᠡᠳᠭᠦᠭᠦ ᠪᠠᠷᠢᠮᠵᠢᠶ᠎ᠠ ᠶᠢ ᠢᠮᠠᠬᠳᠠ ᠪᠠᠷᠢᠮᠳᠠᠯᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠬᠢᠭᠡᠳ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠶᠢ ᠤᠷᠭᠠᠨᠢᠭ ᠢᠶᠠᠷ ᠤᠶᠠᠯᠳᠤᠭᠤᠯᠵᠤ᠂ ᠲᠦᠷᠦ ᠶᠢᠨ ᠪᠤᠳᠤᠯᠭ᠎ᠠ ᠶᠢᠨ ᠨᠡᠶᠢᠳᠡᠪᠦᠷᠢᠵᠢᠭᠤᠯᠤᠯᠳᠠ᠂ ᠬᠠᠷᠢᠭᠤᠴᠠᠯᠭ᠎ᠠ ᠶᠢᠨ ᠨᠡᠶᠢᠳᠡᠪᠦᠷᠢᠵᠢᠭᠤᠯᠤᠯᠳᠠ ᠪᠠ ᠠᠵᠢᠯ ᠤᠨ ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠨ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠲᠤᠳᠤᠭᠠᠳᠤ ᠠᠮᠢᠵᠢᠷᠠᠯ ᠤᠨ ᠬᠦᠴᠦᠨ ᠢ ᠬᠦᠴᠦᠯᠡᠨ ᠬᠦᠭᠵᠢᠬᠡᠵᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠰᠠᠭᠤᠷᠢ ᠶᠢ ᠬᠦᠴᠦᠯᠡᠨ ᠪᠠᠬᠢᠵᠢᠭᠦᠯᠵᠤ᠂ ᠶᠠᠳᠠᠭᠤ ᠶᠢ ᠲᠡᠳᠭᠦᠭᠦ ᠬᠦᠷᠢᠶᠡᠨ ᠳᠠᠬᠢ ᠰᠤᠷᠳᠠᠯ ᠤᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ ᠦᠢᠯᠡᠳᠦᠯᠭᠡ ᠶᠢᠨ ᠪᠠ ᠲᠡᠤᠭᠡ ᠶᠢᠨ ᠰᠢᠯᠭᠠᠯᠳᠠ ᠶᠢ ᠲᠠᠭᠠᠭᠠᠵᠤ ᠲᠡᠶᠢᠯᠭᠦ ᠶᠢ ᠦᠨᠡᠨ ᠬᠦ ᠪᠠᠳᠤᠯᠠᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠬᠤ ᠪᠦᠭᠡᠳ ᠰᠢᠨ᠎ᠠ ᠴᠠᠭ ᠦᠶ᠎ᠠ ᠶᠢᠨ ︽ᠲᠠᠷᠢᠶᠠᠯᠠᠩ᠂ ᠲᠠᠷᠢᠶᠠᠯᠠᠬᠤ ᠣᠷᠣᠨ᠂ ᠲᠠᠷᠢᠶᠠᠴᠢᠨ︾᠎ ᠤ ᠠᠵᠢᠯ ᠢ ᠰᠠᠶᠢᠳᠤᠷ ᠬᠢᠭᠦ ᠶᠢᠨ ᠶᠡᠷᠦᠩᠬᠡᠢ ᠭᠠᠷᠳᠠᠴᠠ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ︽ᠲᠠᠷᠢᠶᠠᠯᠠᠩ᠂ ᠲᠠᠷᠢᠶᠠᠯᠠᠬᠤ ᠣᠷᠣᠨ᠂ ᠲᠠᠷᠢᠶᠠᠴᠢᠨ︾᠎ ᠤ ᠠᠵᠢᠯ ᠢ ᠰᠠᠶᠢᠳᠤᠷ ᠬᠢᠭᠦ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠡᠯ᠎ᠠ ᠵᠦᠢᠯ ᠤᠨ ᠬᠠᠷᠠᠯᠳᠠ ᠡᠭᠦᠷᠭᠡ ᠶᠢ ᠴᠢᠩᠭ᠎ᠠ ᠠᠳᠬᠤᠵᠤ᠂ ᠤᠳᠤᠷᠢᠳᠬᠤ ᠪᠠᠶᠢᠭᠤᠯᠤᠮᠵᠢ ᠪᠠᠨ ᠪᠦᠷᠢᠨᠰᠢᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠵᠤ᠂ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠪᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠭᠤᠤᠯ ᠴᠤᠬᠴᠠ ᠶᠢᠨ ᠦᠢᠯᠡᠳᠦᠯ ᠢ ᠪᠠᠳᠠᠷᠠᠭᠤᠯᠦᠨ᠂ ᠠᠵᠢᠯ ᠤᠨ ᠨᠡᠶᠢᠳᠡᠪᠦᠷᠢᠵᠢᠭᠤᠯᠤᠯᠳᠠ ᠶᠢ ᠴᠦᠭᠦᠷᠡᠰᠢ ᠦᠭᠡᠢ ᠰᠠᠶᠢᠳᠤᠷ ᠠᠳᠬᠤᠵᠤ᠂ ᠮᠠᠨ ᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠢᠨ᠎ᠠ ᠲᠦᠷᠰᠦ ᠪᠠᠶᠢᠳᠠᠯ ᠢ ᠴᠢᠷᠮᠠᠶᠢᠨ ᠡᠭᠦᠳᠭᠦ ᠬᠡᠷᠡᠭᠳᠡᠢ ᠭᠡᠵᠡᠢ᠃      ᠬᠤᠷᠠᠯ ᠠᠴᠠ ᠪᠠᠰᠠ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠳᠤ ᠬᠤᠯᠪᠤᠬᠳᠠᠬᠤ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号