ᠶᠠᠩ ᠸᠧᠢ ᠳ᠋ᠦᠩ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠠᠭᠠᠨ ᠲᠠᠪᠲᠠᠮᠵᠢᠲᠤ ᠬᠤᠷᠠᠯ ᠳᠤ ᠣᠷᠣᠯᠴᠠᠵᠤ ᠣᠳᠣᠬᠠᠨ ᠤ ᠭᠤᠣᠯᠳᠠᠯᠭ᠎ᠠ ᠲᠠᠢ ᠲᠤᠰᠬᠠᠶ ᠠᠵᠢᠯ ᠳᠤ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2018-07-11
     7 ᠳ᠋ᠤᠭᠠᠷ ᠰᠠᠷ᠎ᠠ ᠶᠢᠨ 10᠎ ᠤ ᠡᠳᠦᠷ ᠤᠨ ᠤᠷᠤᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠠᠭᠠᠨ ᠲᠠᠪᠲᠠᠮᠵᠢᠲᠤ ᠬᠤᠷᠠᠯ ᠬᠢᠵᠤ᠂ ᠳᠣᠲᠣᠭᠠᠳᠤ ᠶᠢ ᠬᠠᠮᠠᠭᠠᠯᠠᠬᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠠᠰᠠᠭᠤᠳᠠᠯ ᠢ ᠵᠠᠳᠠᠯᠤᠨ ᠰᠢᠨᠵᠢᠯᠡᠵᠦ᠂ ᠣᠳᠣᠬᠠᠨ ᠤ ᠭᠤᠣᠯᠳᠠᠯᠭ᠎ᠠ ᠲᠠᠢ ᠲᠤᠰᠬᠠᠶ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠶᠠᠩ ᠸᠧᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠳᠡᠳ᠋ ᠲᠡᠷᠢᠭᠦᠯᠡᠭᠴᠢ ᠶᠠᠩ ᠸᠧᠢ ᠳ᠋ᠦᠩ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠳᠠᠯᠭ᠎ᠠ ᠲᠠᠢ ᠲᠤᠰᠬᠠᠶ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠤᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭᠠᠨ ᠤ ᠭᠦᠨ ᠠᠭᠤᠯᠤᠭᠳᠠᠬᠤᠨ ᠢ ᠬᠢᠨᠠᠮᠠᠭᠠᠶ ᠰᠠᠶᠢᠲᠤᠷ ᠣᠶᠢᠯᠠᠭ᠋ᠵᠦ᠂ ︽ᠲᠦᠷᠪᠡᠨ ᠤᠬᠠᠮᠰᠠᠷ︾᠎ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠱᠠᠭᠠᠷᠳᠠᠯᠭ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠭᠤᠣᠯᠳᠠᠯᠭ᠎ᠠ ᠲᠠᠢ ᠲᠤᠰᠬᠠᠶ ᠵᠦᠢᠯ ᠤᠨ ᠠᠵᠢᠯ ᠢ ᠰᠠᠶᠢᠲᠤᠷ ᠬᠢᠬᠦ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠠ ᠨᠢᠭᠡᠨ ᠴᠢᠬᠤᠯᠠ ᠪᠣᠳᠠᠲᠠᠶ ᠠᠵᠢᠯ ᠪᠣᠯᠭᠠᠵᠦ᠂ ᠪᠥᠬᠦ ᠬᠦᠴᠦᠨ ᠢᠶᠠᠷ ᠢᠶᠠᠨ ᠴᠢᠩᠭ᠎ᠠ ᠰᠠᠶᠢᠲᠤᠷ ᠠᠳᠬᠤᠵᠤ᠂ ᠲᠣᠪᠣᠶᠢᠮ᠎ᠠ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃       ᠳᠡᠳ᠋ ᠲᠡᠷᠢᠭᠦᠯᠡᠭᠴᠢ ᠶᠠᠩ ᠸᠧᠢ ᠳ᠋ᠦᠩ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠣᠳᠣᠬᠠᠨ ᠤ ᠭᠤᠣᠯᠳᠠᠯᠭ᠎ᠠ ᠲᠠᠢ ᠲᠤᠰᠬᠠᠶ ᠠᠵᠢᠯ ᠤᠨ ᠬᠥᠭᠵᠢᠯ ᠤᠨ ᠪᠠᠶᠢᠳᠠᠯ ᠳᠤ ᠴᠢᠭᠯᠡᠭᠦᠯᠦᠨ᠂ ᠬᠦᠴᠦᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ᠂ ᠡᠷᠴᠢᠮᠲᠡᠢ ᠠᠷᠭ᠎ᠠ ᠬᠡᠮᠵᠢᠶ᠎ᠡ ᠠᠪᠴᠤ᠂ ᠬᠤᠷᠢᠭ᠎ᠠ ᠱᠤᠭᠤᠮ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠢᠮᠡᠭᠡ ᠮᠡᠳᠡᠭᠡ ᠴᠤᠭᠯᠠᠭᠤᠯᠵᠤ ᠰᠤᠳᠤᠯᠤᠨ ᠮᠠᠭᠠᠳᠯᠠᠬᠤ᠂ ᠬᠠᠤᠯᠢ ᠶᠣᠰᠣᠭᠠᠷ ᠴᠣᠬᠢᠯᠲᠠ ᠥᠭᠬᠦ ᠰᠢᠢᠳᠪᠦᠷᠢᠯᠡᠬᠦ ᠵᠡᠷᠭᠡ ᠪᠣᠳᠠᠲᠠᠶ ᠠᠵᠢᠯ ᠢ ᠴᠢᠩᠭ᠎ᠠ ᠰᠠᠶᠢᠲᠤᠷ ᠭᠦᠢᠴᠡᠳᠬᠡᠬᠦ ᠪᠠ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ︽ᠶᠡᠬᠡᠪᠡᠷ ᠠᠶᠢᠯᠴᠢᠯᠠᠨ ᠰᠤᠷᠪᠤᠯᠵᠢᠯᠠᠬᠤ︾ ᠠᠵᠢᠯ ᠢ ᠥᠷᠨᠢᠭᠦᠯᠬᠦ ᠬᠤᠶᠠᠷ ᠵᠦᠢᠯ ᠤᠨ ᠡᠭᠦᠷᠭᠡ ᠬᠠᠷᠢᠭᠤᠴᠠᠯᠭ᠎ᠠ ᠶᠢ ᠰᠠᠨᠠᠭᠤᠯᠵᠤ᠂ ᠬᠥᠮᠦᠨ ᠤ ᠬᠦᠴᠦᠨ ᠢᠶᠠᠷ ᠮᠡᠳᠡᠭᠡ ᠴᠢᠮᠡᠭᠡ ᠴᠤᠭᠯᠠᠭᠤᠯᠬᠤ ᠂ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠬᠤ᠂ ᠮᠡᠷᠭᠡᠵᠢᠯ ᠤᠨ ᠠᠷᠭ᠎ᠠ ᠪᠠᠷᠢᠯ ᠵᠡᠷᠭᠡ ᠮᠡᠳᠡᠭᠡ ᠵᠠᠩᠭᠢ ᠴᠤᠭᠯᠠᠭᠤᠯᠬᠤ ᠭᠤᠷᠪᠠᠨ ᠠᠷᠭ᠎ᠠ ᠵᠠᠮ ᠢ ᠴᠢᠩᠭᠠᠳᠬᠠᠵᠤ᠂ ᠲᠤᠬᠠᠶ ᠶᠢᠨ ᠲᠠᠯᠠᠪᠠᠶ ᠳᠤᠨᠢ ᠰᠢᠢᠳᠪᠦᠷᠢᠯᠡᠬᠦ ᠠᠷᠭ᠎ᠠ ᠮᠠᠶ᠋ᠢᠭ ᠪᠠ ᠠᠷᠭ᠎ᠠ ᠶᠢ ᠪᠦᠲᠦᠮᠵᠢᠲᠡᠶ ᠡᠵᠡᠮᠳᠡᠵᠦ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠂ ᠠᠵᠢᠯ ᠤᠨ ᠬᠡᠷᠡᠭᠵᠢᠭᠦᠯᠦᠯᠲᠡ᠂ ᠰᠠᠯᠠᠭ᠎ᠠ ᠮᠥᠴᠢᠷ ᠤᠨ ᠬᠠᠮᠵᠢᠯᠴᠠᠭ᠎ᠠ᠂ ᠨᠢᠭᠤᠴᠠ ᠶᠢ ᠬᠠᠮᠠᠭᠠᠯᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠠᠪᠤᠨ ᠵᠦᠢᠯ ᠤᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠲᠣᠳᠣᠷᠬᠠᠶ ᠪᠣᠯᠭᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠦᠳᠲᠡᠷ ᠲᠦᠷᠭᠡᠨ ᠬᠥᠳᠡᠯᠦᠯᠴᠡᠵᠦ᠂ ᠰᠡᠳᠬᠢᠯ ᠰᠠᠨᠠᠭ᠎ᠠ ᠬᠦᠴᠦ ᠴᠢᠳᠠᠯ ᠎ ᠪᠠᠨ ᠬᠠᠮᠲᠤᠳᠬᠠᠨ᠂ ᠬᠠᠮᠲᠤ ᠪᠠᠷ ᠴᠢᠷᠮᠠᠶᠢᠵᠤ᠂ ᠡᠨᠡ ᠬᠦ ᠠᠵᠢᠯ ᠢ ᠦᠨᠡᠨ ᠬᠦ ᠴᠢᠩᠭ᠎ᠠ ᠰᠠᠶᠢᠲᠤᠷ ᠠᠳᠬᠤᠨ᠂ ᠦᠷ᠎ᠡ ᠪᠦᠲᠦᠮᠵᠢ ᠭᠠᠷᠲᠠᠯ᠎ᠠ ᠠᠳᠬᠤᠵᠤ᠂ ᠮᠠᠨ ᠤ ᠣᠷᠣᠨ ᠤ ᠨᠡᠶᠢᠭᠡᠮ ᠤᠨ ᠠᠮᠤᠷ ᠢ ᠬᠠᠮᠠᠭᠠᠯᠠᠬᠤ ᠶᠡᠭᠡ ᠲᠠᠯ᠎ᠠ ᠶᠢ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠨᠠᠮ ᠪᠠ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号