ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠠᠴᠠ ᠦᠪᠡᠷᠳᠡᠬᠡᠨ ᠵᠠᠰᠠᠬᠤ ᠤᠷᠤᠨ ᠤ ᠲᠦᠷᠦᠭᠦᠦ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-07-11
     7 ᠳ᠋ᠤᠭᠠᠷ ᠰᠠᠷ᠎ᠠ ᠶᠢᠨ 10᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠠᠴᠠ ᠦᠪᠡᠷᠳᠡᠬᠡᠨ ᠵᠠᠰᠠᠬᠤ ᠤᠷᠤᠨ ᠤ ᠲᠦᠷᠦᠭᠦᠦ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠦᠦ ᠭᠤᠣᠯ ᠰᠡᠳᠦᠪᠲᠦ ᠨᠡᠶᠢᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠱᠢ ᠷᠦᠨ ᠯᠢᠨ ᠬᠤᠷᠠᠯ ᠳᠤ ᠤᠷᠤᠯᠴᠠᠵᠠᠢ᠃      7 ᠳ᠋ᠤᠭᠠᠷ ᠰᠠᠷ᠎ᠠ ᠶᠢᠨ 10᠎ ᠤ ᠡᠳᠦᠷ ᠶᠠᠪᠤᠬᠳᠠᠬᠰᠠᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠤᠷᠤᠨ ᠠᠵᠦ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠶᠢᠨ ᠬᠤᠪᠢᠰᠤᠯᠳᠠ᠂ ᠦᠷ᠎ᠠ ᠪᠦᠲᠦᠮᠵᠢ ᠶᠢᠨ ᠬᠤᠪᠢᠰᠤᠯᠳᠠ᠂ ᠬᠦᠳᠡᠯᠬᠡᠬᠦ ᠬᠦᠴᠦᠨ ᠤ ᠬᠤᠪᠢᠰᠤᠯᠳᠠ ᠶᠢ ᠬᠦᠴᠦᠯᠡᠨ ᠠᠬᠢᠭᠤᠯᠵᠦ᠂ ᠠᠵᠦ ᠠᠬᠤᠢ ᠶᠢᠨ ᠡᠷᠬᠢᠯᠳᠡ ᠶᠡᠷᠦᠩᠬᠡᠢ ᠳᠡᠭᠡᠨ ᠲᠤᠭᠳᠠᠭᠤᠨ ᠪᠠᠶᠢᠵᠤ᠂ ᠭᠤᠤᠯ ᠪᠤᠯᠬᠤ ᠲᠠᠯ᠎ᠠ ᠪᠠᠷ ᠢᠳᠡᠪᠬᠢᠳᠡᠢ ᠬᠤᠪᠢᠷᠠᠯᠳᠠ ᠢᠯᠡᠷᠡᠵᠦ᠂ ᠵᠢᠱᠢᠯᠳᠡ ᠪᠠᠷ᠂ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠪᠠ ᠨᠡᠶᠢᠭᠡᠮ ᠤᠨ ᠬᠡᠷᠡᠭᠯᠡᠬᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠵᠤᠭᠤᠰ ᠤᠨ ᠲᠤᠭ᠎ᠠ ᠵᠡᠷᠬᠡ ᠬᠦᠢᠴᠡᠳᠬᠡᠬᠦ ᠲᠤᠭ᠎ᠠ ᠯᠠᠪᠳᠠᠭᠤᠨ ᠢᠶᠠᠷ ᠲᠡᠭᠡᠭᠰᠢᠯᠡᠵᠦ᠂ ᠤᠷᠢᠳ ᠢᠶᠠᠷ ᠬᠢᠬᠦ ᠬᠦᠢᠴᠡᠳᠬᠡᠬᠦ ᠲᠤᠭ᠎ᠠ ᠨᠡᠯᠢᠶᠡᠳ ᠲᠦᠷᠬᠡᠨ ᠨᠡᠮᠡᠭᠳᠡᠯ ᠢᠶᠠᠨ ᠦᠷᠬᠦᠯᠵᠢᠯᠡᠨ ᠪᠠᠳᠤᠯᠠᠵᠦ᠂ ᠬᠦᠭᠵᠢᠯᠳᠡ ᠶᠢᠨ ᠴᠢᠨᠠᠷ ᠴᠢᠨᠰᠠᠭ᠎ᠠ ᠠᠯᠬᠤᠮ ᠠᠯᠬᠤᠮ ᠢᠶᠠᠷ ᠲᠡᠭᠡᠭᠰᠢᠯᠡᠭᠰᠡᠨ ᠪᠠᠶᠢᠨ᠎ᠠ᠃      ᠲᠡᠭᠡᠷ᠎ᠠ ᠬᠠᠭᠠᠰ ᠵᠢᠯ ᠳᠤ᠂ ᠮᠠᠨ ᠤ ᠤᠷᠤᠨ ᠤ ᠨᠢᠬᠡᠳᠦᠬᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠶᠡᠷᠦᠩᠬᠡᠢ ᠳᠡᠭᠡᠨ ᠲᠤᠬᠳᠠᠭᠤᠨ ᠪᠠᠶᠢᠵᠤ᠂ ᠲᠠᠷᠢᠮᠠᠯ ᠤᠨ ᠦᠢᠯᠡᠰ ᠲᠤᠭᠳᠠᠭᠤᠨ ᠤ ᠲᠤᠮᠳᠠ ᠰᠢᠯᠢᠳᠡᠭᠵᠢᠵᠦ᠂ ᠲᠠᠷᠢᠮᠠᠯ ᠎ ᠤᠨ ᠲᠠᠯᠠᠪᠠᠢ᠂ ᠠᠮᠤ ᠪᠤᠳᠠᠭ᠎ᠠ ᠶᠢᠨ ᠲᠠᠷᠢᠮᠠᠯ ᠤᠨ ᠲᠠᠯᠠᠪᠠᠢ ᠪᠦᠷ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠨᠡᠮᠡᠭᠳᠡᠵᠦ᠂ ᠲᠤᠰᠪᠤᠷᠢ 1.3 ᠳ᠋ᠦᠩᠰᠢᠭᠤᠷ ᠮᠦ ᠪᠠ 1.02 ᠳ᠋ᠦᠩᠰᠢᠭᠤᠷ ᠮᠦ ᠳᠤ ᠬᠦᠷᠴᠤ᠂ ᠮᠠᠯ ᠠᠵᠦ ᠠᠬᠤᠢ ᠲᠤᠭᠳᠠᠭᠤᠨ ᠢᠶᠠᠷ ᠬᠦᠭᠵᠢᠵᠦ᠂ ᠠᠵᠢᠯ ᠲᠦᠷᠦᠯ ᠤᠨ ᠬᠢᠨ ᠤ ᠪᠦᠷᠢᠳᠬᠡᠯ ᠢᠶᠠᠷ ᠤᠳᠤᠬᠠᠨ ᠪᠤᠯᠳᠠᠯ᠎ᠠ᠂ ᠪᠦᠬᠦ ᠤᠷᠤᠨ ᠤ ᠪᠤᠳᠠ ᠪᠤᠬ ᠮᠠᠯ ᠤᠨ ᠲᠦᠯ ᠢ 5657.4 ᠲᠦᠮᠡ ᠲᠤᠰᠴᠤ᠂ ᠤᠨᠳᠤᠷᠤᠯᠳᠠ ᠶᠢᠨ ᠨᠤᠷᠮ᠎ᠠ ᠨᠢ       98.8%᠎ ᠳᠤ ᠬᠦᠷᠴᠤ᠂ ᠠᠵᠦ ᠦᠢᠯᠡᠳᠪᠦᠷᠢ ᠶᠢᠨ ᠦᠢᠯᠡᠳᠪᠦᠷᠢᠯᠡᠯ ᠤᠨ ᠬᠡᠮᠵᠢᠶ᠎ᠠ ᠪᠠ ᠦᠢᠯᠡᠳᠬᠦᠨ ᠤ ᠦᠨ᠎ᠠ ᠬᠠᠩᠰᠢ ᠪᠦᠷ ᠲᠡᠭᠡᠭᠰᠢᠯᠡᠵᠦ᠂ ᠦᠢᠯᠡᠳᠪᠦᠷᠢᠯᠡᠯ ᠤᠨ ᠬᠡᠮᠵᠢᠶ᠎ᠠ ᠠᠴᠠ ᠦᠵᠡᠪᠡᠯ᠂ ᠲᠦᠷᠦᠬᠦᠦ 5 ᠰᠠᠷ᠎ᠠ ᠳᠤ ᠪᠦᠬᠦ ᠤᠷᠤᠨ ᠤ ᠭᠤᠤᠯ ᠪᠤᠯᠬᠤ ᠠᠵᠦ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠬᠡᠮᠵᠢᠶ᠎ᠠ ᠨᠡᠮᠡᠭᠳᠡᠯ ᠢᠶᠠᠨ ᠪᠠᠳᠤᠯᠠᠵᠦ᠂ ᠦᠨ᠎ᠠ ᠬᠠᠩᠰᠢ ᠠᠴᠠ ᠦᠵᠡᠪᠡᠯ᠂ ᠲᠦᠷᠦᠬᠦᠦ 5 ᠰᠠᠷ᠎ᠠ ᠳᠤ ᠠᠵᠦ ᠦᠢᠯᠡᠳᠪᠦᠷᠢ ᠶᠢᠨ ᠦᠢᠯᠡᠳᠬᠦᠨ ᠎ ᠤ ᠦᠨ᠎ᠠ ᠬᠠᠩᠰᠢ ᠨᠢ 3.8%᠎ ᠪᠠᠷ ᠦᠰᠴᠤ᠂ ᠦᠢᠯᠡᠴᠢᠯᠡᠬᠡᠨ ᠤ ᠦᠢᠯᠡᠰ ᠲᠤᠭᠳᠠᠭᠤᠨ ᠢᠶᠠᠷ ᠨᠡᠮᠡᠭᠳᠡᠪᠡ᠃ ᠰᠢᠨ᠎ᠠ ᠬᠠᠭᠤᠴᠢᠨ ᠬᠦᠳᠡᠯᠬᠡᠬᠦ ᠴᠢᠳᠠᠪᠤᠷᠢ ᠶᠢ ᠲᠦᠷᠬᠡᠳᠬᠡᠨ ᠬᠤᠪᠢᠷᠠᠭᠤᠯᠵᠦ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 1110 ᠲᠦᠮᠡᠨ ᠲᠤᠨ ᠪᠦᠬᠦᠢ 22 ᠨᠡᠬᠦᠷᠡᠰᠦᠨ ᠠᠭᠤᠷᠬᠠᠢ ᠶᠢ ᠰᠢᠭᠰᠢᠭᠳᠡᠭᠦᠯᠵᠦ᠂ 200 ᠲᠦᠮᠡᠨ ᠲᠤᠨ ᠤ ᠪᠤᠯᠤᠳ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ ᠪᠠ 250 ᠲᠦᠮᠡᠨ ᠲᠤᠨ ᠤ ᠴᠠᠬᠢᠯᠭᠠᠨ ᠢᠶᠠᠷ ᠵᠠᠳᠠᠯᠤᠬᠰᠠᠨ ᠬᠦᠩᠬᠡᠨᠴᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠰᠤᠯᠢᠵᠦ᠂ 5 ᠳ᠋ᠤᠭᠠᠷ ᠰᠠᠷ᠎ᠠ ᠶᠢᠨ ᠰᠡᠬᠦᠯᠴᠢ ᠪᠤᠯᠳᠠᠯ᠎ᠠ ᠪᠤᠷᠤᠯᠠᠭᠤᠯᠵᠦ ᠭᠠᠷᠤᠭᠠᠳᠤᠢ ᠬᠤᠳᠠᠯᠳᠤᠭᠠᠨ ᠤ ᠤᠷᠤᠨ ᠰᠠᠭᠤᠴᠠ ᠶᠢᠨ ᠲᠠᠯᠠᠪᠠᠢ 1.5%᠎ ᠪᠠᠷ ᠪᠠᠭᠠᠰᠴᠤ᠂ ᠰᠢᠨ᠎ᠠ ᠬᠦᠳᠡᠯᠬᠡᠬᠦ ᠴᠢᠳᠠᠪᠤᠷᠢ ᠴᠢᠩᠭᠠᠷᠠᠵᠦ᠂ ᠲᠦᠷᠦᠬᠦᠦ 5 ᠰᠠᠷ᠎ᠠ ᠳᠤ᠂ ᠪᠦᠬᠦ ᠤᠷᠤᠨ ᠤ ᠲᠡᠭᠡᠳᠤ ᠰᠢᠨ᠎ᠠ ᠮᠡᠷᠬᠡᠵᠢᠯ ᠤᠨ ᠠᠵᠦ ᠦᠢᠯᠡᠳᠪᠦᠷᠢ ᠶᠢᠨ ᠨᠡᠮᠡᠭᠳᠡᠯ ᠦᠷᠳᠡᠭ 15.6%᠎ ᠪᠠᠷ ᠲᠡᠭᠡᠭᠰᠢᠯᠡᠵᠦ᠂ ᠰᠢᠨ᠎ᠠ ᠶᠢ ᠡᠬᠦᠳᠬᠦ ᠴᠢᠳᠠᠪᠤᠷᠢ ᠲᠠᠰᠤᠷᠠᠯᠳᠠ ᠦᠬᠡᠢ ᠲᠡᠭᠡᠭᠰᠢᠯᠡᠪᠡ᠃ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢᠳᠡᠪᠬᠢᠳᠡᠢ ᠦᠷ᠎ᠠ ᠪᠦᠲᠦᠮᠵᠢ ᠤᠯᠵᠦ᠂ ᠵᠠᠰᠠᠬ ᠤᠨ ᠤᠷᠳᠤᠨ ᠤ ᠦᠷᠢ ᠦᠭᠴᠡᠭᠡ ᠶᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠭᠤᠤᠯᠳᠠᠯᠭ᠎ᠠ ᠲᠠᠢ ᠭᠠᠵᠠᠷ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠤ ᠲᠠᠢ ᠵᠢᠬᠡᠯᠡᠯᠬᠡ ᠪᠠᠭᠠᠰᠬᠤ ᠪᠠᠶᠢᠳᠠᠯ ᠲᠠᠢ ᠪᠤᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠦᠷᠬᠦᠯᠵᠢᠯᠡᠨ ᠠᠬᠢᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠬᠤᠰᠢᠭᠤ ᠰᠢᠶᠠᠨ ᠪᠦᠷᠢ ᠳᠤ 1000 ᠲᠦᠮᠡᠨ ᠲᠦᠬᠦᠷᠢᠭ᠂ ᠬᠦᠮᠦᠨ ᠪᠦᠷᠢ ᠲᠤᠮᠳᠠᠴᠢ ᠪᠠᠷ 1000 ᠲᠦᠬᠦᠷᠢᠭ ᠤᠷᠴᠢᠮ ᠤᠨ ᠪᠠᠷᠢᠮᠵᠢᠶ᠎ᠠ ᠪᠠᠷ ᠰᠢᠨ᠎ᠠ ᠪᠠᠷ ᠨᠡᠮᠡᠭᠳᠡᠬᠦᠯᠵᠦ ᠤᠨᠴᠠᠭᠠᠢ ᠶᠠᠳᠠᠭᠤ ᠬᠦᠴᠢᠷᠳᠡᠯᠳᠡᠢ ᠭᠠᠵᠠᠷ ᠤᠷᠤᠨ᠂ ᠤᠨᠴᠠᠭᠠᠢ ᠶᠠᠳᠠᠭᠤ ᠬᠦᠴᠢᠷᠳᠡᠯᠳᠡᠢ ᠤᠯᠠᠨ ᠲᠦᠮᠡᠨ ᠢ ᠭᠤᠤᠯᠳᠠᠯᠭ᠎ᠠ ᠲᠠᠢ ᠲᠡᠮᠵᠢᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠰᠢᠨ᠎ᠠ ᠠᠬᠢᠴᠠ ᠲᠠᠢ ᠪᠤᠯᠵᠦ᠂ ᠲᠦᠷᠦᠬᠦᠦ 5 ᠰᠠᠷ᠎ᠠ ᠳᠤ ᠪᠦᠬᠦ ᠤᠷᠤᠨ ᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠯᠠᠪᠳᠠᠭᠤᠨ ᠢᠶᠠᠷ ᠰᠠᠶᠢᠵᠢᠷᠠᠵᠤ᠂ ᠪᠦᠬᠦ ᠤᠷᠤᠨ ᠤ ᠵᠢᠵᠢᠭ ᠮᠦᠬᠦᠯᠢᠭᠳᠦ ᠪᠤᠳᠠᠰ ︵PM2.5︶᠎ ᠤᠨ ᠲᠤᠮᠳᠠᠴᠢ ᠦᠳᠬᠡᠴᠡ ᠨᠢ 10.5%᠎ ᠪᠠᠷ ᠪᠠᠭᠤᠷᠠᠵᠦ᠂ 42 ᠲᠤᠰᠬᠠᠢ ᠤᠷᠤᠨ ᠤ ᠲᠡᠰ ᠤᠨ ᠬᠤᠳᠠ ᠶᠢᠨ ᠤᠰᠤᠨ ᠤ ᠰᠤᠷᠪᠤᠯᠵᠢ ᠶᠢᠨ ᠤᠷᠤᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ 81%᠎ ᠳᠤ ᠬᠦᠷᠴᠡᠢ᠃ ᠦᠬᠡᠷᠡᠴᠢᠯᠡᠯᠳᠡ ᠨᠡᠬᠡᠬᠡᠯᠳᠡ ᠶᠢᠨ ᠠᠯᠬᠤᠴᠡ ᠲᠦᠷᠬᠡᠳᠴᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠪᠠ ᠵᠠᠩᠬᠢᠯᠠᠭ᠎ᠠ ᠶᠢᠨ ᠭᠤᠬᠴᠤᠭ᠎ᠠ ᠶᠢᠨ ᠦᠬᠡᠷᠡᠴᠢᠯᠡᠯᠳᠡ ᠦᠷᠬᠦᠯᠵᠢᠯᠡᠨ ᠭᠦᠨᠵᠡᠭᠡᠶᠢᠷᠡᠵᠦ᠂ 6 ᠳ᠋ᠤᠭᠠᠷ ᠰᠠᠷ᠎ᠠ ᠶᠢᠨ ᠡᠴᠦᠰ ᠪᠤᠯᠳᠠᠯ᠎ᠠ ᠪᠦᠬᠦ ᠤᠷᠤᠨ ᠤ ᠡᠯ᠎ᠠ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠬᠴᠠ 192 ᠲᠦᠮᠡᠨ ᠡᠷᠦᠬᠡ ᠳᠤ ᠬᠦᠷᠴᠤ᠂ ᠭᠠᠳᠠᠭᠠᠳᠤ ᠨᠡᠬᠡᠬᠡᠯᠳᠡ ᠯᠠᠪᠳᠠᠭᠤᠨ ᠢᠶᠠᠷ ᠠᠬᠢᠵᠦ᠂ ᠲᠦᠷᠦᠬᠦᠦ 5 ᠰᠠᠷ᠎ᠠ ᠳᠤ᠂ ᠪᠦᠬᠦ ᠤᠷᠤᠨ ᠤ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠰᠠᠨ ᠪᠠᠷᠠᠭᠠᠨ ᠤ ᠵᠤᠭᠤᠰ ᠤᠨ ᠲᠤᠭ᠎ᠠ 2.7%᠎ ᠪᠠᠷ ᠨᠡᠮᠡᠭᠳᠡᠵᠡᠢ᠃ ᠠᠵᠦ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠯᠠᠪᠳᠠᠭᠤᠨ ᠢᠶᠠᠷ ᠲᠡᠭᠡᠭᠰᠢᠯᠡᠵᠦ᠂ ᠡᠳ᠋ ᠤᠨ ᠵᠠᠰᠠᠬ ᠤᠨ ᠤᠷᠤᠯᠭ᠎ᠠ ᠶᠢᠨ ᠴᠢᠨᠠᠷ ᠴᠢᠨᠰᠠᠭ᠎ᠠ ᠲᠠᠰᠤᠷᠠᠯᠳᠠ ᠦᠬᠡᠢ ᠲᠡᠭᠡᠭᠰᠢᠯᠡᠵᠦ᠂ ᠠᠵᠦ ᠠᠬᠤᠶᠢᠯᠠᠯ ᠤᠨ ᠦᠷ᠎ᠠ ᠠᠰᠢᠬ ᠦᠷᠬᠦᠯᠵᠢᠯᠡᠨ ᠨᠡᠮᠡᠭᠳᠡᠵᠦ᠂ ᠰᠠᠭᠤᠭᠠᠯᠢ ᠠᠷᠠᠳ ᠤᠨ ᠤᠷᠤᠯᠭ᠎ᠠ ᠲᠤᠭᠳᠠᠭᠤᠨ ᠢᠶᠠᠷ ᠨᠡᠮᠡᠭᠳᠡᠵᠦ᠂ ᠠᠵᠢᠯ ᠤᠯᠭᠤᠯᠳᠠ ᠶᠢᠨ ᠪᠠᠶᠢᠳᠠᠯ ᠲᠤᠭᠳᠠᠭᠤᠨ ᠪᠠᠶᠢᠳᠠᠯ ᠢᠶᠠᠨ ᠪᠠᠳᠤᠯᠠᠵᠦ᠂ ᠨᠡᠶᠢᠭᠡᠮ ᠤᠨ ᠪᠠᠳᠤᠯᠠᠪᠤᠷᠢ ᠶᠢᠨ ᠲᠦᠪᠰᠢᠨ ᠴᠢᠨᠠᠬᠰᠢᠳᠠ ᠲᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号