ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/7/11
     7 ᠳ᠋ᠤᠭᠠᠷ ᠰᠠᠷ᠎ᠠ ᠶᠢᠨ 10᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠵᠤᠬᠢᠶᠠᠨ ᠪᠠᠶᠢᠭᠤᠯᠬᠤ ᠠᠵᠢᠯ ᠤᠨ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠵᠢᠷᠭᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠬᠠᠮᠢᠶ᠎ᠠ ᠪᠦᠬᠦᠢ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠪ ᠤᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠵᠠᠢ᠃ ᠦᠪᠡᠷᠳᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ‌‍ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠵᠤᠬᠢᠶᠠᠨ ᠪᠠᠶᠢᠭᠤᠯᠬᠤ ᠠᠵᠢᠯ ᠤᠨ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶ᠎ᠠ ᠨᠢ ᠰᠢᠨ᠎ᠠ ᠴᠠᠭ ᠦᠶ᠎ᠠ ᠳᠤ ᠨᠠᠮ ᠎ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠨᠢ ᠨᠠᠮ ᠤᠨ ᠤᠯᠤᠰ ᠲᠦᠷᠦ ᠶᠢᠨ ᠱᠤᠭᠤᠮ ᠳᠤ ᠦᠢᠯᠡᠴᠢᠯᠡᠭᠦ ᠪᠠᠷ ᠴᠢᠩᠭ᠎ᠠ ᠭᠤᠤᠯᠳᠠᠭᠤᠯᠵᠤ᠂ ︽ᠲᠦᠷᠪᠡᠨ ᠠᠭᠤᠤ ᠶᠡᠭᠡ︾᠎ ᠶᠢ ᠶᠡᠷᠦᠩᠬᠡᠶᠢᠯᠡᠨ ᠡᠵᠡᠮᠳᠡᠵᠤ᠂ ᠰᠢᠨ᠎ᠠ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠬᠦᠨᠵᠡᠭᠡᠢ ᠲᠤᠳᠤᠷᠬᠠᠶᠢᠯᠠᠨ ᠦᠭᠦᠯᠡᠵᠤ᠂ ᠨᠠᠮ ᠤᠨ ᠪᠠᠶᠢᠭᠤᠯᠤᠯᠳᠠ ᠪᠤᠯᠤᠨ ᠵᠤᠬᠢᠶᠠᠨ ᠪᠠᠶᠢᠭᠤᠯᠬᠤ ᠠᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠪᠡ᠂ ᠡᠨᠡ ᠨᠢ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠪᠠ ᠵᠤᠬᠢᠶᠠᠨ ᠪᠠᠶᠢᠭᠤᠯᠬᠤ ᠠᠵᠢᠯ ᠢ ᠬᠦᠳᠦᠯᠦᠨ ᠵᠢᠯᠤᠭᠤᠳᠬᠤ ᠬᠦᠳᠦᠯᠪᠤᠷᠢ ᠶᠢᠨ ᠴᠢᠨᠠᠷᠳᠠᠢ ᠲᠤᠯᠭᠤᠷ ᠪᠢᠴᠢᠭ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠢᠯᠠᠩᠭᠤᠶ᠎ᠠ ᠵᠤᠬᠢᠶᠠᠨ ᠪᠠᠶᠢᠭᠤᠯᠬᠤ ᠹᠷᠤᠨᠲ ᠤᠨ ᠬᠢᠨ ᠪᠦᠬᠦ ᠤᠯᠤᠰ ᠤᠨ ᠵᠤᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠎ ᠤᠨ ᠨᠠᠮ ᠤᠨ ᠪᠠᠶᠢᠭᠤᠯᠤᠯᠳᠠ ᠪᠠ ᠵᠤᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠲᠤᠭᠤᠷᠢᠨ ᠳᠤ᠂ ᠵᠤᠬᠢᠶᠠᠨ ᠪᠠᠶᠢᠭᠤᠯᠤᠯᠳᠠ ᠶᠢᠨ ᠰᠢᠰᠲ᠋ᠧᠮᠵᠢ ᠎ ᠶᠢᠨ ᠴᠤᠬᠴᠠᠯᠠᠯᠳᠠ ᠶᠢ ᠲᠤᠪᠤᠶᠢᠯᠭᠠᠨ ᠰᠠᠶᠢᠳᠤᠷ ᠠᠳᠬᠤᠵᠦ᠂ ᠦᠨᠳᠦᠷ ᠬᠡᠪ ᠪᠤᠯᠪᠠᠰᠤᠷᠠᠯ ᠪᠦᠬᠦᠢ ᠺᠠᠳ᠋ᠷ ᠤᠨ ᠡᠩᠨᠡᠭᠡ ᠪᠠ ᠰᠢᠯᠢᠳᠡᠭ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠲᠦᠷᠭᠡᠳᠭᠡᠵᠤ᠂ ᠵᠠᠯᠠᠭᠤ ᠺᠠᠳ᠋ᠷ ᠤᠨ ᠠᠵᠢᠯ ᠢ ᠰᠠᠶᠢᠳᠤᠷ ᠬᠢᠭᠦ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠪᠤᠯᠤᠨ ᠵᠤᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠬᠡᠯᠰᠢᠭᠦᠯᠭᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠬᠡᠷᠡᠭᠳᠡᠢ ᠭᠡᠵᠡᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠪᠠᠷ ᠠᠭᠤᠯᠭ᠎ᠠ ᠪᠤᠯᠭᠠᠬᠰᠠᠨ ᠵᠢᠷᠭᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠭᠰᠡᠨ ᠪᠦᠭᠡᠳ ᠡᠭᠦᠨ ᠢᠶᠠᠷ ᠨᠠᠮ ᠤᠨ 97 ᠨᠠᠰᠤᠨ ᠤ ᠪᠠᠶᠠᠷ ᠤᠨ ᠡᠳᠦᠷ ᠢ ᠪᠡᠯᠭᠡᠯᠡᠭᠰᠡᠨ ᠨᠢ ᠬᠦᠨ ᠬᠦᠨᠵᠡᠭᠡᠢ ᠤᠳᠬ᠎ᠠ ᠠᠭᠤᠯᠭ᠎ᠠ ᠲᠠᠢ ᠪᠦᠭᠡᠳ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠤᠯᠤᠰ ᠲᠦᠷᠦ ᠶᠢᠨ ᠪᠠᠶᠢᠭᠤᠯᠤᠯᠳᠠ ᠬᠡᠭᠦ ᠡᠨᠡᠭᠦ ᠨᠠᠮ ᠤᠨ ᠦᠨᠳᠦᠰᠦᠨ ᠴᠢᠨᠠᠷᠳᠠᠢ ᠪᠠᠶᠢᠭᠤᠯᠤᠯᠳᠠ ᠶᠢ ᠪᠦᠬᠦ ᠲᠠᠯ᠎ᠠ ᠪᠠᠷ ᠰᠠᠶᠢᠳᠤᠷ ᠠᠳᠬᠤᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠪᠦᠬᠦ ᠲᠠᠯ᠎ᠠ ᠪᠠᠷ ᠨᠠᠮ ᠎ ᠢ ᠴᠢᠩᠭ᠎ᠠ ᠵᠠᠰᠠᠬᠤ ᠠᠵᠢᠯ ᠲᠠᠰᠤᠷᠠᠯᠳᠠ ᠦᠭᠡᠢ ᠰᠢᠨ᠎ᠠ ᠠᠮᠵᠢᠯᠳᠡ ᠤᠯᠬᠤ ᠶᠢ ᠶᠡᠷᠦᠩᠬᠡᠶᠢᠯᠡᠨ ᠵᠢᠯᠤᠭᠤᠳᠤᠭᠤᠯᠬᠤ ᠬᠡᠷᠡᠭᠳᠡᠢ᠃ ᠢᠯᠠᠩᠭᠤᠶ᠎ᠠ ᠵᠦᠪ ᠤᠯᠤᠰ ᠲᠦᠷᠦ ᠶᠢᠨ ᠴᠢᠭᠯᠡᠯ ᠢ ᠢᠮᠠᠬᠳᠠ ᠡᠵᠡᠮᠳᠡᠵᠤ᠂ ᠨᠠᠮ ᠤᠨ ᠤᠯᠤᠰ ᠲᠦᠷᠦ ᠶᠢᠨ ᠤᠳᠤᠷᠢᠳᠤᠯᠭ᠎ᠠ ᠶᠢ ᠴᠢᠩᠭ᠎ᠠ ᠪᠠᠷᠢᠮᠳᠠᠯᠠᠨ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ︽ᠬᠤᠶᠠᠷ ᠢ ᠡᠷᠡᠰ ᠬᠠᠮᠠᠭᠠᠯᠠᠬᠤ︾᠎ ᠶᠢ ᠲᠡᠷᠢᠭᠦᠨ ᠴᠢᠬᠤᠯᠠ ᠡᠭᠦᠷᠭᠡ ᠪᠠᠨ ᠪᠤᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠶᠢᠨ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠎ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ ᠭᠡᠵᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠠᠢ ᠤᠯᠤᠰ ᠤᠨ ᠫᠦᠺᠧᠳ᠋ ᠤᠨ ᠵᠤᠭᠠᠴᠠᠯ ᠤᠨ ᠤᠩᠭᠤᠴᠠ ᠬᠦᠷᠪᠡᠭᠰᠡᠨ ᠠᠳᠡᠯ ᠳᠤ ᠦᠭᠭᠦᠭᠰᠡᠨ ᠴᠢᠬᠤᠯᠠ ᠵᠢᠭᠠᠪᠤᠷᠢ ᠪᠤᠯᠤᠨ ᠶᠡᠷᠦᠩᠬᠡᠢ ᠰᠠᠶᠢᠳ ᠯᠢ ᠺᠧ ᠴᠢᠶᠠᠩ ᠎ ᠤᠨ ᠴᠤᠬᠤᠯᠠᠪᠤᠷᠢ ᠶᠢ ᠤᠯᠠᠮᠵᠢᠯᠠᠨ ᠰᠤᠷᠤᠯᠴᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠡᠶᠢᠳᠡᠪᠦᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠳᠦᠮᠵᠢᠳᠡᠢ ᠰᠡᠷᠬᠡᠶᠢᠯᠡᠨ ᠬᠤᠷᠢᠬᠯᠠᠵᠤ᠂ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠤᠬᠤᠯᠠᠪᠤᠷᠢ ᠵᠢᠴᠢ ᠪᠦᠬᠦ ᠤᠯᠤᠰ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠎ ᠤᠨ ᠵᠡᠭᠦᠨ ᠪᠠᠷᠠᠭᠤᠨ ᠤᠷᠤᠨ ᠤ ᠶᠠᠳᠠᠭᠤ ᠶᠢ ᠲᠡᠳᠭᠦᠭᠦ ᠬᠠᠮᠵᠢᠯᠴᠠᠭᠠᠨ ᠤ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠤ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ︵2018 — 2022 ᠤᠨ︶︾ ᠪᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠭᠦ ᠰᠠᠨᠠᠯ ︵2018 — 2020 ᠤᠨ︶︾᠎ ᠢ ᠰᠤᠳᠤᠯᠪᠠ᠃      ᠬᠤᠷᠠᠯ ᠠᠴᠠ ᠴᠡᠷᠢᠭ ᠠᠴᠠ ᠬᠠᠯᠠᠬᠳᠠᠬᠰᠠᠳ ᠤᠨ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ  ᠎ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠵᠠᠢ᠃     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号