ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠠᠷᠤᠯᠲᠠ 747.7%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2018-07-11
      ᠥᠪᠥᠷ ᠮᠣᠩᠭᠤᠯ ᠤᠨ ᠰᠢᠨ᠎ᠡ ᠦᠢᠯᠡᠳᠬᠦᠨ ᠤ ᠨᠡᠮᠡᠭᠳᠡᠯ ᠰᠢᠷᠤᠭᠦᠨ ᠪᠠᠶᠢᠵᠤ᠂ ᠰᠢᠨ᠎ᠡ ᠡᠨᠧᠷᠭᠢ ᠶᠢᠨ  ᠮᠠᠰᠢᠨ ᠲᠡᠷᠭᠡᠨ ᠤ ᠭᠠᠷᠤᠯᠲᠠ 747.7%᠎ ᠪᠠᠷ ᠨᠡᠮᠡᠭᠳᠡᠪᠡ᠃       ᠦᠯᠡᠭᠦᠳᠡᠭᠰᠡᠨ ᠦᠶᠯᠡᠳᠪᠦᠷᠢᠯᠡᠬᠦ ᠴᠢᠳᠠᠪᠤᠷᠢ ᠶᠢ ᠦᠭᠡᠶᠢᠰᠬᠡᠬᠦ ᠪᠠᠷ 22 ᠨᠡᠭᠦᠷᠡᠰᠦᠨ ᠠᠭᠤᠷᠬᠠᠶ ᠤᠬᠤᠷᠢᠨ ᠭᠠᠷᠴᠤ  ᠲᠥᠯᠥᠪᠯᠡᠭᠡ ᠠᠴᠠ 11 ᠢᠯᠡᠭᠦᠦ ᠤᠬᠤᠷᠢᠵᠤ ᠭᠠᠷᠤᠭᠰᠠᠨ ᠪᠠᠶᠢᠨ᠎ᠠ       ᠲᠤᠭ᠎ᠠ ᠪᠠᠷᠢᠮᠲᠠ ᠪᠠᠷ᠂ ᠪᠦᠬᠦ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠭᠦᠨᠵᠡᠭᠡᠢ ᠠᠬᠢᠭᠳᠠᠵᠤ᠂ ᠦᠯᠡᠭᠦᠳᠡᠭᠰᠡᠨ ᠦᠶᠯᠡᠳᠪᠦᠷᠢᠯᠡᠬᠦ ᠴᠢᠳᠠᠪᠤᠷᠢ ᠶᠢ ᠦᠭᠡᠶᠢᠰᠬᠡᠬᠦ ᠲᠠᠯ᠎ᠠ ᠪᠠᠷ᠂ 22 ᠨᠡᠭᠦᠷᠡᠰᠦᠨ ᠠᠭᠤᠷᠬᠠᠶ ᠤᠬᠤᠷᠢᠨ ᠭᠠᠷᠴᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ1110 ᠲᠦᠮᠡᠨ ᠲᠣᠨ ᠪᠠᠶᠢᠵᠤ᠂ ᠲᠥᠯᠥᠪᠯᠡᠭᠡ ᠠᠴᠠ 11 ᠨᠡᠭᠦᠷᠡᠰᠦᠨ ᠠᠭᠤᠷᠬᠠᠶ ᠢᠯᠡᠭᠦᠦ ᠤᠬᠤᠷᠢᠨ ᠭᠠᠷᠴᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 705 ᠲᠦᠮᠡᠨ ᠲᠣᠨ ᠪᠣᠯᠣᠨ᠎ᠠ︔ 200 ᠲᠦᠮᠡᠨ ᠲᠣᠨ ᠤ ᠪᠤᠯᠤᠳ ᠲᠡᠮᠤᠷ᠂ 250 ᠲᠦᠮᠡᠨ ᠲᠣᠨ ᠤ ᠴᠠᠬᠢᠯᠭᠠᠨ ᠢᠶᠠᠷ ᠵᠠᠳᠠᠯᠬᠤ ᠬᠥᠩᠭᠡᠨᠴᠠᠭᠠᠨ ᠰᠣᠯᠢᠪᠠ᠃ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ ᠲᠠᠯ᠎ᠠ ᠪᠠᠷ᠂ 5 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂  ᠬᠤᠳᠠᠯᠳᠤᠬᠤ ᠪᠠᠷ ᠪᠠᠶᠢᠭ᠎ᠠ ᠲᠠᠸᠠᠷ ᠤᠨ ᠬᠡᠷ ᠪᠠᠶᠢᠰᠢᠩ ᠤᠨ ᠲᠠᠯᠠᠪᠠᠶ 1.5%᠎ ᠪᠠᠷ ᠪᠠᠭᠤᠷᠠᠭᠰᠠᠨ ᠪᠠᠶᠢᠨ᠎ᠠ᠃ ᠬᠦᠰᠢᠬᠦᠷᠭᠡ ᠶᠢ ᠦᠭᠡᠶᠢᠰᠬᠡᠬᠦ ᠲᠠᠯ᠎ᠠ ᠪᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠦᠷᠦᠩᠭᠡ ᠶᠢᠨ ᠥᠷᠢᠲᠦᠯ ᠤᠨ ᠨᠤᠷᠮ᠎ᠠ ᠨᠢ 1.7 ᠵᠠᠭᠤᠨ ᠤ ᠴᠡᠭ ᠢᠶᠠᠷ ᠳᠣᠷᠣᠭᠰᠢᠯᠠᠵᠠᠢ᠃ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ᠂ ᠲᠦᠷᠦᠭᠦᠦ 5 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠦᠬᠦᠷᠢᠭ ᠪᠦᠷᠢ ᠶᠢᠨ ᠭᠤᠣᠯ ᠡᠵᠡᠩᠨᠡᠯᠲᠡ ᠶᠢᠨ ᠣᠷᠣᠯᠭ᠎ᠠ ᠶᠢᠨ ᠥᠪᠡᠷ ᠤᠨ ᠥᠷᠲᠡᠭ 1.1 ᠲᠦᠬᠦᠷᠢᠭ ᠢᠶᠠᠷ ᠪᠠᠭᠤᠷᠠᠵᠤ᠂ ᠪᠥᠬᠦ ᠤᠯᠤᠰ ᠤᠨ ᠳᠤᠮᠳᠠᠴᠢ 7.5 ᠲᠥᠭᠦᠷᠢᠭ ᠠᠴᠠ ᠳᠣᠣᠷ᠎ᠠ ᠪᠣᠯᠵᠠᠢ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ᠂ ᠳᠡᠭᠡᠳᠦ ᠬᠠᠭᠠᠰ ᠵᠢᠯ ᠳᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡ᠊ᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 68.7%᠎ ᠶᠢ ᠡᠵᠡᠯᠡᠵᠦ᠂ ᠨᠢᠭᠡᠳᠦᠭᠡᠷ ᠤᠯᠠᠷᠢᠯ ᠤᠨ ᠎ ᠬᠢ ᠠᠴᠠ 0.3 ᠵᠠᠭᠤᠨ ᠤ ᠴᠡᠭ ᠳᠡᠭᠡᠭᠰᠢᠯᠡᠪᠡ᠃       ᠥᠪᠥᠷ ᠮᠣᠩᠭᠤᠯ ᠤᠨ ᠰᠢᠨ᠎ᠡ ᠦᠢᠯᠡᠳᠬᠦᠨ ᠤ ᠨᠡᠮᠡᠭᠳᠡᠯ ᠰᠢᠷᠤᠭᠦᠨ ᠪᠠᠶᠢᠵᠤ᠂ ᠰᠢᠨ᠎ᠡ ᠡᠨᠧᠷᠭᠢ ᠶᠢᠨ  ᠮᠠᠰᠢᠨ ᠲᠡᠷᠭᠡᠨ ᠤ ᠭᠠᠷᠤᠯᠲᠠ 747.7%᠎ ᠪᠠᠷ ᠨᠡᠮᠡᠭᠳᠡᠪᠡ       ᠲᠤᠭ᠎ᠠ ᠪᠠᠷᠢᠮᠲᠠ ᠠᠴᠠ ᠦᠵᠡᠪᠡᠯ᠂ ᠪᠦᠬᠦ ᠣᠷᠣᠨ ᠤ ᠰᠢᠨ᠎ᠡ ᠦᠢᠯᠡᠳᠬᠦᠨ ᠨᠡᠮᠡᠭᠳᠡᠵᠦ᠂ ᠨᠡᠷᠡᠨ ᠡᠨᠧᠷᠭᠢ ᠶᠢᠨ ᠴᠠᠬᠢᠯᠭᠠᠨ ᠴᠡᠨᠡᠭ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠶᠢᠨ ᠡᠳ᠋ ᠤᠨ ᠦᠢᠯᠡᠳᠬᠦᠨ᠂ ᠰᠢᠨ᠎ᠡ ᠡᠨᠧᠷᠭᠢ ᠶᠢᠨ ᠮᠠᠰᠢᠨ ᠲᠡᠷᠭᠡ ᠲᠤᠰ ᠲᠤᠰ 16.3%᠂ 28.7% ᠪᠠ 747.7%  ᠨᠡᠮᠡᠭᠳᠡᠪᠡ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠮᠠᠰᠢ ᠲᠦᠷᠭᠡᠨ ᠬᠥᠭᠵᠢᠵᠦ᠂ ᠲᠦᠷᠭᠡᠨ ᠢᠯᠡᠬᠡᠮᠵᠢ ᠶᠢᠨ ᠦᠶᠯᠡᠰ ᠤᠨ ᠠᠵᠢᠯ ᠤᠨ ᠬᠡᠮᠵᠢᠶ᠎ᠡ᠂ ᠲᠣᠬᠠᠶᠢᠯᠠᠭᠰᠠᠨ ᠠᠵᠢᠯ ᠤᠨ ᠣᠷᠣᠯᠭ᠎ᠠ ᠲᠣᠰ ᠲᠣᠰ 46.5% ᠪᠠ 33.9% ᠨᠡᠮᠡᠭᠳᠡᠵᠡᠢ︔ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ 172.2%  ᠨᠡᠮᠡᠭᠳᠡᠨ᠂ ᠲᠣᠭᠲᠠᠮᠠᠯ᠂ ᠰᠢᠯᠵᠢᠮᠡᠯ ᠢᠨᠲ᠋ᠧᠷ ᠰᠦᠯᠵᠢᠶᠡᠨ ᠤ ᠭᠦᠢᠯᠭᠡᠭᠡᠨᠲᠦ ᠲᠤᠭ᠎ᠠ ᠲᠤᠰ ᠲᠤᠰ41.8%  ᠪᠠ 281.5% ᠨᠡᠮᠡᠭᠳᠡᠵᠡᠢ᠃      ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠨ᠂ ᠲᠤᠰᠬᠠᠶ ᠠᠰᠢᠭ ᠤᠨ ᠭᠤᠶᠤᠴᠢᠯᠠᠯ59.1%  ᠨᠡᠮᠡᠭᠳᠡᠪᠡ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠲᠠᠪᠴᠠᠩ ᠤᠨ ᠴᠢᠳᠠᠪᠤᠷᠢ ᠤᠯᠠᠮ ᠨᠢᠭᠡ ᠠᠯᠬᠤᠮ ᠪᠦᠷᠢᠨᠰᠢᠵᠦ᠂ ᠮᠡᠷᠭᠡᠵᠢᠯ ᠤᠨ  ᠰᠣᠯᠢᠯᠴᠠᠭ᠎ᠠ 421 ᠵᠦᠢᠯ ᠳᠤ ᠬᠦᠷᠴᠦ᠂ ᠭᠡᠷ᠎ᠡ ᠶᠢᠨ ᠠᠷᠠᠯᠵᠢᠶᠠᠯᠠᠭᠰᠠᠨ ᠲᠤᠭ᠎ᠠ 4.2 ᠳ᠋ᠦᠩᠰᠢᠭᠤᠷ ᠲᠥᠭᠦᠷᠢᠭ ᠲᠤ ᠬᠦᠷᠪᠡ᠃ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠰᠤᠳᠤᠯᠭᠠᠨ ᠤ ᠲᠥᠪ ᠪᠠ ᠢᠨᠵᠧᠨᠧᠷᠢᠩ ᠤᠨ ᠲᠤᠷᠰᠢᠯᠲᠠ ᠶᠢᠨ ᠲᠠᠰᠤᠭ 14 ᠡᠷᠦᠬᠡ ᠶᠢ ᠰᠢᠨ᠎ᠡ ᠪᠠᠷ ᠮᠠᠭᠠᠳᠯᠠᠨ ᠦᠨᠡᠮᠰᠢᠪᠡ᠃ ᠬᠥᠬᠡᠬᠤᠲᠠ ᠳᠤ ᠪᠦᠬᠦ ᠤᠯᠤᠰ ᠲᠤ ᠠᠩᠬᠠᠳᠠᠭᠴᠢ ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠠᠷᠭ᠎ᠠ ᠪᠠᠷ ᠪᠡᠯᠡ ᠴᠤᠭᠯᠠᠭᠤᠯᠬᠤ ᠳᠥᠷᠪᠡᠨ ᠵᠠᠬ᠎ᠠ ᠳᠡᠯᠭᠡᠭᠦᠷ ᠪᠠᠶᠢᠭᠤᠯᠪᠠ᠃ ᠲᠦᠷᠦᠭᠦᠦ 5 ᠰᠠᠷ᠎ᠠ ᠳᠤ᠂ ᠪᠥᠬᠦ ᠣᠷᠣᠨ ᠤ  ᠲᠤᠰᠬᠠᠶ ᠠᠰᠢᠭ ᠤᠨ ᠭᠤᠶᠤᠴᠢᠯᠠᠯ 6887 ᠪᠣᠯᠵᠤ᠂ 59.1% ᠎ ᠢᠶᠠᠷ ᠨᠡᠮᠡᠭᠳᠡᠪᠡ︔  ᠲᠤᠰᠬᠠᠶ ᠠᠰᠢᠭ ᠤᠨ ᠡᠷᠬᠡ ᠣᠯᠭᠤᠯᠲᠠ 3903 ᠪᠣᠯᠵᠤ᠂ 74.9% ᠨᠡᠮᠡᠭᠳᠡᠪᠡ︔ ᠲᠦᠮᠡᠨ ᠬᠥᠮᠦᠨ ᠪᠦᠷᠢ ᠳᠤ 1.86 ᠡᠭᠦᠳᠦᠯᠲᠡ ᠶᠢᠨ ᠲᠤᠰᠬᠠᠶ ᠠᠰᠢᠭ ᠨᠣᠭᠲᠠᠵᠤ᠂ ᠳᠡᠭᠡᠷ᠎ᠡ ᠵᠢᠯ ᠤᠨ ᠡᠴᠦᠰ ᠤᠨ ᠬᠢ ᠠᠴᠠ 0.07  ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号