2018 ᠣᠨ ᠤ ᠳᠡᠭᠡᠷ᠎ᠡ ᠬᠠᠭᠠᠰ ᠵᠢᠯ ᠳᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠲᠤᠭ᠎ᠠ ᠪᠦᠷᠢᠳᠬᠡᠯ ᠢ | ᠦᠨᠳᠦᠰᠦᠯᠡᠪᠡᠯ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ 3021 | ᠡᠷᠦᠬᠡ᠂ ᠳᠠᠩᠰᠠᠯᠠᠭᠤᠯᠤᠭᠰᠠᠨ ᠪᠡᠯᠡ ᠮᠥᠩᠭᠦ ᠨᠢ 259.76 ᠳ᠋ᠦᠩᠰᠢᠭᠤᠷ ᠲᠥᠭᠦᠷᠢᠭ ᠲᠤ ᠬᠦᠷᠴᠦ᠂ | ᠳᠠᠩᠰᠠᠯᠠᠭᠤᠯᠤᠭᠰᠠᠨ ᠪᠡᠯᠡ ᠮᠥᠩᠭᠦ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ 129.53%ᠨᠡᠮᠡᠭᠳᠡᠵᠡᠢ︔ | ᠡᠭᠦᠨ ᠳᠤ᠂ ᠠᠵᠤ ᠠᠬᠤᠶᠢᠯᠠᠯ 1922 ᠡᠷᠦᠬᠡ᠂ ᠳᠠᠩᠰᠠᠯᠠᠭᠤᠯᠤᠭᠰᠠᠨ ᠪᠡᠯᠡ ᠮᠥᠩᠭᠦ ᠨᠢ 257.91 ᠲᠥᠭᠦᠷᠢᠭ | ᠲᠤ ᠬᠦᠷᠴᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠡᠯᠡ ᠮᠥᠩᠭᠦ ᠨᠢ ᠠᠳᠠᠯᠢ ᠬᠤᠭᠤᠴᠠᠭᠠᠨ ᠤ ᠬᠢ ᠠᠴᠠ | 132.08% ᠨᠡᠮᠡᠭᠳᠡᠵᠡᠢ᠃ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠡᠯᠡ ᠮᠥᠩᠭᠦ ᠶᠢᠨ | ᠶᠡᠷᠦᠩᠬᠡᠶ ᠲᠤᠭ᠎ᠠ ᠳᠠᠰᠤᠷᠠᠯᠳᠠ ᠦᠬᠡᠢ ᠳᠡᠭᠡᠭᠰᠢᠯᠡᠵᠦ ᠪᠠᠶᠢᠬᠤ ᠭᠤᠣᠯ ᠰᠢᠯᠲᠠᠭᠠᠨ ᠪᠣᠯ᠄ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ︽ᠡᠷᠬᠡ ᠶᠢ | ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠢᠨ ᠲᠤᠭᠤᠷᠢᠨ ᠳᠤ᠂ | ᠠᠵᠤ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠤᠷᠢᠳ ᠬᠤᠵᠢᠳ ᠳᠠᠩᠰᠠᠯᠠᠭᠤᠯᠤᠭᠰᠠᠨ ᠬᠦᠷᠦᠩᠭᠡ ᠶᠢ ᠦᠨᠡᠮᠰᠢᠨ ᠲᠤᠰᠢᠶᠠᠬᠤ ᠲᠦᠷᠢᠮ᠂ | ᠣᠨ ᠤ ᠪᠠᠶᠢᠴᠠᠭᠠᠯᠲᠠ ᠶᠢ ᠵᠢᠯ ᠤᠨ ᠮᠡᠳᠡᠭᠦᠯᠦᠯᠲᠡ ᠪᠤᠯᠭᠠᠨ ᠦᠭᠡᠷᠡᠴᠢᠯᠡᠬᠦ ᠲᠦᠷᠢᠮ ᠢ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠲᠠᠯᠠᠪᠤᠷ ᠭᠠᠵᠠᠷ ᠤᠨ ᠨᠦᠭᠦᠴᠡᠯ ᠢ ᠠᠭᠤᠵᠢᠭᠤ ᠲᠠᠯᠪᠢᠵᠤ᠂ | ︽ᠤᠷᠢᠳᠠᠪᠠᠷ ᠡᠵᠡᠩᠨᠡᠯᠲᠡ ᠶᠢᠨ ᠦᠨᠡᠮᠯᠡᠯ ᠣᠯᠵᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾᠂ ︽ | ᠭᠤᠷᠪᠠᠨ ᠦᠨᠡᠮᠯᠡᠯ ᠢ ᠨᠢᠭᠡᠳᠬᠡᠬᠦ︾᠂ ︽ᠲᠠᠪᠤᠨ ᠦᠨᠡᠮᠯᠡᠯ ᠢ ᠨᠢᠭᠡᠳᠬᠡᠬᠦ︾᠂ ︽ᠣᠯᠠᠨ ᠦᠨᠡᠮᠯᠡᠯ ᠢ ᠨᠢᠭᠡᠳᠬᠡᠬᠦ︾ | ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠳᠤ ᠴᠡᠪᠡᠷ ᠠᠰᠢᠭ ᠤᠯᠭᠤᠬᠤ ᠶᠢ ᠦᠷᠭᠦᠯᠵᠢᠯᠡᠨ ᠬᠥᠭᠵᠢᠭᠡᠵᠦ᠂ ᠵᠠᠬ᠎ᠠ ᠳᠡᠯᠭᠡᠭᠦᠷ ᠲᠤ ᠤᠷᠤᠬᠤ | ᠵᠥᠪᠰᠢᠶᠡᠷᠡᠯ ᠤᠨ ᠪᠠᠷᠢᠮᠵᠢᠶ᠎ᠠ ᠶᠢ ᠤᠯᠠᠮ ᠳᠣᠣᠷ᠎ᠠ᠂ ᠦᠨᠡᠮᠯᠡᠯ ᠭᠦᠶᠴᠡᠳᠬᠡᠬᠦ ᠶᠢ ᠨᠡᠩ ᠳᠥᠭᠦᠮ ᠳᠥᠲᠡ ᠪᠤᠯᠭᠠᠵᠤ᠂ | ︽ᠥᠪᠥᠷ ᠮᠣᠩᠭᠤᠯ︾᠂ ︽ᠠᠯᠠᠱᠠ ᠠᠶᠢᠮᠠᠭ︾ ᠭᠡᠮᠡᠨ ᠮᠠᠯᠠᠭᠠᠶᠢᠳᠠᠭᠰᠠᠨ ᠠᠵᠤ ᠠᠬᠤᠶᠢᠯᠠᠯ ᠤᠨ ᠬᠦᠷᠦᠩᠭᠡ | ᠳᠠᠩᠰᠠᠯᠠᠭᠤᠯᠬᠤ ᠬᠢᠵᠠᠭᠠᠷᠯᠠᠯ ᠢ ᠬᠦᠴᠦᠨ ᠦᠭᠡᠢ ᠪᠣᠯᠭᠠᠬᠤ ᠵᠡᠷᠭᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ | ᠶᠢᠨ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠤᠨ ᠭᠤᠣᠯ ᠴᠤᠭᠴᠠ ᠳᠤ ᠵᠥᠪᠰᠢᠶᠡᠷᠡᠨ ᠣᠷᠣᠭᠤᠯᠬᠤ ᠬᠤᠷᠢᠭ᠎ᠠ | ᠪᠠᠷᠢᠮᠵᠢᠶ᠎ᠠ ᠶᠢ ᠪᠦᠲᠦᠮᠵᠢᠲᠡᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ | ᠪᠠᠶᠢᠨ᠎ᠠ᠃ | ᠤᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠷᠭᠡᠨ | ᠬᠤᠷᠳᠤᠴᠠ ᠶᠢᠨ ᠱᠠᠲᠤᠨ ᠳᠤ ᠤᠷᠤᠵᠦ᠂ ᠪᠦᠬᠦ ᠶᠠᠪᠤᠴᠠ ᠳᠤ ᠴᠠᠭᠠᠰᠤ ᠦᠯᠦ ᠬᠡᠷᠡᠭᠯᠡᠬᠦ ᠡᠯᠧᠺᠲᠷᠤᠨᠴᠢᠯᠠᠭᠰᠠᠨ | ᠳᠠᠩᠰᠠᠯᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠪᠠᠶᠢᠨ᠎ᠠ᠃ ᠤᠯᠠᠮᠵᠢᠯᠠᠯᠲᠤ ᠴᠤᠩᠬᠤᠪᠴᠢ ᠳᠤ | ᠳᠠᠩᠰᠠᠯᠠᠭᠤᠯᠬᠤ ᠶᠢ ᠬᠤᠪᠢᠷᠠᠭᠤᠯᠬᠤ ᠦᠭᠡᠢ ᠪᠠᠶᠢᠬᠤ ᠰᠠᠭᠤᠷᠢᠨ ᠳᠡᠭᠡᠷ᠎ᠡ᠂ ᠪᠡᠶ᠎ᠡ ᠶᠢᠨ ᠬᠢᠷᠢ ᠬᠡᠮ ᠢ ᠰᠢᠯᠭᠠᠨ | ᠪᠠᠲᠤᠯᠠᠬᠤ᠂ ᠡᠯᠧᠺᠲᠷᠣᠨ ᠭᠠᠷ ᠤᠨ ᠦᠰᠦᠭ ᠵᠢᠷᠤᠬᠤ᠂ ᠡᠯᠧᠺᠲᠷᠣᠨ ᠳᠠᠩᠰᠠ ᠡᠪᠬᠡᠮᠡᠯ ᠢ ᠬᠠᠮᠢᠶᠠᠷᠬᠤ ᠵᠡᠷᠭᠡ | ᠴᠢᠳᠠᠮᠵᠢ ᠲᠠᠢ᠂ ᠪᠦᠬᠦ ᠣᠷᠣᠨ ᠬᠡᠪᠴᠢᠶ᠎ᠡ᠂ ᠪᠦᠬᠦ ᠲᠥᠷᠥᠯ ᠬᠡᠯᠪᠡᠷᠢ᠂ ᠪᠦᠬᠦ ᠭᠤᠭᠴᠤᠭ᠎ᠠ ᠶᠢ ᠬᠠᠮᠤᠷᠠᠭᠰᠠᠨ ᠪᠦᠬᠦ | ᠶᠠᠪᠤᠴᠠ ᠳᠤ ᠴᠠᠭᠠᠰᠤ ᠦᠯᠦ ᠬᠡᠷᠡᠭᠯᠡᠬᠦ ᠡᠯᠧᠺᠲᠷᠤᠨᠴᠢᠯᠠᠭᠰᠠᠨ ᠳᠠᠩᠰᠠᠯᠠᠯᠲᠠ ᠶᠢᠨ ᠰᠢᠰᠲ᠋ᠧᠮ ᠢ ᠨᠡᠪᠲᠡᠷᠡᠭᠦᠯᠵᠦ᠂ | ᠠᠵᠤ ᠠᠬᠤᠶᠢᠯᠠᠯ ᠤᠨ ᠳᠠᠩᠰᠠᠯᠠᠯ ᠤᠨ ᠪᠦᠬᠦ ᠴᠤᠪᠤᠷᠠᠯ ᠢ ᠰᠢᠭᠤᠳ ᠢᠨᠲ᠋ᠧᠷ ᠰᠦᠯᠵᠢᠶ᠎ᠡ ᠪᠠᠷ ᠳᠠᠮᠵᠢᠭᠤᠯᠤᠨ | ᠭᠦᠢᠴᠡᠳᠬᠡᠵᠦ ᠪᠤᠯᠬᠤ ᠪᠤᠯᠭᠠᠵᠠᠢ᠃ | 2018 ᠤᠨ ᠤ 8 ᠳ᠋ᠤᠭᠠᠷ ᠰᠠᠷ᠎ᠠ ᠶᠢᠨ 1 ᠤ ᠡᠳᠦᠷ — 9 ᠳ᠋ᠦ᠋ᠭᠡᠷ ᠰᠠᠷ᠎ᠠ ᠶᠢᠨ 30 ᠤ ᠡᠳᠦᠷ ᠠᠴᠠ | ᠬᠤᠶᠢᠰᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ᠂ ᠪᠤᠢ ᠪᠦᠬᠦᠢ ᠵᠠᠬ᠎ᠠ ᠳᠡᠯᠭᠡᠭᠦᠷ ᠤᠨ ᠭᠤᠣᠯ | ᠴᠣᠭᠴᠠ ᠪᠠ ᠪᠦᠭᠦ ᠲᠤᠬᠠᠶᠢᠯᠠᠭᠰᠠᠨ ᠠᠵᠢᠯ ᠢ ᠬᠠᠮᠤᠷᠤᠭᠰᠠᠨ ᠬᠡᠯᠪᠡᠷᠢ ᠶᠢᠨ ᠪᠦᠬᠦ ᠶᠠᠪᠤᠴᠠ ᠳᠤ ᠴᠠᠭᠠᠰᠤ ᠦᠯᠦ | ᠬᠡᠷᠡᠭᠯᠡᠬᠦ ᠡᠯᠧᠺᠲᠷᠤᠨᠴᠢᠯᠠᠭᠰᠠᠨ ᠳᠠᠩᠰᠠᠯᠠᠯᠲᠠ ᠶᠢᠨ ᠳᠦᠷᠢᠮ᠂ ᠬᠢᠨᠠᠨ ᠵᠦᠪᠰᠢᠶᠡᠷᠡᠬᠦ ᠶᠢ ᠰᠢᠭᠤᠳ ᠬᠦᠴᠦᠨ ᠦᠭᠡᠢ | ᠪᠤᠯᠭᠠᠵᠤ᠂ ᠬᠢᠨᠠᠨ ᠵᠦᠪᠰᠢᠶᠡᠷᠡᠬᠦ ᠶᠢ ᠳᠠᠩᠰᠠᠯᠠᠭᠤᠯᠬᠤ ᠪᠤᠯᠭᠠᠨ ᠦᠭᠡᠷᠡᠴᠢᠯᠡᠬᠦ᠂ ᠮᠡᠳᠡᠭᠳᠡᠬᠦ ᠠᠮᠠᠯᠳᠠᠭ᠎ᠠ ᠬᠢᠬᠦ | ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠦᠪᠰᠢᠶᠡᠷᠡᠯ ᠤᠨ ᠢᠯᠡ ᠲᠣᠳᠣ ᠶᠢᠨ ᠬᠡᠮᠵᠢᠶ᠎ᠡ ᠪᠠ ᠵᠢᠱᠢᠯᠲᠡ | ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠤᠭᠡᠷᠡᠴᠢᠯᠡᠯᠲᠡ ᠶᠢᠨ ᠶᠠᠪᠤᠴᠠ ᠳᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ | ᠲᠦᠷᠭᠡᠪᠴᠢᠯᠡᠨ ᠠᠬᠢᠭᠤᠯᠵᠤ᠂ ︽ᠦᠨᠡᠮᠯᠡᠯ ᠭᠡᠷᠡᠴᠢ ᠶᠢ ᠰᠠᠯᠭᠠᠬᠤ︾ ᠪᠠ ︽ᠣᠯᠠᠨ ᠦᠨᠡᠮᠯᠡᠯ ᠢ ᠨᠢᠭᠡᠳᠬᠡᠬᠦ︾ | ᠥᠭᠡᠷᠡᠴᠢᠯᠡᠯᠲᠡ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠪᠤᠯᠤᠨ᠎ᠠ᠃ ᠲᠤᠬᠠᠢ ᠶᠢᠨ ᠦᠶ᠎ᠡ ᠳᠤ᠂ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠠᠮᠢᠳᠤ ᠰᠣᠷᠭᠤᠭ ᠬᠦᠴᠦᠨ ᠴᠢᠳᠠᠯ ᠢ | ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠠᠯᠬᠤᠴᠠ ᠶᠢ ᠲᠦᠷᠭᠡᠳᠬᠦ ᠪᠤᠯᠤᠨ᠎ᠠ᠃ |