ᠪᠦᠬᠦ ᠤᠷᠤᠨ ᠤ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠤᠨ ᠲᠧᠯᠧᠢᠰ ᠳ᠋ᠢᠶᠠᠩᠬᠤᠸᠠ ᠬᠤᠷᠡᠯ ᠬᠢᠪᠡ
ᠨᠡᠶᠢᠲᠡᠯᠡᠭᠰᠡᠨ ᠴᠠᠭ᠄
2018-07-12
    7 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠎ ᠤᠨ ᠤᠷᠳᠤᠨ ᠪᠦᠬᠦ ᠤᠷᠤᠨ ᠤ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠬᠢᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢ ᠪᠠᠶᠢᠷᠢᠯᠠᠭᠤᠯᠤᠬᠰᠠᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠧᠠ ᠬᠤᠷᠠᠯ ᠳᠤ ᠤᠷᠤᠯᠴᠠᠵᠦ ᠶᠠᠷᠢᠶ᠎ᠠ ᠲᠠᠯᠪᠢᠪᠠ᠃      ᠠᠢ ᠯᠢ ᠬᠤᠧᠠ ᠱᠠᠭᠠᠷᠳᠠᠭᠰᠠᠨ ᠨᠢ᠂ ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠤᠯᠭᠠᠵᠤ᠂ ᠵᠢᠭᠤᠯᠴᠢᠯᠠᠯ ᠤᠨ ᠠᠮᠤᠷ ᠲᠦᠪᠰᠢᠨ ᠢ ᠴᠢᠩᠭ᠎ᠠ ᠠᠳᠬᠤᠬᠤ ᠬᠡᠷᠡᠭᠲᠠᠢ︔ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠨ᠂ ᠭᠠᠳᠠᠭᠠᠲᠤ ᠳᠤ ᠭᠠᠷᠬᠤ ᠵᠢᠭᠤᠯᠴᠢᠯᠠᠯ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠴᠢᠩᠭᠠᠳᠬᠠᠵᠦ᠂ ᠪᠠᠭᠰᠢ ᠰᠤᠷᠤᠬᠴᠢᠳ ᠎ ᠤᠨ ᠵᠤᠨ ᠤ ᠠᠮᠠᠷᠠᠯᠲᠠ ᠶᠢᠨ ᠠᠮᠤᠷ ᠲᠦᠪᠰᠢᠨ ᠢ ᠪᠠᠲᠤᠯᠠᠵᠦ᠂ ᠠᠶᠤᠯ ᠶᠡᠬᠡᠲᠠᠢ ᠲᠦᠷᠦᠯ ᠵᠦᠢᠯ ᠤᠨ ᠠᠮᠤᠷ ᠲᠦᠪᠰᠢᠨ ᠢ ᠠᠩᠬᠠᠷᠴᠤ᠂ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠠᠢ︔ ᠠᠵᠢᠯ ᠎ ᠤᠨ ᠬᠠᠷᠢᠭᠤᠴᠠᠯᠭ᠎ᠠ ᠪᠤᠯᠤᠨ ᠬᠢᠨᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠵᠦ᠂ ᠴᠠᠭ ᠠᠭᠤᠷ ᠎ ᠤᠨ ᠭᠠᠮᠰᠢᠭ ᠤᠨ ᠬᠢᠨᠠᠨ ᠬᠡᠮᠵᠢᠯᠲᠠ ᠪᠠ ᠤᠷᠢᠳᠴᠢᠯᠠᠨ ᠰᠡᠷᠭᠡᠶᠢᠯᠡᠯᠲᠠ ᠶᠢ ᠴᠢᠩᠭᠠᠳᠬᠠᠵᠦ᠂ ᠠᠮᠤᠷ ᠲᠦᠪᠰᠢᠨ ᠤ ᠭᠡᠮ ᠰᠤᠭᠤᠭ ᠢ ᠴᠠᠬ ᠲᠤᠬᠠᠢ ᠳᠤᠨᠢ ᠠᠷᠢᠯᠭᠠᠬᠤ ᠪᠡ ᠨᠠᠮᠳᠠᠭᠤᠯᠵᠦ᠂ ᠵᠢᠭᠤᠯᠴᠢᠯᠠᠯ ᠤᠨ ᠠᠮᠤᠷ ᠲᠦᠪᠰᠢᠨ ᠤ ᠰᠡᠷᠬᠡᠶᠢᠯᠡᠯᠲᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠤᠬᠠᠭᠤᠯᠭ᠎ᠠ ᠪᠠ ᠪᠤᠯᠪᠠᠰᠤᠷᠠᠯ ᠤᠨ ᠬᠦᠴᠦᠯᠡᠴᠡ ᠶᠢ ᠨᠡᠮᠡᠭᠳᠡᠬᠦᠯᠦᠨ᠂ ᠵᠢᠭᠤᠯᠴᠢᠯᠠᠯ ᠳᠤ ᠬᠤᠯᠪᠤᠬᠳᠠᠬᠰᠠᠨ ᠡᠯ᠎ᠠ ᠲᠦᠷᠦᠯ ᠤᠨ ᠠᠮᠤᠷ ᠲᠦᠪᠰᠢᠨ ᠤ ᠬᠡᠷᠡᠭ ᠡᠭᠦᠰᠬᠦ ᠶᠢ ᠡᠷᠡᠰ ᠰᠡᠷᠭᠡᠶᠢᠯᠡᠨ ᠬᠤᠷᠢᠬᠯᠠᠵᠦ᠂ ᠪᠦᠬᠦ ᠤᠷᠤᠨ ᠤ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号