ᠦᠪᠦᠷ ᠮᠤᠩᠭᠤᠯ ᠲᠢᠪ ᠤᠨ ᠬᠤᠭᠤᠷᠤᠨᠳᠤᠬᠢ ᠰᠢᠭᠤᠳ ᠬᠦᠷᠬᠦ ᠠᠶᠠᠨᠴᠢᠳ ᠤᠨ ᠵᠦᠬᠡᠬᠡᠪᠦᠷᠢ ᠶᠢᠨ ᠠᠭᠠᠷ ᠎ ᠤᠨ ᠠᠶᠠᠯᠠᠯ ᠤᠨ ᠠᠩᠬᠠᠳᠤᠭᠴᠢ ᠱᠤᠭᠤᠮ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2018-07-12
     7 ᠳ᠋ᠤᠭᠠᠷ ᠰᠠᠷ᠎ᠠ ᠶᠢᠨ 8᠎ ᠤ ᠡᠳᠦᠷ ᠤᠨ 11᠄ 12 ᠮᠢᠨᠦ᠋ᠲ ᠲᠤ᠂ 207 ᠠᠶᠠᠨᠴᠢᠨ ᠠᠴᠢᠬᠰᠠᠨ A330 ᠬᠡᠯᠪᠡᠷᠢ ᠶᠢᠨ ᠠᠶᠠᠨᠴᠢᠳ ᠤᠨ ᠵᠦᠬᠡᠬᠡᠪᠦᠷᠢ ᠶᠢᠨ ᠨᠢᠰᠬᠡᠯ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠴᠦ᠂ ᠤᠷᠤᠰ ᠤᠨ ᠨᠡᠶᠢᠰᠯᠡᠯ ᠮᠤᠰᠺᠧᠨ ᠶᠢ ᠴᠢᠭᠯᠡᠨ ᠨᠢᠰᠪᠡ᠃ ᠡᠨᠡ ᠪᠤᠯ ᠮᠠᠨ ᠤ ᠤᠷᠤᠨ ᠤ ᠨᠡᠪᠲᠡᠷᠡᠬᠦᠯᠦᠭᠰᠡᠨ ᠲᠢᠪ ᠤᠨ ᠬᠤᠭᠤᠷᠤᠨᠳᠤᠬᠢ ᠰᠢᠭᠤᠳ ᠬᠦᠷᠬᠦ ᠠᠶᠠᠨᠴᠢᠳ ᠤᠨ ᠵᠦᠬᠡᠬᠡᠪᠦᠷᠢ ᠶᠢᠨ ᠠᠭᠠᠷ ᠤᠨ ᠠᠶᠠᠯᠠᠯ ᠤᠨ ᠠᠩᠬᠠᠳᠤᠭᠴᠢ ᠱᠤᠭᠤᠮ ᠪᠤᠯᠤᠨ᠎ᠠ᠃       ᠬᠦᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠳᠡᠳ᠋ ᠶᠡᠷᠦᠩᠬᠡᠢ ᠵᠠᠬᠢᠷᠤᠯ ᠰᠤᠩ ᠢ ᠰᠢ ᠶᠢᠨ ᠲᠠᠨᠢᠯᠴᠠᠭᠤᠯᠤᠭᠰᠠᠨ ᠢᠶᠠᠷ᠂ ᠲᠤᠰ ᠠᠭᠠᠷ ᠤᠨ ᠠᠶᠠᠯᠠᠯ ᠤᠨ ᠱᠤᠭᠤᠮ ᠤᠨ ᠨᠢᠰᠬᠦ ᠡᠬᠦᠷᠬᠡ ᠶᠢ ᠲᠢᠶᠠᠨᠵᠢᠨ ᠤ ᠠᠭᠠᠷ ᠤᠨ ᠠᠶᠠᠯᠠᠯ ᠤᠨ ᠺᠤᠮᠫᠠᠨᠢ ᠶᠢᠨ A330 ᠬᠡᠯᠪᠡᠷᠢ ᠶᠢᠨ ᠠᠶᠠᠨᠴᠢᠳ ᠤᠨ ᠵᠦᠬᠡᠬᠡᠪᠦᠷᠢ ᠶᠢᠨ ᠨᠢᠰᠬᠡᠯ ᠬᠦᠢᠴᠡᠳᠬᠡᠵᠦ᠂ ᠨᠢᠰᠬᠡᠯ ᠤᠨ ᠡᠬᠡᠯᠵᠢ ᠶᠢᠨ ᠨᠤᠮᠧᠷ ᠨᠢ GS7947\8᠂ ᠭᠠᠷᠠᠭ ᠪᠦᠷᠢ ᠨᠢᠬᠡ ᠡᠬᠡᠯᠵᠢ ᠶᠢᠨ ᠨᠢᠰᠬᠡᠯ ᠨᠢᠰᠴᠤ᠂ ᠨᠢᠬᠡ ᠡᠬᠡᠯᠵᠢ ᠶᠢᠨ ᠨᠢᠰᠬᠡᠯ ᠳᠤ 252 ᠠᠶᠠᠨᠴᠢᠨ ᠵᠦᠭᠡᠭᠡᠪᠦᠷᠢᠯᠡᠨ᠎ᠡ᠃ ᠲᠤᠰ ᠡᠬᠡᠯᠵᠢ ᠶᠢᠨ ᠨᠢᠰᠬᠡᠯ ᠨᠢ ᠭᠠᠷᠠᠭ ᠤᠨ ᠡᠳᠦᠷ ᠪᠦᠷᠢ ᠶᠢᠨ 11᠄ 00 ︵ᠪᠡᠬᠡᠵᠢᠩ ᠤᠨ ᠴᠠᠬ︶᠎ ᠲᠤ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠴᠤ᠂ ᠲᠤᠰ ᠡᠳᠦᠷ ᠤᠨ 14᠄ 05 ᠮᠢᠨᠦ᠋ᠲ ᠲᠤ ᠮᠤᠰᠺᠧᠨ ᠶᠢᠨ ᠰᠢᠶᠧᠯᠢᠸ᠋ ᠮᠸᠢᠢᠵᠢᠸᠦ᠋ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠦ᠂ ᠲᠤᠬᠠᠢ ᠶᠢᠨ ᠡᠳᠦᠷ ᠤᠨ 16᠄ 20 ︵ᠲᠤᠬᠠᠢ ᠶᠢᠨ ᠭᠠᠵᠠᠷ ᠤᠨ ᠴᠠᠬ︶᠎ ᠲᠤ ᠮᠤᠰᠺᠧᠨ ᠶᠢᠨ ᠰᠢᠶᠧᠯᠢᠸ᠋ ᠮᠸᠢᠢᠵᠢᠸᠦ᠋ ᠤᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠴᠤ᠂ ᠲᠠᠷᠠᠭ᠎ᠠ ᠡᠳᠦᠷ ᠤᠨ 4᠄ 40 ᠮᠢᠨᠦ᠋ᠲ ︵ᠪᠡᠬᠡᠵᠢᠩ ᠤᠨ ᠴᠠᠬ︶᠎ ᠲᠤ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠨ᠎ᠠ᠂ ᠠᠶᠠᠯᠠᠯ ᠤᠨ ᠴᠠᠬ ᠨᠢ ᠪᠠᠷᠤᠭ 8 ᠴᠠᠬ ᠰᠢᠬᠠᠮ ᠬᠡᠷᠡᠭᠰᠡᠨ᠎ᠠ᠃       ᠤᠶᠢᠯᠠᠭᠠᠭᠰᠠᠨ ᠢᠶᠠᠷ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢᠬᠡᠨᠳᠡ ᠤᠯᠠᠭᠠᠨᠪᠠᠭᠠᠳᠤᠷ᠂ ᠪᠠᠩᠺᠦᠺ᠂ ᠫᠦ᠋ᠺᠤᠳ᠋᠂ ᠨᠢᠶᠨ ᠽᠠᠩ ᠵᠡᠷᠬᠡ 4 ᠬᠤᠳᠠ ᠳᠤ ᠤᠯᠠᠨ ᠤᠯᠤᠰ ᠤᠨ ᠠᠭᠠᠷ ᠎ ᠤᠨ ᠠᠶᠠᠯᠠᠯ ᠤᠨ ᠱᠤᠭᠤᠮ ᠨᠡᠪᠲᠡᠷᠡᠬᠦᠯᠦᠭᠰᠡᠨ ᠪᠠ ᠰᠢᠶᠠᠩᠭᠠᠩ᠂ ᠲᠠᠶᠢᠪᠧᠢ 2 ᠬᠤᠳᠠ ᠳᠤ ᠬᠦᠷᠬᠦ ᠭᠠᠵᠠᠷ ᠤᠷᠤᠨ ᠎ ᠤ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠬᠦᠯᠦᠭᠰᠡᠨ ᠪᠠᠶᠢᠨ᠎ᠠ᠃ ᠲᠤᠰ ᠨᠢᠰᠬᠡᠯ ᠤᠨ ᠪᠠᠭᠤᠳᠠᠯ ᠨᠢ ᠪᠠᠰᠠ ᠰᠢᠩᠭᠠᠫᠣᠷ᠂ ᠺᠠᠲᠮᠠᠨᠳᠦ᠋᠂ ᠷᠠᠩᠭᠦ᠋ᠨ ᠵᠡᠷᠭᠡ ᠭᠠᠵᠠᠷ ᠵᠦᠭ ᠨᠢᠰᠬᠦ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠲᠦᠯᠦᠪᠡᠯᠡᠵᠦ᠂ ᠶᠠᠫᠣᠨ ᠺᠣᠷᠢᠶᠠ ᠶᠢᠨ ᠠᠭᠠᠷ ᠤᠨ ᠠᠶᠠᠯᠠᠯ ᠤᠨ ᠱᠤᠭᠤᠮ ᠢ ᠰᠡᠷᠭᠦᠭᠡᠵᠦ᠂ ᠬᠥᠬᠡᠬᠤᠲᠠ ᠠᠴᠠ ᠤᠯᠠᠭᠠᠨᠪᠠᠭᠠᠲᠤᠷ᠂ ᠰᠢᠶᠠᠩᠭᠠᠩ ᠬᠦᠷᠬᠦ ᠠᠭᠠᠷ ᠤᠨ ᠠᠶᠠᠯᠠᠯ ᠤᠨ ᠱᠤᠭᠤᠮ ᠢ ᠨᠢᠭᠲᠠᠷᠠᠭᠤᠯᠵᠤ᠂ ᠣᠷᠣᠰ᠂ ᠮᠣᠩᠭᠤᠯ ᠤᠯᠤᠰ ᠢ ᠬᠤᠯᠪᠤᠯᠴᠠᠨ ᠨᠡᠪᠲᠡᠷᠡᠭᠦᠯᠬᠦ ᠶᠢ ᠪᠠᠶᠢᠭᠤᠯᠤᠨ ᠪᠦᠷᠢᠨᠰᠢᠭᠦᠯᠵᠦ᠂ ᠡᠷᠬᠢᠨ ᠲᠣᠭᠤᠷᠢᠨ ᠤ ᠤᠯᠤᠰ ᠪᠠ ᠭᠠᠵᠠᠷ ᠤᠷᠤᠨ ᠢ ᠨᠦᠯᠦᠭᠡᠯᠡᠬᠦ ᠣᠨᠴᠠᠯᠢᠭ ᠪᠦᠬᠦᠢ ᠣᠷᠣᠨ ᠪᠦᠰᠡ ᠶᠢᠨ ᠠᠭᠠᠷ ᠤᠨ ᠠᠶᠠᠯᠠᠯ ᠤᠨ ᠬᠦᠢᠰᠦ ᠪᠤᠯᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号