ᠥᠪᠥᠷ ᠮᠣᠩᠭᠤᠯ ᠪᠥᠬᠦ ᠣᠷᠣᠨ ᠤ ᠰᠠᠴᠤᠷᠠᠭ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2018/7/12
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ 7 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠪᠦᠭᠦ ᠣᠷᠣᠨ ᠳᠤ ᠰᠠᠴᠤᠷᠠᠭ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠵᠢᠴᠢ ᠰᠢᠯᠵᠢᠮᠡᠯ ᠰᠠᠴᠤᠷᠠᠭ ᠡᠭᠦᠰᠭᠡᠭᠴᠢ ᠶᠢᠨ ᠲᠤᠰᠬᠠᠶ ᠪᠠᠶᠢᠴᠠᠭᠠᠯᠲᠠ ᠬᠢᠬᠦ ᠪᠠᠷ ᠲᠣᠭᠲᠠᠪᠠ᠃      ᠲᠤᠰ ᠤᠳᠠᠭᠠᠨ ᠤ ᠰᠠᠴᠤᠷᠠᠭ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠮᠥᠸᠧ ᠰᠢᠶᠤᠤ ᠯᠢᠶᠠᠨ ᠲᠤᠰᠬᠠᠶ ᠠᠵᠢᠯᠯᠠᠭ᠎ᠠ ᠳᠤ ᠲᠣᠬᠢᠷᠠᠭᠤᠯᠤᠨ ᠪᠠᠶᠢᠷᠢᠯᠠᠭᠤᠯᠤᠯᠲᠠ ᠬᠢᠪᠡ᠃      ᠣᠶᠢᠯᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠳᠤ 4 ᠪᠠᠶᠢᠴᠠᠭᠠᠬᠤ ᠳᠤᠭᠤᠶᠢᠯᠠᠩ ᠲᠣᠬᠢᠷᠠᠭᠤᠯᠵᠤ ᠵᠡᠷᠭᠡᠪᠡᠷ ᠶᠠᠪᠤᠭᠳᠠᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠦᠷᠲᠡᠭᠡ ᠪᠣᠯᠤᠨ ᠡᠯ᠎ᠡ ᠠᠶᠢᠮᠠᠭ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠥᠮᠦᠰ ᠢᠶᠠᠷ ᠪᠦᠷᠢᠯᠳᠦᠵᠦ᠂ ᠡᠯ᠎ᠡ ᠠᠶᠢᠮᠠᠭ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠨᠢ ᠡᠯ᠎ᠡ ᠬᠠᠷᠢᠶ᠎ᠠ ᠣᠷᠣᠨ ᠤ ᠳᠣᠲᠣᠷᠠᠬᠢ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠡ ᠶᠢ ᠵᠣᠬᠢᠶᠠᠨ ᠪᠠᠶᠢᠭᠤᠯᠤᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯᠯᠠᠭ᠎ᠠ ᠥᠷᠨᠢᠭᠦᠯᠬᠦ ᠪᠥᠭᠡᠳ ᠲᠡᠭᠦᠨ ᠳᠤ ᠪᠠᠶᠢᠴᠠᠭᠠᠯᠲᠠ ᠬᠢᠨ᠎ᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠦᠷᠲᠡᠭᠡ ᠪᠣᠯᠤᠨ ᠡᠯ᠎ᠡ ᠠᠶᠢᠮᠠᠭ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠥᠮᠦᠰ ᠲᠣᠰ ᠤᠳᠠᠭ᠎ᠠ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠦᠷᠲᠡᠭᠡ ᠶᠢ ᠵᠣᠬᠢᠶᠠᠨ ᠪᠠᠶᠢᠭᠤᠯᠵᠤ ᠪᠠᠶᠢᠭᠠᠳ ᠠᠵᠢᠯ ᠢᠶᠠᠨ ᠬᠤᠷᠢᠶᠠᠩᠭᠤᠶᠢᠯᠠᠬᠤ ᠪᠥᠭᠡᠳ ᠳ᠋ᠦᠩᠨᠡᠯᠲᠡ ᠶᠢᠨ ᠮᠡᠳᠡᠭᠦᠯᠦᠯᠲᠡ ᠪᠠᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠳᠤ ᠬᠦᠷᠭᠡᠨ᠎ᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠠᠵᠢᠯᠲᠠᠤᠨ ︽ᠪᠦᠬᠦᠨ ᠢ ᠪᠦᠷᠬᠦᠭᠦᠯᠬᠦ᠂ ᠲᠠᠯᠳᠠ ᠭᠡᠮ ᠢ ᠪᠠᠶᠢᠴᠠᠭᠠᠬᠤ᠂ ᠴᠢᠩᠭ᠎ᠠ ᠵᠠᠰᠠᠬᠤ᠂ ᠠᠳᠡᠯ ᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠪᠣᠳᠠᠲᠤ ᠪᠦᠲᠦᠮᠵᠢ ᠶᠢ ᠴᠢᠬᠤᠯᠠᠴᠢᠯᠠᠬᠤ︾ ᠪᠠᠶᠢᠴᠠᠭᠠᠯᠲᠠ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠡ ᠪᠠ ᠰᠠᠴᠤᠷᠠᠭ ᠤᠨ ᠠᠳᠡᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠬᠠᠮᠢᠶ᠎ᠠ ᠪᠦᠬᠦᠢ ᠨᠢᠭᠡᠴᠡ ᠳᠤ ᠪᠦᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠯᠲᠠ ᠬᠢᠬᠦ ᠬᠡᠷᠡᠭᠲᠡᠢ᠃ ᠡᠯ᠎ᠡ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠡ ᠶᠢᠨ ᠰᠠᠴᠤᠷᠠᠭ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠳᠤ ᠬᠢᠨᠠᠯᠲᠠ ᠲᠠᠯᠪᠢᠵᠤ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠠᠵᠢᠯᠯᠠᠵᠤ ᠪᠠᠶᠢᠭ᠎ᠠ ᠬᠥᠮᠦᠰ ᠲᠤ ᠰᠠᠴᠤᠷᠠᠭ ᠤᠨ ᠠᠮᠤᠷ ᠲᠦᠪᠰᠢᠨ ᠤ ᠪᠠ ᠰᠡᠷᠭᠡᠶᠢᠯᠡᠨ ᠬᠠᠮᠠᠭᠠᠯᠠᠬᠤ ᠪᠣᠯᠪᠠᠰᠤᠷᠠᠭᠤᠯᠤᠯ ᠬᠢᠬᠦ ᠶᠢ ᠴᠢᠩᠭᠠᠳᠬᠠᠵᠤ᠂ ᠡᠯ᠎ᠡ ᠲᠥᠷᠥᠯ ᠤᠨ ᠰᠠᠴᠤᠷᠠᠭ ᠤᠨ ᠠᠳᠡᠯ ᠪᠣᠯᠤᠨ ᠭᠡᠨᠡᠳᠲᠡ ᠶᠢᠨ ᠬᠡᠷᠡᠭ ᠡᠭᠦᠰᠬᠦ ᠶᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠵᠦ᠂ ᠰᠠᠴᠤᠷᠠᠭ ᠤᠨ ᠠᠮᠤᠷ ᠲᠦᠪᠰᠢᠨ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃      ᠥᠪᠥᠷ ᠮᠣᠩᠭᠤᠯ ︽ᠣᠶᠣᠨᠴᠢᠯᠠᠬᠤ᠂ ᠵᠣᠬᠢᠴᠠᠭᠤᠯᠬᠤ᠂ ᠵᠡᠷᠭᠡᠪᠡᠷ ᠤᠷᠤᠭᠰᠢᠯᠠᠬᠤ︾ ᠴᠥᠮ᠎ᠡ ᠶᠢᠨ ᠠᠮᠤᠷ ᠲᠦᠪᠰᠢᠨ ᠤ ᠦᠵᠡᠯᠲᠡ ᠪᠠᠷ ᠵᠢᠯᠣᠭᠤᠳᠣᠯᠭ᠎ᠠ ᠪᠣᠯᠭᠠᠵᠤ᠂ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠠᠶᠤᠯ ᠦᠭᠡᠢ ᠪᠠᠶᠢᠬᠤ ᠶᠢ ᠲᠡᠷᠢᠭᠦᠨ ᠳᠤ ᠲᠠᠯᠪᠢᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ᠂ ᠡᠯ᠎ᠡ ᠲᠦᠷᠦᠯ ᠤᠨ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠢ ᠢᠯᠡᠷᠡᠭᠦᠯᠬᠦ ᠪᠠ ᠠᠷᠢᠯᠭᠠᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠠᠴᠤᠷᠠᠭ ᠤᠨ ᠠᠮᠤᠷ ᠲᠦᠪᠰᠢᠨ ᠪᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠴᠤᠷᠠᠭ ᠡᠭᠦᠰᠭᠡᠭᠴᠢ ᠬᠤᠯᠠᠭᠠᠶᠢᠯᠠᠭᠳᠠᠬᠤ ᠂ ᠭᠡᠭᠡᠭᠳᠡᠬᠦ᠂ ᠡᠵᠡᠮᠰᠢᠯ ᠢᠶᠠᠨ ᠠᠯᠳᠠᠬᠤ ᠵᠡᠷᠭᠡ ᠠᠳᠡᠯ ᠪᠣᠯᠤᠨ ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠵᠦ᠂ ᠬᠥᠮᠦᠨ ᠠᠮᠢᠲᠠᠨ ᠰᠠᠨᠠᠭᠠᠨ ᠳᠤ ᠦᠭᠡᠢ ᠰᠠᠴᠤᠷᠠᠭ ᠲᠤ ᠳᠤᠰᠤᠭᠳᠠᠬᠤ ᠠᠴᠠ ᠰᠡᠷᠭᠡᠶᠢᠯᠡᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号