ᠥᠪᠥᠷ ᠮᠣᠩᠭᠤᠯ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2018-07-12
     7 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ ︽ᠬᠡᠷᠡᠭᠵᠢᠭᠦᠯᠬᠦ ᠰᠠᠨᠠᠯ︾᠎ ᠤᠨ ᠶᠤᠰᠤᠭᠠᠷ᠂ ᠮᠠᠨ ᠤ ᠣᠷᠣᠨ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠰᠢᠰᠲ᠋ᠧᠮᠵᠢ ᠶᠢ ᠪᠦᠬᠦ ᠲᠠᠯ᠎ᠠ ᠪᠠᠷ ᠪᠦᠷᠢᠨᠰᠢᠭᠦᠯᠦᠨ᠂ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠠᠮᠤᠷ ᠲᠥᠪᠰᠢᠨ ᠤ ᠠᠳᠡᠯ ᠢ ᠰᠢᠶᠳᠪᠦᠷᠢᠯᠡᠬᠦ ᠪᠠ ᠠᠶᠤᠯ ᠲᠦᠭᠰᠢᠭᠦᠷᠢ ᠶᠢ ᠠᠷᠢᠯᠭᠠᠬᠤ ᠲᠣᠭᠲᠠᠴᠠ ᠶᠢ ᠪᠦᠷᠢᠨᠰᠢᠭᠦᠯᠬᠦ ᠪᠠᠷ ᠪᠣᠯᠪᠠ᠃ ︽ᠬᠡᠷᠡᠭᠵᠢᠭᠦᠯᠬᠦ ᠰᠠᠨᠠᠯ︾᠎ ᠳᠤ ᠪᠠᠰᠠ ᠣᠨᠴᠠᠭᠠᠶᠢᠯᠠᠨ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠠᠮᠤᠷ ᠲᠥᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠠᠷᠤᠳᠠᠯ ᠢ ᠲᠣᠭᠲᠠᠭᠠᠯ ᠶᠣᠰᠣᠭᠠᠷ ᠡᠩ ᠤᠨ ᠣᠯᠠᠨ ᠨᠡᠶᠢᠲᠡ ᠶᠢᠨ ᠲᠥᠰᠥᠪ ᠲᠤ ᠣᠷᠣᠭᠤᠯᠤᠨ᠂ ᠵᠦᠢ ᠵᠣᠬᠢᠰᠲᠠᠶ ᠵᠠᠷᠤᠯᠭ᠎ᠠ ᠶᠢ ᠪᠠᠲᠤᠯᠠᠬᠤ ᠬᠡᠷᠡᠭᠲᠡᠢ ᠭᠡᠵᠡᠢ᠃      ︽ᠬᠡᠷᠡᠭᠵᠢᠭᠦᠯᠬᠦ ᠰᠠᠨᠠᠯ︾᠎ ᠳᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ  ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠤᠰᠬᠠᠶ ᠲᠤᠰᠢᠶᠠᠯᠲᠤ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠡᠩᠨᠡᠭᠡ ᠶᠢ ᠪᠠᠶᠢᠭᠤᠯᠵᠤ᠂  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ᠂ ᠴᠠᠭᠳᠠᠭ᠎ᠠ ᠬᠢᠭᠡᠳ ᠰᠤᠷᠭᠠᠭᠤᠯᠢ ᠬᠠᠮᠲᠤᠷᠠᠯᠴᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠡᠳᠦᠷ ᠲᠤᠳᠤᠮ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠤᠷᠤᠭᠴᠢᠳ ᠤᠨ ᠳᠣᠷᠣᠮᠵᠢᠯᠠᠯ ᠪᠠ ᠬᠦᠴᠦᠷᠬᠡᠭᠯᠡᠯ ᠳᠤ ᠤᠴᠠᠷᠠᠬᠤ ᠦᠢᠯᠡ ᠠᠵᠢᠯᠯᠠᠭ᠎ᠠ ᠶᠢ ᠰᠡᠷᠭᠡᠶᠢᠯᠡᠨ ᠡᠵᠡᠮᠳᠡᠬᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠰᠤᠷᠭᠠᠭᠤᠯᠢ ᠪᠠ ᠰᠤᠷᠤᠭᠴᠢ ᠶᠢᠨ ᠠᠮᠤᠷ ᠲᠦᠪᠰᠢᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠎ ᠳᠤ ᠴᠢᠩᠭ᠎ᠠ ᠴᠣᠬᠢᠯᠲᠠ ᠥᠭᠴᠦ᠂ ᠥᠷᠭᠡᠨ ᠳᠡᠯᠭᠡᠷ ᠢᠶᠠᠷ ᠣᠷᠣᠯᠴᠠᠭᠰᠠᠨ ᠰᠤᠷᠤᠭᠴᠢᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠎ ᠢ ᠪᠣᠢ ᠪᠣᠯᠭᠠᠬᠤ ᠬᠡᠷᠡᠭᠲᠡᠢ ᠭᠡᠵᠦ ᠳᠤᠷᠠᠳᠴᠠᠢ᠃      ᠨᠡᠶᠢᠭᠡᠮ ᠳᠠᠶᠠᠭᠠᠷ ᠢᠶᠠᠷ ᠢᠶᠠᠨ ᠨᠡᠯᠢᠶᠡᠳ ᠠᠩᠬᠠᠷᠴᠤ ᠪᠠᠶᠢᠭ᠎ᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠎ ᠤᠨ ᠠᠰᠠᠭᠤᠳᠠᠯ ᠤᠨ ᠲᠠᠯ᠎ᠠ ᠪᠠᠷ᠂ ︽ᠬᠡᠷᠡᠭᠵᠢᠭᠦᠯᠬᠦ ᠰᠠᠨᠠᠯ︾᠎ ᠳᠤ ᠰᠤᠷᠭᠠᠭᠤᠯᠢ ᠨᠤᠭᠤᠳ ᠰᠤᠷᠭᠠᠨ ᠬᠥᠮᠥᠵᠢᠭᠦᠯᠬᠦ᠂ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠰᠤᠷᠤᠭᠴᠢᠳ ᠤᠨ ᠲᠤᠰᠠᠯᠠᠮᠵᠢ ᠭᠤᠶᠤᠬᠤ ᠤᠲᠠᠰᠤ ᠪᠣᠯᠤᠨ ᠬᠠᠷᠢᠯᠴᠠᠬᠤ ᠬᠥᠮᠦᠨ ᠲᠣᠬᠢᠷᠠᠭᠤᠯᠤᠨ᠂ ᠳᠣᠷᠤᠮᠵᠢᠯᠠᠬᠤ᠂ ᠬᠦᠴᠦᠷᠬᠡᠭᠯᠡᠬᠦ ᠦᠢᠯᠡ ᠠᠵᠢᠯᠯᠠᠭ᠎ᠠ ᠶᠢ ᠡᠷᠲᠡ ᠠᠴᠠ ᠮᠡᠳᠡᠵᠦ ᠡᠷᠲᠡᠬᠡᠨ ᠭᠠᠷ ᠳᠦᠷᠦᠬᠦ ᠪᠠ ᠬᠤᠷᠢᠭᠯᠠᠨ ᠵᠣᠭᠰᠣᠭᠠᠬᠤ ᠬᠡᠷᠡᠭᠲᠡᠶ᠃ ᠮᠠᠭᠤ ᠦᠢᠯᠡ ᠠᠵᠢᠯᠯᠠᠭ᠎ᠠ᠂ ᠬᠦᠴᠦᠷᠬᠡᠭᠯᠡᠯ ᠤᠨ ᠦᠢᠯᠡ ᠠᠵᠢᠯᠯᠠᠭ᠎ᠠ ᠲᠠᠢ ᠰᠤᠷᠤᠭᠴᠢ ᠶᠢ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠤᠨ ᠠᠷᠠᠳ ᠤᠨ ᠴᠠᠭᠳᠠᠭ᠎ᠠ ᠪᠤᠶᠤ ᠬᠠᠤᠯᠢ ᠪᠠᠷ ᠵᠠᠰᠠᠬᠤ ᠳᠡᠳ᠋ ᠵᠠᠬᠢᠷᠤᠯ᠂ ᠬᠠᠪᠰᠤᠷᠤᠨ ᠵᠢᠯᠣᠭᠤᠳᠣᠭᠴᠢ ᠠᠴᠠ ᠰᠤᠷᠭᠠᠨ ᠵᠠᠯᠬᠠᠭᠠᠬᠤ ᠬᠡᠷᠡᠭᠲᠡᠶ᠃ ᠬᠦᠴᠦᠷᠬᠡᠭᠯᠡᠯ ᠤᠨ ᠦᠢᠯᠡ ᠠᠵᠢᠯᠯᠠᠭ᠎ᠠ ᠶᠢᠨ ᠪᠠᠶᠢᠳᠠᠯ ᠨᠢ ᠬᠦᠨᠳᠦ ᠨᠣᠴᠢᠲᠠᠶ᠂ ᠬᠠᠤᠯᠢ ᠶᠢ ᠵᠥᠷᠢᠴᠡᠵᠦ ᠶᠠᠯ᠎ᠠ ᠳᠤ ᠬᠦᠷᠦᠭᠰᠡᠨ ᠰᠤᠷᠤᠭᠴᠢ ᠶᠢ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠎ ᠠᠴᠠ ᠠᠭᠤᠴᠢᠯᠠᠨ  ᠪᠠᠭᠲᠠᠭᠠᠬᠤ ᠪᠣᠯᠪᠠᠴᠤ ᠳᠤᠷ᠎ᠠ ᠪᠠᠷ ᠨᠢ ᠲᠠᠯᠪᠢᠬᠤ ᠦᠭᠡᠢ᠂ ᠬᠠᠶᠢᠷᠠᠯᠠᠬᠤ ᠮᠥᠷᠲᠡᠭᠡᠨ ᠴᠢᠩᠭ᠎ᠠ ᠬᠠᠮᠢᠶᠠᠷᠬᠤ ᠵᠠᠷᠴᠢᠮ ᠢ ᠪᠠᠷᠢᠮᠲᠠᠯᠠᠨ᠂ ᠲᠤᠰᠬᠠᠶ ᠪᠠᠶᠢᠭᠤᠯᠤᠮᠵᠢ ᠪᠤᠶᠤ ᠲᠤᠰᠬᠠᠶ ᠬᠥᠮᠦᠨ ᠢ ᠵᠢᠭᠠᠨ ᠲᠣᠭᠲᠠᠭᠠᠵᠤ ᠬᠠᠤᠯᠢ ᠶᠣᠰᠣᠭᠠᠷ ᠰᠢᠢᠳᠪᠦᠷᠢᠯᠡᠬᠦ᠂ ᠢᠯᠠᠩᠭᠤᠶ᠎ᠠ ᠶᠠᠯᠠᠲᠤ ᠠᠵᠢᠯᠯᠠᠭ᠎ᠠ ᠶᠢᠨ ᠰᠢᠨᠵᠢ ᠴᠢᠨᠠᠷ ᠪᠣᠯᠤᠨ ᠦᠢᠯᠡ ᠪᠠᠶᠢᠳᠠᠯ ᠠᠷᠭ᠎ᠠ ᠬᠢᠳᠡᠯ ᠨᠢ ᠬᠠᠷ᠎ᠠ ᠬᠤᠣᠷᠲᠠᠶ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ᠂ ᠡᠷᠬᠡᠪᠰᠢ ᠬᠠᠤᠯᠢ ᠶᠣᠰᠣᠭᠠᠷ ᠡᠷᠡᠰ ᠰᠢᠳᠬᠡᠵᠦ᠂ ᠵᠥᠪ ᠲᠠᠯ᠎ᠠ ᠠᠴᠠ ᠢᠳᠡᠪᠬᠢᠲᠡᠶ ᠬᠥᠮᠦᠵᠢᠭᠦᠯᠬᠦ ᠦᠢᠯᠡᠳᠦᠯ ᠢ ᠪᠤᠢ ᠪᠣᠯᠭᠠᠬᠤ ᠬᠡᠷᠡᠭᠲᠡᠶ᠃ ᠡᠭᠦᠨ ᠤ ᠵᠡᠷᠭᠡᠴᠡᠪᠡᠷ ᠲᠣᠣᠷ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠦᠯᠵᠢᠶᠡᠨ ᠳᠡᠭᠡᠷ᠎ᠡ ᠳᠣᠷᠣᠮᠵᠢᠯᠠᠯ ᠪᠤᠶᠤ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠤᠨ ᠬᠡᠷᠡᠭ ᠢ ᠤᠯᠠᠮᠵᠢᠯᠠᠵᠤ ᠪᠠᠶᠢᠭ᠎ᠠ ᠶᠢ ᠴᠠᠭ ᠲᠣᠬᠠᠢ ᠳᠤᠨᠢ ᠣᠯᠵᠤ ᠮᠡᠳᠡᠪᠡᠯ᠂ ᠲᠣᠣᠷ ᠰᠦᠯᠵᠢᠶᠡᠨ ᠎ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠨ ᠬᠠᠮᠢᠶᠠᠷᠤᠨ ᠡᠵᠡᠮᠳᠡᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃      ᠲᠡᠷᠠᠭ᠎ᠠ ᠠᠯᠬᠤᠮ ᠳᠤ᠂ ᠮᠠᠨ ᠤ ᠣᠷᠣᠨ ︽ᠬᠡᠷᠡᠭᠵᠢᠭᠦᠯᠬᠦ ᠰᠠᠨᠠᠯ︾᠎ ᠢ ᠤᠬᠠᠭᠤᠯᠤᠨ ᠲᠤᠤᠱᠯᠠᠭᠤᠯᠤᠨ  ᠨᠠᠶᠢᠳᠠᠪᠤᠷᠢᠵᠢᠭᠤᠯᠬᠤ ᠪᠠᠷ ᠭᠤᠤᠯ ᠪᠣᠯᠭᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠤᠷᠭᠠᠭᠤᠯᠢ ᠶᠢᠨ ᠠᠮᠤᠷ ᠲᠥᠪᠰᠢᠨ ᠤ ᠬᠠᠮᠢᠶᠠᠷᠤᠯᠲᠠ ᠳᠠᠬᠢ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠠᠬᠢᠭᠤᠯᠤᠨ ᠨᠠᠶᠢᠳᠠᠪᠤᠷᠢᠵᠢᠭᠤᠯᠵᠤ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠶᠢ ᠴᠢᠨᠠᠭᠰᠢᠳᠠ ᠠᠬᠢᠭᠤᠯᠤᠨ᠂ ᠠᠮᠤᠷ ᠲᠦᠪᠰᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠮᠤᠷ ᠲᠥᠪᠰᠢᠨ ᠤ ᠬᠥᠮᠦᠵᠢᠯ ᠪᠣᠯᠪᠠᠰᠤᠷᠠᠭᠤᠯᠤᠯ ᠬᠢᠬᠦ ᠶᠢ ᠥᠷᠭᠦᠯᠵᠢᠯᠡᠨ ᠠᠬᠢᠭᠤᠯᠵᠤ᠂ ᠪᠠᠶᠢᠭᠤᠯᠤᠯ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠶ᠂ ᠠᠵᠢᠯᠯᠠᠭᠠᠨ ᠨᠢ ᠤᠷᠤᠭᠰᠢᠲᠠᠶ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ  ᠪᠠᠶᠢᠭᠤᠯᠵᠤ᠂ ᠬᠥᠮᠦᠨ ᠢ ᠬᠥᠮᠦᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠪᠠ ᠰᠤᠷᠤᠭᠴᠢᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠤᠶᠢᠵᠢᠬᠤ ᠳᠤ ᠢᠳᠡᠪᠬᠢᠲᠡᠶ ᠴᠢᠷᠮᠠᠶᠢᠯᠭ᠎ᠠ ᠭᠠᠷᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号