ᠮᠠᠨ ᠤ ᠤᠷᠤᠨ ᠦᠶᠡᠷ ᠢ ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ IV ᠳᠡᠰ ᠤᠨ ᠲᠤᠰᠬᠠᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2018/7/13
     ᠮᠠᠨ ᠤ ᠤᠷᠤᠨ 7 ᠳ᠋ᠤᠭᠠᠷ ᠰᠠᠷ᠎ᠠ ᠶᠢᠨ 12 ᠤᠨ ᠡᠳᠦᠷ ᠤᠨ 10 ᠴᠠᠭ ᠠᠴᠠ ᠡᠬᠢᠯᠡᠨ ᠦᠶᠡᠷ ᠢ ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ IV ᠳᠡᠰ ᠤᠨ ᠲᠤᠰᠬᠠᠯ ᠢ ᠡᠬᠢᠯᠡᠭᠦᠯᠪᠡ᠃ ᠤᠶᠢᠷ᠎ᠠ ᠶᠢᠨ ᠡᠳᠦᠷ ᠵᠠᠯᠭᠠᠭ᠎ᠠ ᠪᠠᠷ ᠪᠤᠷᠤᠭᠠᠨ ᠤᠷᠤᠭᠰᠠᠨ ᠨᠦᠯᠦᠭᠡ ᠪᠠᠷ᠂ ᠬᠠᠳᠤᠨ ᠭᠤᠤᠯ ᠤᠨ ᠳᠡᠭᠡᠳᠤ ᠤᠷᠤᠰᠬᠠᠯ ᠳᠤ ᠡᠨᠡ ᠵᠢᠯ ᠤᠨ 1 ᠳ᠋ᠦ᠋ᠭᠡᠷ ᠲᠣᠭᠠᠲᠤ ᠦᠶᠡᠷ ᠡᠭᠦᠰᠴᠠᠢ᠃ 7 ᠳ᠋ᠤᠭᠠᠷ ᠰᠠᠷ᠎ᠠ ᠶᠢᠨ 3 ᠤ ᠡᠳᠦᠷ ᠠᠴᠠ ᠨᠠᠰᠢ᠂ ᠬᠠᠳᠤᠨ ᠭᠤᠤᠯ ᠤᠨ ᠮᠠᠨ ᠤ ᠤᠷᠤᠨ ᠤ ᠬᠢᠯᠢ ᠳᠤ ᠤᠷᠤᠵᠤ ᠢᠷᠡᠭᠰᠡᠨ ᠤᠷᠤᠰᠬᠠᠯ ᠤᠨ ᠬᠡᠮᠵᠢᠶ᠎ᠠ ᠰᠧᠺᠦ᠋ᠨ᠋ᠳ᠋ ᠪᠦᠷᠢ 1500 ᠪᠤᠰᠤᠭ᠎ᠠ ᠳᠦᠷᠪᠡᠯᠵᠢᠨ ᠮᠧᠲᠷ ᠲᠤ ᠬᠦᠷᠦᠭᠰᠡᠨ ᠪᠦᠭᠡᠳ ᠳᠡᠭᠡᠳᠦ ᠤᠷᠤᠰᠬᠠᠯ ᠠᠴᠠ ᠢᠷᠡᠬᠦ ᠤᠰᠤᠨ ᠤ ᠬᠡᠮᠵᠢᠶ᠎ᠠ ᠮᠦᠨ ᠬᠦ ᠨᠡᠮᠡᠭᠳᠡᠵᠤ ᠪᠠᠶᠢᠨ᠎ᠠ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠯ︾ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠮᠠᠨ ᠤ ᠤᠷᠤᠨ ᠦᠶᠡᠷ ᠢ ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ IV ᠳᠡᠰ ᠤᠨ ᠲᠤᠰᠬᠠᠯ ᠢ ᠡᠬᠢᠯᠡᠭᠦᠯᠦᠭᠰᠡᠨ ᠪᠠᠶᠢᠨ᠎ᠠ᠃ ᠤᠳᠤᠬᠠᠨ ᠳᠤ᠂ ᠮᠠᠨ ᠤ ᠤᠷᠤᠨ ᠨᠢᠭᠡᠨᠳᠡ ᠦᠶᠡᠷᠯᠡᠬᠦ ᠭᠤᠤᠯ ᠬᠤᠭᠤᠴᠠᠭᠠᠨ ᠳᠤ ᠤᠷᠤᠵᠤ᠂ ᠦᠶᠡᠷ ᠤᠨ ᠪᠠᠶᠢᠳᠠᠯ ᠭᠠᠩ ᠤᠨ ᠪᠠᠶᠢᠳᠠᠯ ᠵᠡᠷᠭᠡ ᠪᠠᠷ ᠤᠷᠤᠰᠢᠵᠤ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠯ ᠤᠨ ᠲᠤᠭᠳᠠᠭᠠᠯ ᠶᠤᠰᠤᠭᠠᠷ᠂ ᠬᠤᠪᠢᠷᠠᠯᠳᠠ ᠶᠢ ᠰᠠᠶᠢᠲᠤᠷ ᠠᠩᠬᠠᠷᠴᠤ᠂ ᠪᠦᠬᠦ ᠲᠠᠯ᠎ᠠ ᠪᠠᠷ ᠵᠤᠬᠢᠴᠠᠭᠤᠯᠤᠨ ᠪᠠᠶᠢᠷᠢᠯᠠᠭᠤᠯᠬᠤ ᠬᠡᠷᠡᠭᠳᠠᠢ᠃ ᠦᠶᠡᠷ ᠢ ᠰᠡᠷᠭᠡᠶᠢᠯᠡᠬᠦ ᠬᠠᠷᠢᠭᠤᠴᠠᠯᠭᠠᠳᠠᠨ ᠠᠵᠢᠯ ᠤᠨ ᠪᠠᠶᠢᠷᠢ ᠪᠠᠨ ᠰᠠᠬᠢᠵᠤ᠂ ᠡᠮᠦᠨ᠎ᠠ ᠹᠷᠤᠨᠲ ᠳᠤ ᠭᠦᠨᠵᠡᠭᠡᠶᠢᠷᠡᠨ ᠵᠢᠯᠤᠭᠤᠳᠬᠤ ᠶᠢᠨ ᠬᠠᠮᠳᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠬᠢᠬᠦ᠂ ᠦᠶᠡᠷ ᠤᠨ ᠪᠠᠶᠢᠳᠠᠯ ᠢ ᠬᠢᠨᠠᠨ ᠬᠡᠮᠵᠢᠬᠦ᠂ ᠬᠠᠰᠢᠯᠭ᠎ᠠ ᠶᠢᠨ ᠲᠤᠭᠤᠷᠢᠨ ᠪᠠᠶᠢᠴᠠᠭᠠᠬᠤ ᠶᠢ ᠴᠢᠩᠭᠠᠳᠬᠠᠵᠤ᠂ ᠲᠦᠭᠰᠢᠬᠦᠷᠢ ᠳᠤ ᠤᠴᠠᠷᠠᠵᠤ ᠪᠠᠶᠢᠭ᠎ᠠ ᠤᠷᠤᠨ ᠪᠦᠰᠡ ᠶᠢᠨ ᠤᠯᠠᠨ ᠲᠦᠮᠡᠨ ᠢ ᠤᠷᠢᠳᠴᠢᠯᠠᠨ ᠨᠡᠭᠦᠯᠭᠡᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠳᠠᠢ ᠭᠡᠵᠤ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号