ᠥᠪᠥᠷ ᠮᠣᠩᠭᠤᠯ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠬᠡᠷ ᠪᠦᠯᠢ ᠶᠢᠨ ᠡᠮᠨᠡᠯᠭᠡ ᠶᠢᠨ ᠦᠢᠯᠡᠴᠢᠯᠡᠭᠡ ᠶᠢ ᠳᠡᠮᠵᠢᠵᠦ ᠪᠤᠢ
ᠨᠡᠶᠢᠲᠡᠯᠡᠭᠰᠡᠨ ᠴᠠᠭ᠄
2018/7/13
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ 2018 ᠣᠨ ᠤ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠠᠶᠢᠮᠠᠭ ᠬᠤᠳᠠ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠭᠤᠷᠪᠠᠳᠤᠭᠠᠷ ᠳᠡᠰ  ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠶᠤ ᠨᠥᠬᠦᠴᠡᠯ ᠪᠦᠬᠦᠢ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠲᠠᠢ ᠰᠠᠨᠠᠭᠠᠴᠢᠯᠠᠭ᠎ᠠ ᠠᠴᠠ ᠪᠠᠨ ᠬᠤᠯᠪᠣᠭ᠎ᠠ ᠪᠠᠷᠢᠵᠤ᠂ ᠵᠠᠰᠠᠭ ᠤᠨ ᠣᠷᠳᠣᠨ ᠤ ᠡᠷᠬᠢᠯᠡᠭᠰᠡᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ ᠪᠦᠬᠦᠨ ᠢ ᠬᠤᠲᠠ ᠶᠢᠨ ᠡᠮ ᠡᠮᠨᠡᠯᠭᠡ ᠶᠢᠨ ᠪᠦᠯᠦᠭᠯᠡᠯ ᠳᠤ ᠣᠷᠣᠭᠤᠯᠵᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ  ᠶᠢ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠡᠮ ᠡᠮᠨᠡᠯᠭᠡ ᠶᠢᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠱᠠᠭᠠᠷᠳᠠᠪᠠ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠪᠦᠬᠦ ᠣᠷᠣᠨ ᠤ ᠬᠤᠰᠢᠭᠤ ᠰᠢᠶᠠᠨ ︵ᠬᠤᠳᠠ᠂ ᠲᠣᠭᠤᠷᠢᠭ︶ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠥᠳᠥᠭᠡᠨ ᠪᠠᠶᠢᠭᠤᠯᠤᠯᠲᠠ ᠪᠠ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ ᠠᠵᠢᠯ ᠲᠠᠢ ᠪᠠᠨ ᠤᠶᠠᠯᠳᠤᠭᠤᠯᠤᠨ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠳᠤ ᠳᠣᠲᠣᠷ ᠡᠮᠨᠡᠯᠭᠡ ᠶᠢᠨ ᠰᠠᠯᠠᠭ᠎ᠠ᠂ ᠭᠠᠳᠠᠷ ᠡᠮᠨᠡᠯᠭᠡ ᠶᠢᠨ ᠰᠠᠯᠠᠭ᠎ᠠ᠂ ᠬᠥᠩᠭᠡᠵᠢᠭᠦᠯᠦᠯ ᠤᠨ ᠰᠠᠯᠠᠭ᠎ᠠ᠂ ᠬᠡᠦᠬᠡᠳ ᠤᠨ ᠡᠮᠨᠡᠯᠭᠡ ᠶᠢᠨ ᠰᠠᠯᠠᠭ᠎ᠠ᠂ ᠵᠢᠷᠦᠬᠡᠨ ᠤ ᠳᠣᠲᠣᠷ ᠰᠠᠯᠠᠭ᠎ᠠ᠂ ᠳᠣᠲᠣᠭᠠᠳᠤ ᠰᠢᠭᠦᠷᠡᠯᠲᠡ ᠶᠢᠨ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ ᠵᠡᠷᠭᠡ ᠰᠠᠯᠠᠭ᠎ᠠ ᠲᠠᠰᠤᠭ ᠤᠨ ᠭᠤᠣᠯ ᠡᠮᠴᠢ ᠵᠢᠴᠢ ᠲᠡᠭᠦᠨ ᠠᠴᠠ ᠳᠡᠭᠡᠭᠰᠢ ᠮᠡᠷᠭᠡᠵᠢᠯ ᠤᠨ ᠴᠣᠯᠠ ᠲᠠᠢ ᠬᠥᠮᠥᠰ ᠢᠶᠠᠷ ᠪᠦᠷᠢᠯᠳᠦᠭᠰᠡᠨ ᠳᠤᠰᠠᠬᠠᠢ ᠡᠮᠨᠡᠯᠭᠡ ᠶᠢᠨ ᠦᠢᠯᠡᠴᠢᠯᠡᠭᠡ ᠶᠢᠨ ᠪᠦᠯᠬᠦᠮ ᠪᠠᠶᠢᠭᠤᠯᠵᠤ᠂ ᠬᠠᠷᠢᠶ᠎ᠠ ᠣᠷᠣᠨ ᠪᠤᠶᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠤᠲᠤᠭᠠᠳᠤᠬᠢ ᠦᠨᠳᠦᠰᠦᠨ ᠱᠠᠲᠤᠨ ᠤ ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠲᠠᠢ ᠬᠤᠯᠪᠣᠭ᠎ᠠ ᠪᠠᠷᠢᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠡᠪᠡᠳᠴᠢᠨ ᠦᠵᠡᠬᠦ᠂ ᠤᠵᠢᠭ ᠴᠢᠨᠠᠷᠲᠠᠶ ᠡᠪᠡᠳᠴᠢᠨ ᠢ ᠬᠠᠮᠲᠤᠷᠠᠨ ᠦᠵᠡᠬᠦ ᠡᠭᠦᠳᠡᠨ ᠡᠮᠨᠡᠯᠭᠡ ᠪᠠᠶᠢᠭᠤᠯᠬᠤ᠂ ᠠᠯᠤᠰ ᠠᠴᠠ ᠣᠨᠣᠰᠢᠯᠠᠨ ᠡᠮᠴᠢᠯᠡᠬᠦ᠂ ᠰᠢᠯᠵᠢᠭᠦᠯᠦᠨ ᠡᠮᠨᠡᠬᠦ ᠶᠢ ᠬᠦᠯᠢᠶᠡᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠮᠠᠳᠠᠭᠲᠠᠢ ᠡᠪᠡᠳᠴᠢᠨ᠂ ᠣᠨᠣᠰᠢᠯᠠᠬᠤ ᠳᠤ ᠲᠦᠪᠡᠭᠲᠡᠢ ᠬᠦᠴᠢᠷ ᠡᠪᠡᠳᠴᠢᠲᠡᠨ ᠤ ᠭᠡᠷᠡᠲᠦ ᠡᠮᠨᠡᠯᠭᠡ ᠶᠢᠨ ᠦᠢᠯᠡᠴᠢᠯᠡᠭᠡ ᠳᠤ ᠣᠷᠣᠯᠴᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ᠂ ᠮᠡᠳᠡᠷᠡᠯ ᠤᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠤᠰ ᠲᠤᠰ ᠲᠤᠰᠬᠠᠶ ᠡᠮᠴᠢᠯᠡᠭᠡᠨ ᠤ ᠪᠦᠯᠬᠦᠮ ᠢ ᠪᠠᠶᠢᠭᠤᠯᠵᠤ᠂ ᠣᠷᠣᠨ ᠬᠡᠰᠡᠭ ᠬᠤᠪᠢᠶᠠᠬᠤ ᠪᠠ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠵᠢᠷᠮᠦᠰᠦᠨ ᠪᠠ ᠬᠥᠩᠭᠡᠵᠢᠬᠦ ᠡᠮᠡᠭᠲᠡᠶ᠂ ᠬᠡᠦᠬᠡᠳ᠂ ᠰᠦᠷᠢᠶ᠎ᠡ ᠡᠪᠡᠳᠴᠢᠲᠡᠨ ᠪᠠ ᠬᠦᠨᠳᠦ ᠨᠣᠴᠢᠲᠠᠶ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠭᠡᠷᠡᠲᠦ ᠦᠢᠯᠡᠴᠢᠯᠡᠭᠡ ᠳᠤ ᠪᠦᠬᠦ ᠲᠠᠯ᠎ᠠ ᠪᠠᠷ ᠣᠷᠣᠯᠴᠠᠬᠤ ᠬᠡᠷᠡᠭᠲᠡᠢ᠃ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠨᠢ ᠶᠡᠷᠦᠩᠬᠡᠶ ᠰᠠᠯᠠᠭ᠎ᠠ ᠪᠤᠶᠤ ᠪᠤᠰᠤᠳ ᠰᠠᠯᠠᠭ᠎ᠠ ᠲᠠᠰᠤᠭ ᠢ ᠵᠢᠭᠠᠨ ᠲᠣᠭᠲᠠᠭᠠᠬᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠠᠵᠢᠯ ᠯᠤᠭ᠎ᠠ ᠵᠣᠯᠭᠠᠭᠤᠯᠵᠤ᠂ ᠦᠨᠳᠦᠰᠦᠨ ᠱᠠᠲᠤᠨ ᠤ ᠡᠮᠨᠡᠯᠭᠡ ᠰᠢᠯᠵᠢᠨ ᠡᠮᠨᠡᠭᠦᠯᠬᠦ ᠭᠡᠷᠡᠲᠦ ᠡᠪᠡᠳᠴᠢᠲᠡᠨ ᠳᠤ ᠤᠷᠢᠳᠠᠪᠠᠷ ᠡᠭᠦᠳᠡᠨ ᠡᠮᠨᠡᠯᠭᠡ ᠳᠤ ᠦᠵᠡᠭᠦᠯᠬᠦ᠂ ᠤᠷᠢᠳᠠᠪᠠᠷ ᠲᠤᠮᠤ ᠬᠡᠯᠪᠡᠷᠢ ᠶᠢᠨ ᠲᠥᠬᠦᠭᠡᠷᠦᠮᠵᠢ ᠪᠠᠷ ᠪᠠᠶᠢᠴᠠᠭᠠᠬᠤ᠂ ᠤᠷᠢᠳᠠᠪᠠᠷ ᠡᠮᠨᠡᠯᠭᠡ ᠳᠤ ᠰᠠᠭᠤᠯᠭᠠᠬᠤ᠂ ᠤᠷᠢᠳᠠᠪᠠᠷ ᠮᠡᠰᠡ ᠵᠠᠰᠠᠯ ᠬᠢᠬᠦ ᠵᠡᠷᠭᠡ ᠦᠢᠯᠡᠴᠢᠯᠡᠭᠡ ᠶᠢ ᠬᠠᠩᠭᠠᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠳ᠋ᠤᠭᠠᠷ ᠢ ᠬᠡᠷ ᠪᠦᠯᠢ ᠶᠢᠨ ᠡᠮᠴᠢ ᠳᠤ ᠬᠠᠩᠭᠠᠵᠤ᠂ ᠭᠡᠷᠡᠲᠦ ᠰᠠᠭᠤᠭᠠᠯᠢ ᠠᠷᠠᠳ ᠤᠨ ᠴᠠᠭ ᠲᠤᠬᠠᠶ ᠳᠠᠭᠠᠨ ᠳ᠋ᠤᠭᠠᠷᠯᠠᠬᠤ ᠳᠤᠨᠢ ᠳᠥᠭᠦᠮ ᠦᠵᠡᠭᠦᠯᠵᠦ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠦᠨᠡᠨ ᠪᠣᠳᠠᠲᠠᠶ ᠪᠠᠷ ᠰᠠᠶᠢᠲᠤᠷ ᠬᠢᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠡᠮ ᠡᠮᠨᠡᠯᠭᠡ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号