ᠬᠥᠯᠥᠨ ᠪᠤᠶᠢᠷ ᠬᠤᠲᠠ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2018/7/13
     ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤᠨ ᠤ ᠵᠠᠰᠠᠬᠤ ᠰᠢᠰᠲ᠋ᠧᠮᠵᠢ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠦᠯᠦᠭᠡ᠂ ᠡᠨᠡ ᠵᠢᠯ ᠤᠨ 3 ᠳ᠋ᠤᠭᠠᠷ ᠰᠠᠷ᠎ᠠ ᠳᠤ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠬᠥᠯᠥᠨ ᠪᠤᠶᠢᠷ ᠬᠤᠲᠠ ᠶᠢᠨ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠵᠢᠯ ᠤᠨ ᠲᠥᠰᠦᠯ︾ ᠢ ᠬᠠᠮᠲᠤᠷᠠᠨ ᠲᠠᠷᠬᠠᠭᠠᠪᠠ᠃      ᠠᠵᠢᠯ ᠤᠨ ᠲᠦᠰᠦᠯ ᠳᠤ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠶᠢᠨ  ᠪᠠᠶᠢᠭᠤᠯᠤᠯᠲᠠ ᠶᠢ ᠴᠢᠩᠭᠠᠳᠬᠠᠬᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ ᠶᠢ ᠲᠤᠳᠤᠷᠬᠠᠢ ᠳᠤᠷᠠᠳᠴᠤ᠂ ᠭᠤᠣᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠴᠠᠭ ᠬᠤᠭᠤᠴᠠᠭᠠᠨ ᠤ ᠲᠤᠬᠢᠷᠠᠭᠤᠯᠤᠯᠲᠠ ᠶᠢ ᠨᠠᠷᠢᠯᠢᠭᠵᠢᠭᠤᠯᠵᠠᠢ᠃ ︽ᠲᠦᠰᠦᠯ ᠤᠨ ᠱᠠᠭᠠᠷᠳᠠᠯᠭ᠎ᠠ︾ ᠳᠤ ᠨᠢᠭᠡ ᠳᠤ ᠪᠠᠶᠢᠴᠠᠭᠠᠨ ᠰᠤᠳᠤᠯᠤᠯᠲᠠ ᠬᠢᠵᠦ᠂ ᠲᠥᠰᠦᠯ ᠲᠤᠭᠲᠠᠭᠠᠬᠤ ᠶᠢ ᠱᠠᠭᠠᠷᠳᠠᠵᠠᠢ᠃ ᠡᠨᠡ ᠡᠳᠦᠷ ᠠᠴᠠ ᠡᠬᠢᠯᠡᠨ 6 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠡᠯ᠎ᠡ ᠬᠤᠰᠢᠭᠤ ᠬᠤᠲᠠ ᠲᠣᠭᠤᠷᠢᠭ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠣᠳᠠᠲᠠᠶ ᠠᠵᠢᠯ ᠤᠨ ᠲᠥᠰᠦᠯ ᠲᠣᠭᠲᠠᠭᠠᠬᠤ ᠶᠢᠨ ᠬᠠᠮᠲᠤ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠭᠡᠵᠦ ᠱᠠᠭᠠᠷᠳᠠᠵᠠᠢ᠃ ᠬᠤᠶᠠᠷ ᠲᠤ ᠲᠤᠷᠰᠢᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠤᠷᠰᠢᠯᠭ᠎ᠠ ᠬᠤᠷᠠᠮᠳᠤᠭᠤᠯᠬᠤ ᠶᠢ ᠱᠠᠭᠠᠷᠳᠠᠵᠠᠢ᠃ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠲᠤᠰ ᠣᠨ ᠤ ᠡᠴᠦᠰ ᠪᠣᠯᠲᠠᠯ᠎ᠠ᠂ ᠡᠯ᠎ᠡ ᠬᠤᠲᠠ ᠶᠢᠨ ᠬᠠᠷᠢᠶ᠎ᠠ ᠪᠠᠯᠭᠠᠰᠤ᠂ ᠲᠥᠪ ᠪᠠᠯᠭᠠᠰᠤ᠂ ᠭᠤᠣᠯᠳᠠᠯᠭ᠎ᠠ ᠲᠠᠢ ᠪᠠᠯᠭᠠᠰᠤ ᠨᠤᠭᠤᠳ ᠰᠢᠶᠠᠩ ᠪᠠᠯᠭᠠᠰᠤ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠥᠷᠨᠢᠭᠦᠯᠦᠨ᠂ ᠠᠮᠵᠢᠯᠲᠠ ᠲᠠᠢ ᠲᠤᠷᠰᠢᠯᠭ᠎ᠠ ᠶᠢ ᠬᠤᠷᠠᠮᠳᠠᠭᠤᠯᠬᠤ ᠬᠡᠷᠡᠭᠲᠡᠢ ᠭᠡᠵᠦ ᠱᠠᠭᠠᠷᠳᠠᠵᠠᠢ᠃ ᠭᠤᠷᠪᠠ ᠳᠤ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠱᠠᠭᠠᠷᠳᠠᠵᠠᠢ᠃ 2019 ᠤᠨ ᠤ ᠵᠢᠯ ᠤᠨ ᠡᠬᠢᠨ ᠠᠴᠠ ᠡᠬᠢᠯᠡᠨ᠂ ᠪᠦᠬᠦ ᠬᠤᠲᠠ ᠶᠢᠨ ᠡᠯ᠎ᠡ ᠰᠤᠮᠤ ᠰᠢᠶᠠᠩ ᠪᠠᠯᠭᠠᠰᠤᠨ ᠳᠤ ᠰᠢᠶᠠᠩ ᠪᠠᠯᠭᠠᠰᠤ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠭᠦᠷᠭᠡ ᠴᠢᠳᠠᠪᠤᠷᠢ ᠨᠢ ᠰᠢᠨᠵᠢᠯᠡᠬᠦ ᠤᠬᠠᠭᠠᠨᠴᠢ᠂ ᠠᠵᠢᠯᠯᠠᠭᠠᠨ ᠨᠢ ᠡᠮᠬᠢ ᠵᠢᠷᠤᠮ ᠲᠠᠢ᠂ ᠪᠠᠲᠤᠯᠠᠭ᠎ᠠ ᠨᠢ ᠬᠦᠴᠦᠨ ᠲᠠᠢ᠂ ᠦᠢᠯᠡᠴᠢᠯᠡᠭᠡ ᠨᠢ ᠥᠨᠳᠥᠷ ᠪᠦᠲᠦᠮᠵᠢᠲᠡᠶ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠦᠷᠭᠡᠪᠴᠢᠯᠡᠨ ᠪᠣᠢ ᠪᠤᠯᠭᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号